ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠥᠮᠥᠷᠭᠡ ᠶᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2025/3/7
        ᠥᠪᠥᠷ ᠪᠠᠶᠢᠭᠤᠯᠤᠯᠲᠠ ᠪᠠᠷᠢᠮᠵᠢᠶ᠎ᠠ ᠵᠠᠬᠢᠳᠠᠯ ﹇2025﹈ 55 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ  ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ  ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ᠄    ᠡᠳᠦᠭᠡ ︽ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ  ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠥᠮᠥᠷᠭᠡ ᠶᠢ ᠰᠦᠯᠵᠢᠶᠡᠨ  ᠳᠤ ᠣᠷᠣᠭᠤᠯᠤᠨ ᠠᠵᠢᠯᠯᠠᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ  ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ ᠣᠷᠣᠨ ᠰᠠᠭᠤᠴᠠ ᠪᠠ ᠬᠤᠲᠠ ᠬᠥᠳᠡᠭᠡ  ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠪᠠᠷᠢᠮᠵᠢᠶ᠎ᠠ ᠮᠡᠳᠡᠭᠳᠡᠯ ﹇2025 ﹈ 41 ᠳ᠋ᠦᠭᠡᠷ ᠲᠣᠭᠠᠲᠤ︶ ᠢ ᠲᠠ  ᠨᠠᠷ ᠲᠤ ᠤᠯᠠᠮᠵᠢᠯᠠᠨ ᠶᠠᠪᠤᠭᠤᠯᠬᠤ ᠶᠢᠨ ᠬᠠᠮᠲᠤ ᠂ ᠮᠠᠨ  ᠤ ᠣᠷᠣᠨ ᠤ ᠪᠣᠳᠠᠲᠠᠶ  ᠯᠤᠭ᠎ᠠ ᠤᠶᠠᠯᠳᠤᠭᠤᠯᠤᠨ ᠳᠣᠤᠷᠠᠬᠢ ᠮᠡᠲᠦ ᠠᠵᠢᠯ ᠤᠨ ᠱᠠᠭᠠᠷᠳᠠᠯᠭ᠎ᠠ ᠳᠤᠷᠠᠳᠪᠠ ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃    ᠨᠢᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠥᠮᠥᠷᠭᠡ ᠶᠢᠨ ᠴᠢᠬᠤᠯᠠ ᠦᠢᠯᠡᠳᠦᠯ ᠢ ᠭᠦᠢᠴᠡᠳ ᠲᠠᠨᠢᠬᠤ ᠬᠡᠷᠡᠭᠲᠡᠢ    ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ  ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ  ᠤᠨ ᠬᠥᠮᠥᠷᠭᠡ ︵ᠳᠣᠷᠣᠭᠰᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠥᠮᠥᠷᠭᠡ︾ ᠭᠡᠵᠦ ᠲᠣᠪᠴᠢᠯᠠᠨ᠎ᠠ︶ ᠶᠢ ᠳᠡᠯᠭᠡᠷᠡᠭᠦᠯᠦᠨ ᠬᠡᠷᠡᠭᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ  ᠶᠢ ᠲᠦᠯᠬᠢᠨ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠠᠵᠢᠯ ᠲᠥᠷᠥᠯ ᠤᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠥᠮᠥᠷᠭᠡ ᠶᠢᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠤᠨ᠂ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠪᠦᠯᠬᠦᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠭᠤᠶᠤᠴᠢᠯᠠᠨ ᠮᠡᠳᠡᠭᠦᠯᠬᠦ ᠪᠠ ᠬᠡᠷᠡᠭᠯᠡᠬᠦ ᠳᠤ ᠣᠷᠣᠯᠴᠠᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠬᠤ ᠬᠡᠷᠡᠭᠲᠡᠶ᠃    ᠬᠤᠶᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠥᠮᠥᠷᠭᠡ ᠳᠤ ᠣᠷᠣᠭᠤᠯᠬᠤ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠬᠤ ᠬᠡᠷᠡᠭᠲᠡᠢ    ︵ᠨᠢᠭᠡ ︶ ᠵᠣᠬᠢᠶᠠᠨ ᠪᠠᠶᠢᠭᠤᠯᠵᠤ ᠬᠥᠮᠥᠷᠭᠡ ᠳᠤ ᠣᠷᠣᠭᠤᠯᠬᠤ ᠡᠷᠴᠢᠮ ᠢᠶᠠᠨ ᠴᠢᠩᠭᠠᠳᠬᠠᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ  ᠶᠢᠨ ᠲᠣᠪᠴᠢᠶ᠎ᠠ  ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠥᠮᠥᠷᠭᠡ ᠶᠢᠨ ᠴᠢᠳᠠᠮᠵᠢ ᠪᠠ ᠬᠡᠷᠡᠭᠯᠡᠬᠦ ᠠᠷᠭ᠎ᠠ ᠶᠢ ᠥᠷᠭᠡᠨ ᠢᠶᠠᠷ ᠤᠬᠠᠭᠤᠯᠵᠤ᠂ ᠲᠤᠰ ᠭᠠᠵᠠᠷ ᠣᠷᠣᠨ ᠤ ᠬᠠᠮᠢᠶ᠎ᠠ ᠪᠦᠬᠦᠢ ᠨᠢᠭᠡᠴᠢ ᠶᠢ ᠢᠳᠡᠪᠬᠢᠲᠡᠢ ᠵᠣᠬᠢᠶᠠᠨ ᠪᠠᠶᠢᠭᠤᠯᠵᠤ ᠪᠠᠶᠢᠭᠠᠳ ᠨᠥᠬᠦᠴᠡᠯ ᠳᠤ ᠨᠡᠶᠢᠴᠡᠬᠦ ᠰᠤᠳᠤᠯᠭᠠᠨ ᠤ ᠮᠡᠳᠡᠭᠦᠯᠦᠯᠲᠡ᠂ ᠡᠷᠳᠡᠮ ᠰᠢᠨᠵᠢᠯᠡᠭᠡᠨ ᠤ ᠥᠭᠦᠯᠡᠯ᠂ ᠬᠡᠷᠡᠭᠯᠡᠭᠡᠨ ᠤ ᠮᠡᠷᠭᠡᠵᠢᠯ ᠪᠠ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠲᠤᠭ᠎ᠠ ᠪᠠᠷᠢᠮᠲᠠ ᠶᠢᠨ ᠲᠣᠣᠷ︾ ︵https://mohurd.cstad.com.cn︶ ᠬᠥᠮᠥᠷᠭᠡ ᠳᠤ ᠣᠷᠣᠭᠤᠯᠬᠤ ᠪᠠᠷ ᠭᠤᠶᠤᠴᠢᠯᠠᠨ ᠮᠡᠳᠡᠭᠦᠯᠬᠦ ᠬᠡᠷᠡᠭᠲᠡᠢ᠃ ᠬᠥᠮᠥᠷᠭᠡ ᠳᠤ ᠣᠷᠣᠭᠤᠯᠬᠤ ᠪᠠᠷ ᠭᠤᠶᠤᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠮᠠᠲ᠋ᠧᠷᠢᠶᠠᠯ ᠨᠢ ᠦᠨᠡᠨ ᠪᠣᠳᠠᠲᠠᠢ᠂ ᠬᠦᠴᠦᠨ ᠲᠠᠢ ᠪᠠᠶᠢᠵᠤ᠂ ᠬᠠᠮᠢᠶ᠎ᠠ ᠪᠦᠬᠦᠢ ᠨᠢᠭᠤᠴᠠ ᠶᠢ ᠬᠠᠮᠠᠭᠠᠯᠠᠬᠤ ᠲᠣᠭᠲᠠᠭᠠᠯ ᠢ ᠵᠥᠷᠢᠴᠡᠭᠰᠡᠨ ᠦᠭᠡᠢ ᠪᠤᠶᠤ ᠪᠤᠰᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠᠶᠢᠳᠠᠯ ᠦᠭᠡᠢ ᠮᠥᠷᠲᠡᠭᠡᠨ ᠡᠷᠬᠡ ᠶᠢᠨ ᠬᠠᠷᠢᠶᠠᠯᠠᠯ ᠨᠢ ᠲᠣᠳᠣᠷᠬᠠᠢ᠂ ᠬᠠᠤᠯᠢ ᠴᠠᠭᠠᠵᠠ ᠶᠢᠨ ᠵᠢᠭᠤᠷᠠᠯᠳᠤᠭᠠᠨ ᠦᠭᠡᠢ ᠪᠠᠶᠢᠬᠤ ᠬᠡᠷᠡᠭᠲᠡᠢ᠃    ︵ᠬᠤᠶᠠᠷ︶ ᠬᠦᠳᠡᠯᠦᠩᠬᠦᠢ ᠪᠠᠷ ᠰᠢᠨᠡᠳᠬᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ  ᠨᠢ ᠲᠣᠰ ᠭᠠᠵᠠᠷ ᠣᠷᠣᠨ ᠤ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ  ᠢ ᠬᠥᠳᠡᠯᠦᠩᠭᠦᠶ ᠮᠥᠷᠳᠡᠬᠦ ᠲᠣᠭᠲᠠᠴᠠ ᠶᠢ ᠪᠠᠶᠢᠭᠤᠯᠵᠤ᠂ ᠰᠢᠯᠢᠳᠡᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠴᠠᠭ ᠲᠤᠬᠠᠶ ᠳᠤ ᠨᠢ ᠨᠥᠬᠦᠪᠥᠷᠢᠯᠡᠨ ᠰᠢᠨᠡᠳᠬᠡᠵᠦ᠂ ᠪᠠᠶᠢᠩᠭᠤᠵᠢᠭᠤᠯᠤᠨ ᠲᠠᠭᠯᠠᠨ ᠮᠡᠳᠡᠭᠦᠯᠬᠦ ᠬᠡᠪ ᠵᠠᠭᠪᠤᠷ ᠢ ᠪᠣᠶ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠶ᠃    ᠭᠤᠷᠪᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠥᠮᠥᠷᠭᠡ ᠶᠢᠨ ᠬᠡᠷᠡᠭᠯᠡᠯᠲᠡ ᠶᠢ ᠳᠡᠯᠭᠡᠷᠡᠭᠦᠯᠬᠦ ᠶᠢ ᠴᠢᠩᠭᠠᠷᠠᠭᠤᠯᠬᠤ ᠬᠡᠷᠡᠭᠲᠡᠢ    ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠦᠮᠦᠷᠭᠡ ᠶᠢᠨ ᠬᠡᠷᠡᠭᠯᠡᠯᠲᠡ ᠶᠢ ᠨᠡᠮᠡᠭᠳᠡᠭᠦᠯᠬᠦ ᠬᠡᠷᠡᠭᠲᠡᠢ ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠦᠷ᠎ᠡ ᠪᠦᠲᠦᠭᠡᠯ ᠤᠨ ᠬᠥᠮᠥᠷᠭᠡ ᠪᠠᠷ ᠳᠠᠮᠵᠢᠭᠤᠯᠤᠨ ᠲᠣᠰ ᠭᠠᠵᠠᠷ ᠣᠷᠣᠨ ᠤ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠥᠷᠥᠯ ᠬᠤᠪᠢᠶᠠᠨ ᠬᠠᠮᠢᠶᠠᠷᠴᠤ᠂ ᠪᠦᠷᠢᠳᠬᠡᠨ ᠵᠠᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠲᠡᠷᠢᠭᠦᠨ ᠤ ᠬᠡᠷᠡᠭᠯᠡᠭᠡᠨ  ᠤ ᠮᠡᠷᠭᠡᠵᠢᠯ ᠢ ᠪᠠᠶᠢᠴᠠᠭᠠᠨ ᠯᠠᠪᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠠᠷᠢᠮᠵᠢᠶ᠎ᠠ ᠶᠢ ᠲᠣᠭᠲᠠᠭᠠᠨ ᠵᠠᠰᠠᠪᠤᠷᠢ ᠣᠷᠣᠭᠤᠯᠬᠤ ᠵᠡᠷᠭᠡ ᠳᠤ ᠲᠤᠯᠭᠠᠭᠤᠷᠢᠯᠠᠯ ᠪᠠ ᠦᠢᠯᠡᠴᠢᠯᠡᠭᠡ ᠬᠠᠩᠭᠠᠬᠤ ᠬᠡᠷᠡᠭᠲᠡᠢ᠃    ︵ᠬᠤᠶᠠᠷ︶ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ  ᠶᠢᠨ ᠲᠣᠪᠴᠢᠶ᠎ᠠ  ᠨᠢ ᠲᠣᠰ ᠭᠠᠵᠠᠷ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ  ᠯᠤᠭ᠎ᠠ ᠤᠶᠠᠯᠳᠤᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠥᠮᠥᠷᠭᠡ ᠶᠢᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠬᠦ ᠶᠢ ᠲᠦᠯᠬᠢᠨ ᠠᠬᠢᠭᠤᠯᠵᠤ᠂ ᠭᠤᠤᠯᠳᠠᠯᠭ᠎ᠠ  ᠲᠠᠢ ᠢᠨᠵᠧᠨᠧᠷᠢᠩ᠂ ᠬᠤᠲᠠ ᠶᠢᠨ ᠰᠢᠨᠡᠴᠢᠯᠡᠯᠲᠡ᠂ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠵᠡᠷᠭᠡ ᠲᠥᠷᠥᠯ ᠵᠦᠢᠯ ᠳᠤ ᠵᠢᠱᠢᠶ᠎ᠡ ᠦᠵᠡᠭᠦᠯᠦᠨ ᠬᠡᠷᠡᠭᠯᠡᠬᠦ ᠬᠡᠷᠡᠭᠲᠡᠶ᠃     2025 ᠣᠨ ᠤ 3 ᠳ᠋ᠤᠭᠠᠷ ᠰᠠᠷ᠎ᠠ ᠶᠢᠨ 5 ᠤ ᠡᠳᠦᠷᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠥᠮᠥᠷᠭᠡ ᠶᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ