ᠭᠠᠳᠠᠷ ᠮᠤᠵᠢ ᠶᠢᠨ ᠠᠵᠤ ᠠᠬᠤᠶᠢᠯᠠᠯ ᠤᠨ ᠪᠠᠷᠢᠯᠭ᠎ᠠ ᠪᠠᠷᠢᠬᠤ᠂ ᠵᠢᠷᠤᠭ ᠲᠦᠯᠤᠪᠯᠡᠭᠡ ᠶᠢᠨ ᠠᠵᠤ ᠠᠬᠤᠶᠢᠯᠠᠯ ᠤᠨ ᠥᠪᠥᠷ ᠮᠣᠩᠭᠤᠯ ᠳᠤ ᠣᠷᠣᠬᠤ ᠶᠢ ᠳᠠᠩᠰᠠᠯᠠᠬᠤ ᠶᠠᠪᠤᠳᠠᠯ
ᠨᠡᠶᠢᠲᠡᠯᠡᠭᠰᠡᠨ ᠴᠠᠭ᠄
2025/4/10
    ᠵᠠᠬᠢᠳᠠᠯ ᠰᠣᠷᠪᠣᠯᠵᠢᠯᠭ᠎ᠠ ᠶᠢᠨ ᠨᠡᠷ᠎ᠡ᠄ ᠰᠢᠨ ᠣᠪᠣᠭᠲᠤ    ᠵᠠᠬᠢᠳᠠᠯ ᠢᠷᠡᠭᠦᠯᠤᠭ᠍ᠰᠡᠨ ᠴᠠᠭ᠄ 2025-03-25    ᠵᠠᠬᠢᠳᠠᠯ ᠤᠨ ᠭᠤᠣᠯ ᠰᠡᠳᠦᠪ᠄ ᠭᠠᠳᠠᠷ ᠮᠤᠵᠢ ᠶᠢᠨ ᠠᠵᠤ ᠠᠬᠤᠶᠢᠯᠠᠯ ᠤᠨ ᠪᠠᠷᠢᠯᠭ᠎ᠠ ᠪᠠᠷᠢᠬᠤ᠂ ᠵᠢᠷᠤᠭ ᠲᠦᠯᠤᠪᠯᠡᠭᠡ ᠶᠢᠨ ᠠᠵᠤ ᠠᠬᠤᠶᠢᠯᠠᠯ ᠤᠨ ᠥᠪᠥᠷ ᠮᠣᠩᠭᠤᠯ ᠳᠤ ᠣᠷᠣᠬᠤ ᠶᠢ ᠳᠠᠩᠰᠠᠯᠠᠬᠤ ᠶᠠᠪᠤᠳᠠᠯ    ᠵᠠᠬᠢᠳᠠᠯ ᠤᠨ ᠠᠭᠤᠯᠭ᠎ᠠ᠄ ᠲᠤᠬᠠᠶᠢᠯᠠᠭᠰᠠᠨ ᠠᠵᠢᠯ ᠤᠨ ᠦᠷᠭᠡᠵᠢᠯᠲᠡ ᠠᠴᠠ ᠪᠣᠯᠵᠤ᠂ ᠥᠪᠥᠷ  ※ ※ ※ ᠣᠷᠣᠨ ᠳᠤ ᠣᠷᠣᠵᠤ ᠳᠠᠭᠠᠭᠠᠴᠢᠯᠠᠯᠲᠠ ᠬᠦᠯᠢᠶᠡᠬᠦ ᠪᠠ ᠪᠠᠷᠢᠯᠭ᠎ᠠ ᠶᠢᠨ ᠠᠵᠢᠯ ᠤᠨ ᠲᠣᠬᠠᠶᠢᠯᠠᠭᠰᠠᠨ ᠠᠵᠢᠯ ᠢ ᠬᠢᠬᠦ ᠴᠢᠬᠤᠯᠠᠲᠠᠶ ᠪᠣᠯᠪᠠ ᠂ ᠲᠡᠭᠡᠪᠡᠯ ᠶᠠᠮᠠᠷ ᠮᠠᠲ᠋ᠧᠷᠢᠶᠠᠯ ᠢ ᠤᠷᠢᠳᠴᠢᠯᠠᠨ ᠪᠡᠯᠡᠳᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠭᠤᠯᠬᠤ ᠶᠢ ᠭᠦᠢᠴᠡᠳᠬᠡᠬᠦ ᠬᠡᠷᠡᠭᠲᠡᠢ ᠪᠣᠢ ᠃    ᠬᠠᠷᠢᠭᠤᠯᠣᠭᠰᠠᠨ ᠴᠠᠭ᠄ 2025-03-31    ᠬᠠᠷᠢᠭᠤ ᠶᠢᠨ ᠠᠭᠤᠯᠭ᠎ᠠ᠄ ᠬᠦᠨᠳᠦᠲᠦ ᠰᠦᠯᠵᠢᠶᠡᠨ ᠤ ᠨᠠᠶᠢᠵᠠ ᠨᠠᠷ ᠲᠠ ᠪᠦᠬᠦᠨ ᠰᠠᠶᠢᠨ ᠪᠠᠶᠢᠨᠤ ᠤᠤ᠂ ᠲᠠᠨ ᠤ ᠰᠦᠯᠵᠢᠶᠡᠨ ᠤ ᠪᠤᠯᠤᠩ ᠳᠤ ᠲᠤᠰᠬᠠᠭᠰᠠᠨ ᠠᠰᠠᠭᠤᠳᠠᠯ ᠢ ᠨᠢᠭᠡᠨᠲᠡ ᠣᠯᠵᠤ ᠤᠶᠢᠯᠭᠠᠪᠠ ᠂ ᠡᠳᠦᠭᠡ ᠳᠣᠣᠷᠠᠬᠢ ᠮᠡᠲᠦ ᠬᠠᠷᠢᠭᠤᠯᠲᠠ ᠦᠭᠬᠦᠶ᠎ᠡ᠄ ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠳᠠᠭᠠᠭᠠᠨ ᠠᠪᠣᠭᠰᠠᠨ ᠲᠤᠬᠠᠢᠯᠠᠭᠰᠠᠨ ᠠᠵᠢᠯ ᠢ ᠳᠠᠩᠰᠠᠯᠠᠭᠤᠯᠬᠤ ᠴᠢᠬᠤᠯᠠ ᠦᠭᠡᠢ᠂ ᠵᠥᠪᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨᠴᠢ ᠪᠠᠷᠢᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠳᠠᠩᠰᠠᠯᠠᠭᠤᠯᠤᠭᠰᠠᠨ ᠮᠡᠳᠡᠭᠡ ᠵᠠᠩᠭᠢ ᠳᠤ ᠳᠠᠩᠰᠠᠯᠠᠭᠤᠯᠣᠭᠰᠠᠨ ᠤ ᠳᠠᠷᠠᠭ᠎ᠠ ᠲᠤᠬᠠᠢᠯᠠᠭᠰᠠᠨ ᠠᠵᠢᠯ ᠢ ᠳᠠᠭᠠᠭᠠᠴᠢᠯᠠᠬᠤ ᠬᠡᠷᠡᠭᠲᠡᠢ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠲᠠᠨ ᠤ ᠬᠠᠷᠢᠯᠴᠠᠨ ᠬᠦᠲᠡᠯᠤᠯᠴᠡᠨ ᠰᠣᠯᠢᠯᠴᠠᠬᠤ ᠪᠤᠯᠤᠩ ᠢ ᠠᠩᠬᠠᠷᠴᠤ ᠳᠡᠮᠵᠢᠭᠰᠡᠨ ᠳᠤ ᠴᠢᠨᠢ ᠲᠠᠯᠠᠷᠬᠠᠵᠤ ᠪᠠᠶᠢᠨ᠎ᠠ᠃    ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ ᠤᠨ ᠪᠦᠲᠦᠭᠡᠨ ᠪᠠᠶᠢᠭᠤᠯᠣᠯᠲᠠ ᠶᠢᠨ ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠣᠯᠲᠠ ᠶᠢᠨ ᠭᠠᠵᠠᠷ    2025 ᠣᠨ ᠤ 3 ᠳ᠋ᠤᠭᠠᠷ ᠰᠠᠷ᠎ᠠ ᠶᠢᠨ31 ᠤ ᠡᠳᠦᠷ 
ᠢᠷᠡᠯᠲᠡ᠄ ᠲᠢᠩᠬᠢᠮ ᠤᠨ ᠪᠦᠲᠦᠭᠡᠨ ᠪᠠᠶᠢᠭᠤᠯᠣᠯᠲᠠ ᠶᠢᠨ ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠣᠯᠲᠠ ᠶᠢᠨ ᠭᠠᠵᠠᠷ