ᠳᠠᠩᠰᠠᠯᠠᠭᠤᠯᠣᠭᠰᠠᠳ ᠤᠨ ᠳᠠᠩᠰᠠᠯᠠᠭᠤᠯᠣᠭᠰᠠᠨ ᠦᠨᠡᠮᠯᠡᠯ
ᠨᠡᠶᠢᠲᠡᠯᠡᠭᠰᠡᠨ ᠴᠠᠭ᠄
2025/4/15
    ᠵᠠᠬᠢᠳᠠᠯ ᠰᠣᠷᠪᠣᠯᠵᠢᠯᠠᠭᠴᠢ ᠶᠢᠨ ᠨᠡᠷ᠎ᠡ᠄ ᠵᠠᠩ ᠣᠪᠣᠭᠲᠤ    ᠵᠠᠬᠢᠳᠠᠯ ᠢᠷᠡᠭᠦᠯᠣᠭ᠍ᠰᠡᠨ ᠴᠠᠭ᠄ 2025-04-03    ᠵᠠᠬᠢᠳᠠᠯ ᠤᠨ ᠭᠤᠣᠯ ᠰᠡᠳᠦᠪ᠄ ᠳᠠᠩᠰᠠᠯᠠᠭᠤᠯᠣᠭᠰᠠᠳ ᠤᠨ ᠳᠠᠩᠰᠠᠯᠠᠭᠤᠯᠣᠭᠰᠠᠨ ᠦᠨᠡᠮᠯᠡᠯ    ᠵᠠᠬᠢᠳᠠᠯ ᠤᠨ ᠠᠭᠤᠯᠭ᠎ᠠ᠄ ᠰᠢᠷᠣᠶ ᠮᠣᠳᠣᠨ ᠤ ᠢᠨᠵᠧᠨᠧᠷ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠳᠠᠩᠰᠠᠯᠠᠭᠤᠯᠤᠭᠰᠠᠨ ᠦᠨᠡᠮᠯᠡᠯ ᠢ ᠬᠠᠷᠠᠬᠠᠨ ᠡᠯᠧᠺᠲᠷᠣᠨᠴᠢᠯᠠᠭᠠᠳᠣᠢ ᠪᠠᠶᠢᠪᠠᠯ ᠂ ᠬᠡᠵᠢᠶ᠎ᠡ ᠴᠠᠭᠠᠰᠤᠨ ᠳᠠᠩᠰᠠᠯᠠᠭᠤᠯᠤᠭᠰᠠᠨ ᠦᠨᠡᠮᠯᠡᠯ ᠠᠪᠴᠤ ᠪᠣᠯᠬᠤ ᠪᠤᠢ︖ ᠲᠢᠩᠬᠢᠮ ᠤᠨ ᠰᠦᠯᠵᠢᠶᠡᠨ ᠥᠷᠲᠡᠭᠡ ᠠᠴᠠ ᠠᠯᠪᠠᠨ ᠵᠠᠷ ᠨᠡᠶᠢᠲᠡᠯᠡᠨ᠎ᠡ ᠦᠦ︖ ᠡᠰᠡᠭᠦᠯ᠎ᠡ ᠬᠠᠮᠤᠭ ᠤᠨ ᠲᠦᠷᠦᠭᠦᠨ ᠳᠤ ᠣᠲᠠᠰᠣ ᠪᠠᠷ ᠬᠠᠷᠢᠯᠴᠠᠵᠦ ᠠᠪᠬᠤ ᠤᠤ︖    ᠬᠠᠷᠢᠭᠤᠯᠣᠭᠰᠠᠨ ᠴᠠᠭ᠄ 2025-04-09    ᠬᠠᠷᠢᠭᠤ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠬᠠᠭᠰᠠᠨ ᠰᠢᠷᠣᠶ ᠮᠣᠳᠣᠨ ᠤ ᠢᠨᠵᠧᠨᠧᠷ ᠤᠨ ᠦᠨᠡᠮᠯᠡᠯ ᠢᠶᠠᠨ ᠳᠠᠩᠰᠠᠯᠠᠭᠤᠯᠬᠤ ᠠᠰᠠᠭᠤᠳᠠᠯ ᠢ ᠨᠢᠭᠡᠨᠲᠡ ᠣᠯᠵᠤ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤ ᠥᠭᠭᠦᠶ᠎ᠡ᠃ ᠲᠠ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠰᠦᠯᠵᠢᠶ᠎ᠡ — ᠲᠤᠰᠬᠠᠶ ᠰᠡᠳᠦᠪᠲᠦ ᠲᠤᠰᠬᠠᠶ ᠪᠤᠯᠤᠩ — ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠬᠢᠭᠡᠳ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠦᠪᠰᠢᠶᠡᠷᠡᠯ ᠤᠨ ᠲᠦᠷᠢᠮ ᠤᠨ ᠥᠭᠡᠷᠡᠴᠢᠯᠡᠯᠲᠡ ᠶᠢᠨ ᠨᠢᠭᠡ ᠮᠡᠳᠡᠭᠦᠯᠦᠯᠲᠡ ᠵᠢᠨ‌‍ᠬᠡᠯᠲᠡᠰ ᠤᠨ ᠠᠵᠢᠯᠲᠠᠨ ᠤ ᠬᠢᠷᠢ ᠬᠡᠮ ᠤᠨ ᠦᠨᠡᠮᠯᠡᠯ ᠠᠪᠴᠤ ᠬᠡᠷᠡᠭᠯᠡᠬᠦ ᠶᠢ ᠮᠡᠳᠡᠬᠦ ᠳᠣᠮᠳᠠ ᠠᠴᠠ ᠪᠠᠶᠢᠴᠠᠭᠠᠨ ᠦᠵᠡᠵᠦ ᠪᠣᠯᠤᠨ᠎ᠠ᠂ ᠬᠡᠷᠪᠡ ᠲᠠᠨ ᠤ ᠦᠨᠡᠮᠯᠡᠯ ᠠᠪᠬᠤ ᠬᠡᠷᠡᠭᠯᠡᠬᠦ ᠮᠡᠳᠡᠭᠡ ᠵᠠᠩᠭᠢ ᠪᠠᠶᠢᠪᠠᠯ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 12 ᠳ᠋ᠤᠭᠠᠷ ᠳᠠᠪᠬᠤᠷᠭ᠎ᠠ ᠶᠢᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠴᠣᠩᠬᠤᠪᠴᠢ ᠳᠤ ᠣᠴᠢᠵᠤ ᠠᠪᠴᠤ ᠪᠣᠯᠤᠨ᠎ᠠ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠲᠠᠨ ᠤ ᠬᠥᠳᠡᠯᠦᠯᠴᠡᠨ ᠰᠣᠯᠢᠯᠴᠠᠬᠤ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ  ᠵᠦᠪᠰᠢᠶᠡᠷᠡᠯ ᠤᠨ ᠭᠠᠵᠠᠷ    2025 ᠣᠨ ᠤ 4 ᠳ᠋ᠦ᠋ᠭᠡᠷ ᠰᠠᠷ᠎ᠠ ᠶᠢᠨ 9 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ