Q1᠄ ︽ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ B ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠬᠤ ᠲᠤᠬᠠᠶᠢᠯᠠᠭᠰᠠᠨ ᠠᠵᠢᠯ︾ ᠢ | ᠭᠦᠢᠴᠡᠳᠬᠡᠬᠦ ᠭᠤᠶᠤᠴᠢᠯᠠᠯ ᠢᠶᠠᠨ ᠲᠤᠰᠢᠶᠠᠬᠤ ᠳᠤ᠂ ᠰᠢᠰᠲ᠋ᠧᠮ ᠨᠢ ︽ᠲᠠᠩᠰᠠᠯᠠᠭᠤᠯᠤᠭᠰᠠᠨ ᠪᠦᠲᠦᠭᠡᠨ ᠪᠠᠶᠢᠭᠤᠯᠤᠭᠴᠢ ᠶᠢᠨ ᠦᠨᠡᠮᠯᠡᠯ ᠢ ᠭᠤᠶᠤᠴᠢᠯᠠᠭᠠᠷᠠᠢ︕︾ | ᠭᠡᠵᠦ ᠰᠠᠨᠠᠭᠤᠯᠪᠠ ︵ᠵᠢᠷᠤᠭ ᠮᠡᠳᠦ︶᠃ ᠶᠠᠭᠠᠬᠢᠪᠠᠯ ᠵᠣᠬᠢᠬᠤ ᠪᠤᠢ ︖ | | | | | | ᠬᠠᠷᠢᠭᠤᠯᠲᠠ᠄ | 1. ᠲᠤᠰ ᠠᠵᠢᠯᠲᠠᠨ ᠳᠠᠩᠰᠠᠯᠠᠭᠤᠯᠤᠭᠰᠠᠨ ᠪᠦᠲᠦᠭᠡᠨ ᠪᠠᠶᠢᠭᠤᠯᠤᠭᠴᠢ ᠶᠢᠨ ᠦᠨᠡᠮᠯᠡᠯ ᠪᠠᠶᠢᠬᠤ ᠦᠭᠡᠢ᠂ ᠰᠢᠰᠲ᠋ᠧᠮ ᠤᠨ ᠬᠢᠨᠠᠨ ᠰᠢᠯᠭᠠᠭᠰᠠᠨ ᠢᠶᠠᠷ B | ᠦᠨᠡᠮᠯᠡᠯ ᠭᠤᠶᠤᠴᠢᠯᠠᠬᠤ ᠬᠢᠷᠢ ᠬᠡᠮ ᠢ ᠪᠦᠷᠢᠯᠳᠦᠭᠦᠯᠦᠭᠰᠡᠨ ᠦᠭᠡᠢ᠂ ᠤᠷᠢᠳ ᠢᠶᠠᠷ ᠳᠠᠩᠰᠠᠯᠠᠭᠤᠯᠤᠭᠰᠠᠨ ᠪᠦᠲᠦᠭᠡᠨ ᠪᠠᠶᠢᠭᠤᠯᠤᠭᠴᠢ ᠶᠢᠨ ᠦᠨᠡᠮᠯᠡᠯ ᠢ | ᠣᠯᠣᠭᠰᠠᠨ ᠤ ᠳᠠᠷᠠᠭ᠎ᠠ ᠰᠠᠶ᠋ᠢ B ᠦᠨᠡᠮᠯᠡᠯ ᠢ ᠭᠤᠶᠤᠴᠢᠯᠠᠭᠠᠷᠠᠢ᠃ | 2. ᠲᠣᠰ ᠠᠵᠢᠯᠲᠠᠨ ᠳᠤ ᠨᠢᠭᠡᠳᠦᠭᠡᠷ ᠳᠡᠰ ᠤᠨ ᠳᠠᠩᠰᠠᠯᠠᠭᠤᠯᠤᠭᠰᠠᠨ ᠪᠦᠲᠦᠭᠡᠨ ᠪᠠᠶᠢᠭᠤᠯᠤᠭᠴᠢ ᠶᠢᠨ ᠦᠨᠡᠮᠯᠡᠯ ᠲᠠᠢ ᠪᠤᠯᠪᠠᠴᠦ ᠰᠢᠰᠲ᠋ᠧᠮ ᠠᠴᠠ ᠬᠢᠨᠠᠨ | ᠰᠢᠯᠭᠠᠬᠤ ᠶᠢᠨ ᠠᠷᠭ᠎ᠠ ᠦᠭᠡᠢ ᠪᠤᠯ ᠭᠤᠶᠤᠴᠢᠯᠠᠭᠴᠢ ᠠᠴᠠ ᠬᠤᠯᠪᠣᠭᠳᠠᠯ ᠪᠦᠬᠦᠢ ᠮᠡᠳᠡᠭᠡ ᠵᠠᠩᠭᠢ ᠶᠢ ᠰᠢᠰᠲ᠋ᠧᠮ ᠳᠤ ᠲᠠᠭᠯᠠᠨ ᠪᠢᠴᠢᠬᠦ ᠴᠢᠬᠤᠯᠠᠲᠠᠢ᠃ | ᠭᠦᠢᠴᠡᠳᠭᠡᠬᠦ ᠠᠯᠬᠤᠮ ᠳᠠᠷᠠᠭ᠎ᠠ᠄ ᠭᠤᠶᠤᠴᠢᠯᠠᠨ ᠮᠡᠳᠡᠭᠦᠯᠬᠦ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠨ᠎ᠡ — ᠰᠢᠨ᠎ᠡ ᠪᠠᠷ ᠨᠡᠮᠡᠭᠳᠡᠭᠰᠡᠨ | ᠵᠦᠢᠯᠡᠰ ᠢ ᠲᠣᠪᠴᠢᠳᠠᠨ᠎ᠠ — ᠭᠤᠶᠤᠴᠢᠯᠠᠨ ᠮᠡᠳᠡᠭᠦᠯᠬᠦ ᠨᠢᠭᠤᠷ ᠬᠠᠭᠤᠳᠠᠰᠤ — ᠪᠠᠷᠠᠭᠤᠨ ᠲᠠᠯ᠎ᠠ ᠶᠢᠨ ᠬᠠᠷ᠎ᠠ ᠥᠩᠭᠡ ᠲᠠᠢ ︽ᠠᠵᠢᠯᠲᠠᠨ ᠤ ᠮᠡᠳᠡᠭᠡ ᠵᠠᠩᠭᠢ︾ | ᠶᠢ ᠲᠣᠪᠴᠢᠳᠠᠨ᠎ᠠ — ᠠᠵᠢᠯᠲᠠᠨ ᠤ ᠮᠡᠳᠡᠭᠡ ᠵᠠᠩᠭᠢ ᠶᠢ ᠲᠡᠮᠳᠡᠭᠯᠡᠬᠦ ᠨᠢᠭᠤᠷ ᠬᠠᠭᠤᠳᠠᠰᠤ — ᠲᠣᠰ ᠠᠵᠢᠯᠲᠠᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ | ᠪᠢᠴᠢᠵᠦ ᠣᠷᠣᠭᠤᠯᠤᠨ᠎ᠠ᠂ ︽ᠡᠭᠦᠷᠭᠡ ᠲᠤᠰᠢᠶᠠᠯ ︾ ᠪᠤᠯᠤᠩ ᠠᠴᠠ ︽ᠨᠢᠭᠡᠳᠦᠭᠡᠷ ᠳᠡᠰ ᠤᠨ ᠳᠠᠩᠰᠠᠯᠠᠭᠤᠯᠤᠭᠰᠠᠨ ᠪᠦᠲᠦᠭᠡᠨ ᠪᠠᠶᠢᠭᠤᠯᠤᠭᠴᠢ︾ ᠶᠢ ᠰᠣᠩᠭᠤᠨ᠎ᠠ | — ᠬᠠᠳᠠᠭᠠᠯᠠᠬᠤ ᠶᠢᠨ ᠬᠠᠮᠲᠤ ᠭᠤᠶᠤᠴᠢᠯᠠᠯ ᠢᠶᠠᠨ ᠲᠤᠰᠢᠶᠠᠪᠠᠯ ᠪᠣᠯᠴᠢᠬᠠᠨ᠎ᠠ᠃ | Q2᠄ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠮᠤᠵᠢ ᠠᠯᠤᠰᠯᠠᠨ ᠰᠢᠯᠵᠢᠭᠦᠯᠦᠨ ᠭᠠᠷᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ᠂ | ᠰᠢᠯᠵᠢᠭᠦᠯᠦᠨ ᠤᠷᠤᠭᠤᠯᠬᠤ ᠮᠤᠵᠢ ᠶᠢᠨ ᠠᠵᠤ ᠠᠬᠤᠶᠢᠯᠠᠯ ᠨᠢ ᠭᠥᠯᠢᠶᠡᠨ ᠠᠪᠬᠤ ᠦᠭᠡᠢ᠂ ᠰᠢᠯᠵᠢᠭᠦᠯᠦᠨ ᠣᠷᠣᠭᠤᠯᠬᠤ ᠭᠠᠷ ᠭᠦᠢᠴᠡᠳᠬᠡᠯ ᠬᠢᠵᠦ ᠦᠭᠬᠦ ᠦᠭᠡᠢ | ᠪᠣᠯ ᠪᠤᠴᠠᠭᠠᠨ ᠠᠪᠴᠤ ᠪᠣᠯᠣᠨ᠎ᠠ ᠦᠦ︖ | ᠬᠠᠷᠢᠭᠤᠯᠲᠠ᠄ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠮᠤᠵᠢ ᠠᠯᠤᠰᠯᠠᠨ ᠰᠢᠯᠵᠢᠵᠦ ᠶᠠᠪᠤᠭᠰᠠᠨ ᠤ ᠳᠠᠷᠠᠭ᠎ᠠ ᠪᠤᠴᠠᠭᠠᠬᠤ ᠶᠢᠨ ᠠᠷᠭ᠎ᠠ ᠦᠭᠡᠢ ᠪᠤᠯ | ᠂ ᠵᠥᠪᠬᠡᠨ ᠲᠤᠬᠠᠶᠢᠯᠠᠭᠰᠠᠨ ᠠᠵᠢᠯ ᠢᠶᠠᠨ ᠬᠦᠴᠦᠨ ᠦᠭᠡᠢ ᠪᠣᠯᠭᠠᠬᠤ ᠪᠠᠷ ᠭᠤᠶᠤᠴᠢᠯᠠᠵᠤ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠰᠦᠯᠵᠢᠶ᠎ᠡ — ᠲᠤᠰᠬᠠᠢ ᠰᠡᠳᠦᠪᠲᠦ ᠲᠤᠰᠬᠠᠢ ᠪᠤᠯᠤᠩ | — ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠬᠢᠭᠡᠳ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ — ᠰᠢᠰᠲ᠋ᠧᠮ ᠤᠨ | ᠠᠵᠢᠯᠯᠠᠭᠠᠨ ᠤ ᠭᠠᠷ ᠳᠡᠪᠲᠡᠷ ᠵᠢᠴᠢ ᠥᠯᠢᠭᠡᠷ ᠬᠦᠰᠦᠨᠦᠭᠲᠦ ᠶᠢ ᠪᠠᠭᠤᠯᠭᠠᠨ ᠠᠪᠴᠤ᠂ ︽ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠬᠢᠷᠢ ᠭᠡᠮ ᠢ | ᠬᠦᠴᠦᠨ ᠦᠭᠡᠢ ᠪᠣᠯᠭᠠᠬᠤ ᠭᠤᠶᠤᠴᠢᠯᠠᠯ ᠤᠨ ᠬᠦᠰᠦᠨᠦᠭᠲᠦ ︵ᠮᠤᠵᠢ ᠠᠯᠤᠰᠯᠠᠨ ᠰᠢᠯᠵᠢᠦᠭᠦᠯᠦᠨ ᠭᠠᠷᠭᠠᠭᠰᠠᠨ ᠤ ᠳᠠᠷᠠᠭ᠎ᠠ ᠬᠦᠴᠦᠨ ᠦᠭᠡᠢ ᠪᠤᠯᠭᠠᠬᠤ︶︾ ︵ | ᠳᠠᠭᠠᠯᠳᠤᠭᠤᠯᠤᠯ ᠳᠤ ᠦᠵᠡ︶ ᠶᠢ ᠲᠠᠭᠯᠠᠵᠤ ᠪᠠᠷᠠᠭᠰᠠᠨ ᠤ ᠳᠠᠷᠠᠭ᠎ᠠ᠂ ᠤᠤᠯ ᠮᠠᠲ᠋ᠧᠷᠢᠶᠠᠯ ᠤᠨ ᠰᠢᠷᠪᠢᠯᠲᠡ ᠶᠢᠨ ᠮᠠᠲ᠋ᠧᠷᠢᠶᠠᠯ ᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠢᠭᠠᠨ ᠲᠣᠭᠲᠠᠭᠠᠭᠰᠠᠨ ᠰᠢᠤᠳᠠᠨ ᠤ ᠬᠠᠶᠢᠷᠴᠠᠭ | nmgzjtslry@163.com ᠳᠤ ᠬᠦᠷᠭᠡᠵᠦ ᠬᠦᠴᠦᠨ ᠦᠭᠡᠢ ᠪᠣᠯᠭᠠᠨ᠎ᠠ᠃ | Q3᠄ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠮᠤᠵᠢ ᠠᠯᠤᠰᠯᠠᠨ ᠰᠢᠯᠵᠢᠨ ᠶᠠᠪᠤᠭᠠᠳ ︽ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ︾ | ᠪᠤᠯ ᠬᠠᠮᠢᠭ᠎ᠠ ᠠᠴᠠ ᠪᠠᠶᠢᠴᠠᠭᠠᠨ ᠯᠠᠪᠯᠠᠬᠤ ᠪᠣᠶ︖ | ᠬᠠᠷᠢᠭᠤᠯᠲᠠ᠄ ᠠᠵᠤ ᠠᠬᠤᠶᠢᠯᠠᠯ ᠠᠴᠠ ᠰᠢᠰᠲ᠋ᠧᠮ ᠳᠤ ᠤᠷᠤᠵᠤ᠂ ᠲᠣᠰ ᠠᠵᠢᠯᠲᠠᠨ ᠤ ᠮᠡᠳᠡᠭᠦᠯᠦᠭᠰᠡᠨ ᠵᠦᠢᠯᠡᠰ ᠢ ᠲᠣᠪᠴᠢᠯᠠᠵᠤ᠂ ᠨᠢᠭᠤᠷ ᠬᠠᠭᠤᠳᠠᠰᠤ ᠶᠢᠨ | ᠵᠡᠭᠦᠨ ᠳᠡᠭᠡᠷ᠎ᠡ ᠥᠨᠴᠥᠭ ᠤᠨ ᠤᠯᠠᠭᠠᠨ ᠥᠩᠭᠡ ᠶᠢᠨ ᠵᠢᠵᠢᠭ ᠠᠰᠠᠭᠤᠯᠲᠠ ᠶᠢᠨ ᠲᠡᠮᠳᠡᠭ ᠢ ᠲᠠᠷᠤᠪᠠᠯ᠂ ︽ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ | ᠦᠭᠡᠢ︾ ᠰᠠᠨᠠᠯ ᠢᠯᠡᠷᠡᠨ᠎ᠡ᠃ | Q4᠄ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠮᠤᠵᠢ ᠠᠯᠤᠰᠯᠠᠨ ᠰᠢᠯᠵᠢᠭᠦᠯᠦᠨ ᠣᠷᠣᠭᠤᠯᠬᠤ ᠳᠤ ᠰᠢᠰᠲ᠋ᠧᠮ ᠠᠴᠠ᠄ ︽ᠢᠵᠢᠯᠢᠰᠢᠭᠦᠯᠦᠭᠰᠡᠨ | ᠬᠠᠷᠢᠴᠠᠭ᠎ᠠ ᠶᠢ ᠬᠢᠨᠠᠨ ᠰᠢᠯᠭᠠᠭᠠᠳ ᠢᠯᠠᠭᠳᠠᠵᠠᠢ᠂ ᠳᠠᠭᠢᠵᠤ ᠰᠢᠨ᠎ᠡ ᠪᠠᠷ ᠲᠣᠬᠢᠷᠠᠭᠤᠯᠤᠭᠠᠷᠠᠢ ︾ ︵ᠵᠢᠷᠤᠭ ᠮᠡᠲᠦ︶ ᠭᠡᠵᠦ ᠰᠠᠨᠠᠭᠤᠯᠵᠠᠢ᠂ ᠶᠠᠭᠠᠬᠢᠪᠠᠯ ᠵᠣᠬᠢᠬᠤ ᠪᠤᠢ | ︖ | | | | | | ᠬᠠᠷᠢᠭᠤᠯᠲᠠ᠄ | 1. ᠰᠢᠯᠵᠢᠭᠦᠯᠦᠨ ᠣᠷᠣᠭᠤᠯᠤᠭᠰᠠᠨ ᠦᠨᠡᠮᠯᠡᠯ ᠤᠨ ᠲᠥᠷᠥᠯ ᠵᠦᠢᠯ ᠢ ᠪᠤᠷᠤᠭᠤ ᠰᠣᠩᠭᠤᠭᠰᠠᠨ ᠪᠠᠶᠢᠵᠦ ᠮᠡᠳᠡᠨ᠎ᠡ᠂ A ᠦᠨᠡᠮᠯᠡᠯ ᠢ ᠰᠤᠩᠭᠤᠪᠠᠯ ᠵᠣᠬᠢᠨ᠎ᠠ᠂ | ᠭᠡᠳᠡᠯ᠎ᠡ B ᠦᠨᠡᠮᠯᠡᠯ ᠢ ᠪᠤᠷᠤᠭᠤ ᠰᠣᠩᠭᠤᠭᠰᠠᠨ ᠪᠠᠶᠢᠵᠦ ᠮᠡᠳᠡᠨ᠎ᠡ᠃ | 2. ᠤᠤᠯ ᠦᠨᠡᠮᠯᠡᠯ ᠤᠨ ᠳ᠋ᠤᠭᠠᠷᠯᠠᠯ ᠢ ᠲᠠᠭᠯᠠᠭᠰᠠᠨ ᠨᠢ ᠪᠤᠷᠤᠭᠤ᠂ ᠵᠢᠱᠢᠶᠡᠯᠡᠪᠡᠯ ᠴᠠᠭᠠᠨ ᠲᠣᠯᠣᠭᠠᠢ ᠶᠢᠨ ᠶᠡᠭᠡ ᠪᠠᠭ᠎ᠠ ᠪᠢᠴᠢᠯᠭᠡ᠂ ᠴᠡᠭ ᠲᠡᠮᠳᠡᠭ᠂ ᠪᠦᠬᠦᠯᠢ | ᠬᠠᠭᠠᠰ ᠥᠨᠴᠥᠭ ᠵᠡᠷᠭᠡ᠃ ᠰᠠᠨᠠᠭᠤᠯᠤᠮᠵᠢ᠄ ︽ᠪᠥᠬᠦ ᠤᠯᠤᠰ ᠤᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠲᠠᠪᠴᠠᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ︾ ᠳᠤ ᠭᠠᠷᠴᠦ ᠦᠨᠡᠮᠯᠡᠯ ᠤᠨ ᠳ᠋ᠤᠭᠠᠷᠯᠠᠯ ᠢ ᠪᠠᠶᠢᠴᠠᠭᠠᠨ ᠰᠢᠯᠭᠠᠵᠤ᠂ | ᠦᠨᠡᠮᠯᠡᠯ ᠤᠨ ᠳ᠋ᠤᠭᠠᠷᠯᠠᠯ ᠤᠨ ᠪᠤᠯᠤᠩ ᠳᠤ ᠪᠠᠭᠤᠯᠭᠠᠨ ᠨᠠᠭᠠᠨ᠎ᠠ᠃ | ᠲᠠᠶᠢᠯᠪᠤᠷᠢ᠄ ︽ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠮᠤᠵᠢ ᠠᠯᠤᠰᠯᠠᠨ ᠰᠢᠯᠵᠢᠭᠦᠯᠦᠨ ᠣᠷᠣᠭᠤᠯᠬᠤ ᠠᠵᠢᠯᠯᠠᠭᠠᠨ ᠤ ᠭᠠᠷ ᠳᠡᠪᠲᠡᠷ︾ ᠪᠠ | ︽ᠠᠵᠢᠯᠲᠠᠨ ᠤ ᠮᠡᠳᠡᠭᠡ ᠵᠠᠩᠭᠢ ᠶᠢ ᠬᠠᠰᠤᠬᠤ ᠠᠵᠢᠯᠯᠠᠭᠠᠨ ᠤ ᠭᠠᠷ ᠳᠡᠪᠲᠡᠷ︾ ᠢ ᠠᠰ ᠲᠤᠨᠢ ᠲᠠᠭᠠᠯᠳᠤᠭᠤᠯᠵᠠᠢ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ | ᠭᠦᠢᠴᠡᠳᠬᠡᠬᠦ ᠳᠤ ᠯᠠᠪᠯᠠᠯᠲᠠ ᠪᠣᠯᠭᠠᠵᠤ ᠪᠣᠯᠣᠨ᠎ᠠ᠃ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠭᠡᠳᠡᠭ ᠨᠢ ᠄ ︽ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠦᠷᠦᠯ ᠵᠦᠢᠯ ᠤᠨ | ᠬᠠᠷᠢᠭᠤᠴᠠᠯᠭᠠᠲᠠᠨ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠢ ᠲᠤᠰᠢᠶᠠᠯᠳᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ︾ ᠶᠢᠨ | ᠦᠨᠡᠮᠯᠡᠯ ᠲᠠᠢ ᠠᠵᠢᠯᠲᠠᠨ ᠢ ᠵᠢᠭᠠᠵᠤ ᠪᠠᠶᠢᠨ᠎ᠠ᠂ ᠪᠠᠰᠠ ︽ᠭᠤᠷᠪᠠᠨ ᠲᠦᠷᠦᠯ ᠤᠨ ᠠᠵᠢᠯᠲᠠᠨ᠂ ABC ᠲᠦᠷᠦᠯ ᠤᠨ ᠠᠵᠢᠯᠲᠠᠨ︾ ᠭᠡᠳᠡᠭ᠃ | ᠳᠠᠭᠠᠯᠳᠤᠭᠤᠯᠤᠯ᠄ | 1. ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠬᠢᠷᠢ ᠭᠡᠮ ᠢ ᠬᠦᠴᠦᠨ ᠦᠭᠡᠢ ᠪᠣᠯᠭᠠᠬᠤ ᠭᠤᠶᠤᠴᠢᠯᠠᠯ ᠤᠨ ᠬᠦᠰᠦᠨᠦᠭᠲᠦ ︵ᠮᠤᠵᠢ ᠠᠯᠤᠰᠯᠠᠨ | ᠰᠢᠯᠵᠢᠭᠦᠯᠦᠨ ᠭᠠᠷᠤᠭᠰᠠᠨ ᠤ ᠳᠠᠷᠠᠭ᠎ᠠ ᠬᠦᠴᠦᠨ ᠦᠭᠡᠢ ᠪᠤᠯᠭᠠᠬᠤ︶ . doc | 2. ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠮᠤᠵᠢ ᠠᠯᠤᠰᠯᠠᠨ ᠰᠢᠯᠵᠢᠭᠦᠯᠦᠨ ᠤᠷᠤᠭᠤᠯᠬᠤ ᠠᠵᠢᠯᠯᠠᠭᠠᠠᠨ ᠤ ᠭᠠᠷ ᠳᠡᠪᠲᠡᠷ . docx | 3. ᠠᠵᠢᠯᠲᠠᠨ ᠤ ᠮᠡᠳᠡᠭᠡ ᠵᠠᠩᠭᠢ ᠶᠢ ᠬᠠᠰᠤᠬᠤ ᠠᠵᠢᠯᠯᠠᠭᠠᠠᠨ ᠤ ᠭᠠᠷ ᠳᠡᠪᠲᠡᠷ . docx | | | | | | | | |