﹇ 2025 ﹈ 37 ᠳ᠋ᠤᠭᠠᠷ ᠲᠣᠭᠠᠲᠤ | ᠠᠵᠤ ᠠᠬᠤᠶᠢᠯᠠᠯ ᠢ ᠲᠣᠰᠠᠯᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠵᠠᠷᠴᠢᠮ ᠶᠣᠰᠣᠭᠠᠷ᠂ ᠮᠠᠨ ᠤ ᠣᠷᠣᠨ ᠤ ᠬᠡᠷ ᠪᠠᠶᠢᠰᠢᠩ ᠭᠠᠵᠠᠷ ᠬᠥᠷᠥᠩᠭᠡ ᠶᠢᠨ | ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠰᠤᠳᠤᠯᠬᠤ ᠪᠠᠷ ᠳᠡᠮᠵᠢᠨ᠂ ᠮᠠᠨ ᠤ | ᠣᠷᠣᠨ ᠤ ᠬᠦᠴᠦᠨ ᠲᠠᠢ ᠬᠤᠭᠤᠴᠠᠭᠠᠨ ᠳᠠᠬᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠤᠶᠠᠳᠤᠭᠠᠷ ᠲᠠᠰ ᠤᠨ ᠬᠢᠷᠢ | ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠬᠤ ᠪᠠᠷ ᠲᠤᠭᠲᠠᠵᠤ ᠂ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ 2025 ᠣᠨ ᠤ 12 | ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠳᠠᠭᠤᠰᠪᠠᠯ᠂ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠨᠢᠭᠡᠳᠦᠯᠲᠡᠶ ᠤᠷᠲᠤᠳᠬᠠᠵᠤ᠂ | ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠳᠤ ᠠᠶᠠᠨᠳᠠᠭᠠᠨ ᠤᠷᠲᠤᠳᠬᠠᠬᠤ ᠶᠢᠨ ᠬᠠᠮᠲᠤ ᠰᠢᠨ᠎ᠡ ᠬᠢᠷᠢ ᠬᠡᠮ ᠤᠨ ᠦᠨᠡᠮᠯᠡᠯ ᠬᠢᠨᠠᠨ | ᠣᠯᠭᠤᠨ᠎ᠠ᠃ ᠲᠣᠰ ᠠᠯᠪᠠᠨ ᠵᠠᠷ ᠢ ᠬᠡᠷᠡᠭᠵᠢᠭᠦᠯᠬᠦ ᠬᠤᠭᠤᠴᠠᠭᠠᠨ ᠳᠤ ᠬᠡᠷᠪᠡ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠲᠣᠬᠢᠶᠠᠯᠳᠤᠪᠠᠯ᠂ | ᠰᠢᠨ᠎ᠡ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠣᠨᠴᠠᠭᠠᠶᠢᠯᠠᠨ ᠵᠠᠷᠯᠠᠨ ᠨᠡᠶᠢᠲᠡᠯᠡᠪᠡ᠃ | | 2025 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ | |