ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠰᠢᠷᠢᠰ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢ ᠲᠠᠨᠢᠯᠴᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2025/4/29
    ᠥᠪᠥᠷ ᠪᠠᠶᠢᠭᠤᠯᠣᠯᠲᠠ ᠠᠵᠢᠯᠲᠠᠨ ᠵᠠᠬᠢᠳᠠᠯ   ﹇2025 ﹈  121 ᠳ᠋ᠤᠭᠡᠷ ᠲᠣᠭᠠᠲᠤ ᠥᠪᠡᠷᠲᠡᠭᠡᠨ ᠵᠠᠰᠠᠬᠤ ᠣᠷᠣᠨ ᠤ ᠡᠯ᠎ᠡ ᠶᠠᠮᠤᠨ᠂ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠢ᠂ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ᠄    ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠰᠢᠷᠢᠰ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠪᠦᠲᠦᠴᠡ ᠶᠢ ᠰᠢᠯᠢᠳᠡᠭᠵᠢᠭᠦᠯᠦᠨ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ︽ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠵᠠᠷᠯᠢᠭ 40 ᠳ᠋ᠤᠭᠡᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ︽ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠦᠨᠳᠦᠰᠦᠯᠡᠨ᠂ ︽︿ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠲᠠᠷᠣᠮᠯᠠᠨ ᠲᠠᠷᠬᠠᠭᠠᠬᠤ ᠲᠣᠬᠠᠢ ᠮᠡᠳᠡᠭᠳᠡᠯ︾ ᠤᠨ ᠬᠠᠮᠢᠶ᠎ᠠ ᠪᠦᠬᠦᠢ ᠲᠣᠭᠲᠠᠭᠠᠯ ᠲᠠᠢ ᠤᠶᠠᠯᠳᠤᠭᠤᠯᠤᠨ᠂ ᠡᠳᠦᠭᠡ ᠲᠤᠰᠬᠠᠢ ᠮᠡᠷᠭᠡᠵᠢᠯᠲᠡᠨ ᠤ ᠬᠥᠮᠥᠷᠭᠡ ᠳᠤ ᠰᠢᠨᠡᠳᠬᠡᠨ ᠲᠣᠬᠢᠷᠠᠭᠤᠯᠣᠯᠲᠠ ᠬᠢᠵᠦ᠂ ᠡᠯ᠎ᠡ ᠬᠠᠮᠢᠶ᠎ᠠ ᠪᠦᠬᠦᠢ ᠨᠢᠭᠡᠴᠢ ᠳᠤ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠠᠨᠢᠯᠴᠠᠭᠤᠯᠬᠤ ᠪᠠᠷ ᠪᠠᠶᠢᠨ᠎ᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ ᠄    ᠨᠢᠭᠡ᠂ ᠲᠠᠨᠢᠯᠴᠠᠭᠤᠯᠬᠤ ᠬᠡᠪᠴᠢᠶ᠎ᠡ    ᠪᠦᠬᠦ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠂ ᠠᠵᠢᠯ ᠲᠥᠷᠥᠯ ᠤᠨ ᠨᠡᠶᠢᠭᠡᠮᠯᠢᠭ᠂ ᠶᠡᠭᠡ ᠳᠡᠭᠡᠳᠦ ᠰᠤᠷᠭᠠᠭᠤᠯᠢ ︵ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠃    ᠬᠤᠶᠠᠷ᠂ ᠬᠥᠮᠥᠷᠭᠡ ᠳᠤ ᠣᠷᠣᠭᠤᠯᠬᠤ ᠲᠤᠰᠬᠠᠶ ᠮᠡᠷᠭᠡᠵᠢᠯᠲᠡᠨ ᠤ ᠭᠤᠤᠯ ᠡᠭᠦᠷᠭᠡ ᠬᠠᠷᠢᠭᠤᠴᠠᠯᠭ᠎ᠠ ᠵᠢᠴᠢ ᠬᠠᠮᠢᠶᠠᠷᠤᠯᠲᠠᠬᠥᠮᠥᠷᠭᠡ ᠳᠤ ᠣᠷᠣᠭᠤᠯᠬᠤ ᠶᠢ ᠵᠥᠪᠰᠢᠶᠡᠷᠡᠭᠰᠡᠨ ᠲᠤᠰᠬᠠᠶ ᠮᠡᠷᠭᠡᠵᠢᠯᠲᠡᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠷᠢᠰ ︵ᠲᠤᠰᠬᠠᠶ ᠮᠡᠷᠭᠡᠵᠢᠯ︶ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠳᠤ ᠣᠷᠣᠯᠴᠠᠵᠤ ᠪᠣᠯᠤᠨ᠎ᠠ᠃ ᠣᠨ ᠤ ᠬᠢᠨᠠᠨ ᠲᠣᠭᠲᠠᠭᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠣᠭᠲᠠᠮᠠᠯ ᠪᠤᠰᠤ ᠬᠡᠯᠪᠡᠷᠢ ᠪᠠᠷ ︵ᠰᠤᠩᠭᠤᠨ ᠰᠢᠯᠵᠢᠭᠦᠯᠬᠦ︶ ᠬᠢᠨᠠᠨ ᠲᠣᠭᠲᠠᠭᠠᠬᠤ ᠠᠵᠢᠯ ᠳᠤ ᠣᠷᠣᠯᠴᠠᠵᠤ᠂ ᠵᠣᠬᠢᠬᠤ ᠲᠤᠰᠬᠠᠢ ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠬᠡᠮ ᠢ ᠬᠢᠨᠠᠨ ᠲᠤᠭᠲᠠᠭᠠᠵᠤ ᠂ ᠭᠤᠶᠤᠴᠢᠯᠠᠨ ᠮᠡᠳᠡᠭᠦᠯᠦᠭᠰᠡᠳ ᠲᠤ ᠡᠷᠳᠡᠮ ᠰᠢᠨᠵᠢᠯᠡᠭᠡ᠂ ᠮᠡᠷᠭᠡᠵᠢᠯ ᠤᠨ ᠬᠢᠷᠢ ᠬᠡᠮᠵᠢᠶ᠎ᠡ ᠪᠠ ᠠᠵᠢᠯ ᠤᠨ ᠠᠮᠵᠢᠯᠲᠠ ᠪᠦᠲᠦᠮᠵᠢ᠂ ᠬᠤᠪᠢ ᠨᠡᠮᠡᠷᠢ ᠶᠢᠨ ᠲᠠᠯ᠎ᠠ ᠪᠠᠷ ᠶᠡᠷᠦᠩᠬᠡᠶᠢᠯᠡᠭᠰᠡᠨ ᠦᠨᠡᠯᠡᠯᠲᠡ ᠬᠢᠨ᠎ᠡ᠃ ᠠᠵᠢᠯ ᠮᠡᠷᠭᠡᠵᠢᠯ ᠤᠨ ᠰᠠᠬᠢᠯᠭ᠎ᠠ ᠪᠠᠲᠤ ᠪᠠ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠶᠢ ᠵᠢᠷᠤᠮᠯᠠᠨ ᠰᠠᠬᠢᠵᠦ ᠂ ᠬᠢᠨᠠᠨ ᠲᠣᠭᠲᠠᠭᠠᠬᠤ ᠠᠵᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠬᠢᠨᠠᠨ ᠲᠣᠭᠲᠠᠭᠠᠬᠤ ᠠᠵᠢᠯ ᠤᠨ ᠬᠤᠷᠠᠯ ᠳᠤ ᠴᠠᠭ ᠲᠤᠬᠠᠶ ᠳᠤ ᠨᠢ ᠣᠷᠣᠯᠴᠠᠬᠤ ᠬᠡᠷᠡᠭᠲᠡᠶ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠨᠢ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠣᠳᠠᠲᠠᠶ ᠬᠠᠮᠢᠶᠠᠷᠤᠯᠲᠠ ᠪᠠ ᠵᠢᠯᠣᠭᠤᠳᠬᠤ ᠴᠢᠨᠠᠷᠲᠠᠶ ᠠᠵᠢᠯ ᠢ ᠬᠠᠷᠢᠭᠤᠴᠠᠨ᠎ᠠ᠃ ᠲᠤᠰᠬᠠᠶ ᠮᠡᠷᠭᠡᠵᠢᠯᠲᠡᠨ ᠤ ᠬᠥᠮᠥᠷᠭᠡ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠵᠠᠷᠴᠢᠮ ᠳᠡᠭᠡᠷ᠎ᠡ ᠪᠠᠨ ᠭᠤᠷᠪᠠᠨ ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠨ᠎ᠡ᠃    ᠭᠤᠷᠪᠠ᠂ ᠬᠥᠮᠥᠷᠭᠡ ᠳᠤ ᠣᠷᠣᠭᠤᠯᠬᠤ ᠲᠤᠰᠬᠠᠶ ᠮᠡᠷᠭᠡᠵᠢᠯᠲᠡᠨ ᠢ ᠲᠠᠨᠢᠯᠴᠠᠭᠤᠯᠬᠤ ᠬᠢᠷᠢ ᠬᠡᠮ ᠤᠨ ᠨᠥᠬᠦᠴᠡᠯ    ︵ᠨᠢᠭᠡ︶ ᠤᠯᠤᠰ ᠲᠦᠷᠦ ᠶᠢᠨ ᠵᠣᠭᠰᠣᠯᠲᠠ ᠪᠠᠲᠤ ᠴᠢᠩᠭ᠎ᠠ ᠪᠠᠶᠢᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠠᠤᠯᠢ ᠴᠠᠭᠠᠵᠠ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ ᠲᠡᠮᠳᠡᠭᠯᠡᠯ ᠥᠬᠡᠶ᠂ ᠰᠠᠶᠢᠨ ᠰᠠᠶᠢᠬᠠᠨ ᠠᠵᠢᠯ ᠮᠡᠷᠭᠡᠵᠢᠯ ᠤᠨ ᠶᠣᠰᠣ ᠮᠣᠷᠠᠯ ᠲᠠᠢ ᠪᠠᠶᠢᠬᠤ ᠬᠡᠷᠡᠭᠲᠡᠢ ᠃    ︵ᠬᠤᠶᠠᠷ︶ ᠪᠡᠶ᠎ᠡ ᠰᠡᠳᠬᠢᠯ ᠡᠷᠡᠭᠦᠯ ᠴᠢᠭᠢᠷᠠᠭ᠂ ᠣᠪᠣᠷ ᠰᠤᠷᠲᠠᠯ ᠲᠥᠪ ᠴᠢᠬᠡᠴᠢ᠂ ᠠᠵᠢᠯ ᠶᠠᠪᠤᠳᠠᠯ ᠭᠦᠢᠴᠡᠳᠬᠡᠬᠦ ᠳᠤ ᠲᠥᠪ ᠭᠤᠣᠯᠴᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠠᠵᠢᠯ ᠢ ᠡᠭᠦᠷᠭᠡᠯᠡᠵᠦ ᠳᠡᠶᠢᠯᠬᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠢᠨᠠᠨ ᠲᠣᠭᠲᠠᠭᠠᠬᠤ ᠠᠵᠢᠯ ᠤᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠵᠢᠷᠤᠮᠯᠠᠬᠤ ᠰᠠᠬᠢᠭᠰᠠᠨ ᠪᠠᠶᠢᠬᠤ ᠬᠡᠷᠡᠭᠲᠡᠢ᠃    ︵ᠭᠤᠷᠪᠠ︶ ᠨᠡᠯᠢᠶᠡᠳ ᠭᠦᠨ ᠵᠤᠵᠠᠭᠠᠨ ᠲᠤᠰᠬᠠᠶ ᠮᠡᠷᠭᠡᠵᠢᠯ ᠤᠨ ᠰᠠᠭᠤᠷᠢ ᠣᠨᠣᠯ ᠪᠣᠯᠤᠨ ᠡᠯᠪᠡᠭ ᠪᠠᠶᠠᠯᠢᠭ ᠲᠤᠰᠬᠠᠶ ᠮᠡᠷᠭᠡᠵᠢᠯ ᠤᠨ ᠠᠵᠢᠯ ᠤᠨ ᠦᠢᠯᠡᠳᠦᠯᠭᠡ ᠶᠢᠨ ᠲᠤᠷᠰᠢᠯᠭ᠎ᠠ ᠲᠠᠢ ᠪᠠᠶᠢᠵᠤ᠂ ᠲᠤᠰ ᠲᠤᠰᠬᠠᠶ ᠮᠡᠷᠭᠡᠵᠢᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠬᠠᠮᠤᠭ ᠤᠨ ᠰᠢᠨ᠎ᠡ ᠣᠨᠣᠯ ᠪᠣᠯᠤᠨ ᠠᠵᠢᠯ ᠲᠥᠷᠥᠯ ᠤᠨ ᠬᠥᠳᠡᠯᠦᠯ ᠪᠠᠶᠢᠳᠠᠯ ᠢ ᠰᠠᠶᠢᠨ ᠮᠡᠳᠡᠵᠦ ᠂ ᠵᠢᠭᠠᠨ ᠰᠣᠷᠭᠠᠯᠲᠠ ᠂ ᠰᠢᠨᠵᠢᠯᠡᠬᠦ ᠤᠬᠠᠭᠠᠨ ᠤ ᠰᠣᠳᠣᠯᠠᠭᠠᠨ ᠪᠤᠶᠤ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠰᠢᠯᠢᠳᠡᠭ ᠠᠮᠵᠢᠯᠲᠠ ᠣᠯᠣᠭᠰᠠᠨ ᠪᠠᠶᠢᠬᠤ ᠬᠡᠷᠡᠭᠲᠡᠶ᠃    ︵ᠲᠦᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠬᠢᠷᠢ ᠭᠡᠮ ᠢ ᠬᠢᠨᠠᠨ ᠲᠣᠭᠲᠠᠭᠠᠬᠤ ᠠᠵᠢᠯ ᠤᠨ ᠲᠥᠷᠥ ᠶᠢᠨ ᠪᠣᠳᠣᠯᠭ᠎ᠠ ᠶᠢ ᠵᠥᠪ ᠣᠨᠣᠪᠴᠢᠲᠠᠢ ᠡᠵᠡᠮᠰᠢᠵᠦ ᠬᠡᠷᠡᠭᠵᠢᠭᠦᠯᠵᠦ ᠴᠢᠳᠠᠬᠤ ᠬᠡᠷᠡᠭᠲᠡᠢ ᠃    ︵ᠲᠠᠪᠤ ︶ ᠲᠤᠰ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯ᠂ ᠵᠢᠭᠠᠨ ᠰᠤᠷᠭᠠᠯᠲᠠ ᠶᠢᠨ ᠰᠤᠳᠤᠯᠭᠠᠨ ᠵᠢᠴᠢ ᠬᠠᠮᠢᠶᠠᠷᠤᠯᠲᠠ ᠶᠢᠨ ᠠᠵᠢᠯ ᠢ 10 ᠵᠢᠯ ᠠᠴᠠ ᠳᠡᠭᠡᠭᠰᠢ ᠡᠷᠬᠢᠯᠡᠨ ᠬᠢᠬᠦ ᠳᠤ ᠡᠷᠬᠡᠪᠰᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠳᠡᠰ ᠤᠨ ᠮᠡᠷᠭᠡᠵᠢᠯ ᠤᠨ ᠴᠣᠯᠠ ︵ᠫᠷᠤᠹᠧᠰᠰᠤᠷ︶ ᠶᠢ 3 ᠵᠢᠯ ᠠᠴᠠ ᠳᠡᠭᠡᠭᠰᠢ ᠠᠵᠢᠯ ᠳᠤ ᠪᠠᠶᠢᠭ᠎ᠠ ︵ᠠᠵᠢᠯ ᠤᠨ ᠪᠠᠶᠢᠷᠢ ᠳᠤ ᠪᠠᠶᠢᠭ᠎ᠠ︶ ᠠᠵᠢᠯᠲᠠᠨ ᠣᠯᠵᠦ᠂ ᠠᠵᠢᠯ ᠲᠥᠷᠥᠯ ᠳᠤ ᠠᠵᠢᠯᠯᠠᠵᠦ ᠪᠠᠶᠢᠭ᠎ᠠ ᠬᠦᠮᠣᠰ ᠢ ᠦᠨᠡᠯᠡᠬᠦ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠪᠣᠯᠤᠨ ᠴᠢᠳᠠᠪᠤᠷᠢ ᠲᠠᠢ ᠪᠠᠶᠢᠬᠤ ᠬᠡᠷᠡᠭᠲᠡᠢ ᠃    ᠭᠤᠶᠤᠴᠢᠯᠠᠭᠴᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠤᠰᠬᠠᠶ ᠮᠡᠷᠭᠡᠵᠢᠯᠲᠡᠨ ᠤ ᠬᠥᠮᠥᠷᠭᠡ ᠳᠤ ᠣᠷᠣᠭᠤᠯᠵᠦ ᠪᠣᠯᠬᠤ ᠦᠭᠡᠶ᠄    1. ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠭᠡᠶ ᠪᠤᠶᠤ ᠢᠷᠭᠡᠨ ᠤ ᠬᠡᠷᠡᠭ ᠤᠨ ᠬᠢᠵᠠᠭᠠᠷᠲᠤ ᠦᠢᠯᠡ ᠠᠵᠢᠯᠯᠠᠭ᠎ᠠ ᠶᠢᠨ ᠴᠢᠳᠠᠪᠤᠷᠢ  ᠲᠠᠢ᠂    2. ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠᠲᠤ ᠶᠢᠨ ᠭᠠᠵᠠᠷ ᠲᠤ ᠬᠤᠭᠤᠴᠠᠭ᠎ᠠ ᠬᠤᠪᠢᠶᠠᠭᠰᠠᠨ ᠪᠤᠶᠤ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠵᠡᠷᠭᠡ ᠮᠠᠭᠤ ᠦᠢᠯᠡ ᠠᠵᠢᠯᠯᠠᠭ᠎ᠠ ᠶᠢᠨ ᠲᠡᠮᠳᠡᠭᠯᠡᠯ ᠲᠠᠢ ᠂    3. ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠲᠣᠰᠬᠠᠢ ᠮᠡᠷᠭᠡᠵᠢᠯᠲᠡᠨ ᠤ ᠬᠢᠷᠢ ᠭᠡᠮ ᠢᠶᠠᠨ ᠬᠠᠰᠣᠭᠤᠯᠵᠦ ᠦᠩᠭᠡᠷᠡᠭᠰᠡᠨ᠂    4. ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠤ ᠦᠷᠲᠡᠭᠡ ᠳᠤ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢᠨ ᠨᠡᠷᠡᠰ ᠲᠤ ᠣᠷᠣᠭᠰᠠᠨ᠂    5. ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ ᠃    ᠳᠥᠷᠪᠡ᠂ ᠬᠥᠮᠥᠷᠭᠡ ᠳᠤ ᠣᠷᠣᠭᠤᠯᠬᠤ ᠳᠡᠰ ᠳᠠᠷᠠᠭᠠᠯᠠᠯ    ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠵᠢᠱᠢᠭᠳᠡᠭᠰᠡᠳ ᠡᠷᠬᠡ ᠲᠡᠭᠰᠢ᠂ ᠲᠥᠪ ᠭᠤᠤᠯᠴᠢ᠂ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠨ᠂ ᠳᠣᠤᠷ᠎ᠠ ᠠᠴᠠ ᠳᠡᠭᠡᠭᠰᠢ᠂ ᠱᠠᠲᠤ ᠳᠠᠷᠠᠭᠠᠯᠠᠨ ᠬᠢᠨᠠᠨ ᠬᠠᠷᠭᠤᠭᠤᠯᠬᠤ᠂ ᠠᠷᠠᠳᠴᠢᠯᠠᠯ ᠢᠶᠠᠷ ᠰᠢᠯᠢᠳᠡᠭ ᠢ ᠰᠣᠩᠭᠤᠬᠤ ᠠᠷᠭ᠎ᠠ ᠮᠠᠶ᠋ᠢᠭ ᠢᠶᠠᠷ ᠴᠢᠩᠭ᠎ᠠ ᠶᠠᠪᠣᠭᠳᠠᠭᠤᠯᠬᠤ ᠬᠡᠷᠡᠭᠲᠡᠢ ᠃ ᠬᠤᠪᠢ ᠬᠥᠮᠦᠨ ᠭᠤᠶᠣᠴᠢᠯᠠᠨ ᠮᠡᠳᠡᠭᠦᠯᠬᠦ ᠂ ᠪᠠᠶᠢᠭ᠎ᠠ ᠨᠢᠭᠡᠴᠢ ᠨᠢ ᠬᠢᠨᠠᠨ ᠬᠠᠷᠭᠤᠭᠤᠯᠬᠤ᠂ ᠢᠯᠡ ᠨᠡᠶᠢᠲᠡᠯᠡᠬᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠵᠣᠬᠢᠶᠠᠨ ᠪᠠᠶᠢᠭᠤᠯᠤᠨ ᠳᠠᠬᠢᠨ ᠬᠢᠨᠠᠬᠤ᠂ ᠳᠠᠩᠰᠠᠯᠠᠭᠤᠯᠬᠤ ᠵᠡᠷᠭᠡ ᠳᠡᠰ ᠳᠠᠷᠠᠭᠠᠯᠠᠯ ᠢ ᠬᠡᠷᠡᠭᠵᠢᠭᠦᠯᠦᠨ᠎ᠡ ᠃    ︵ᠨᠢᠭᠡ︶ ᠬᠤᠪᠢ ᠬᠦᠮᠦᠨ ᠭᠤᠶᠣᠴᠢᠯᠠᠨ ᠮᠡᠳᠡᠭᠦᠯᠬᠦ    ᠬᠥᠮᠥᠷᠭᠡ ᠳᠤ ᠣᠷᠣᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠂ ᠬᠤᠪᠢ ᠬᠥᠮᠦᠨ ᠤ ᠰᠠᠶᠢᠨ ᠳᠤᠷ᠎ᠠ ᠠᠴᠠ ᠪᠠᠨ ᠭᠤᠶᠣᠴᠢᠯᠠᠨ ᠮᠡᠳᠡᠭᠦᠯᠬᠦ ᠪᠠᠷ ᠰᠠᠭᠤᠷᠢ ᠪᠣᠯᠭᠠᠵᠤ᠂ ︽ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠵᠢᠱᠢᠭᠳᠡᠭᠴᠢ ᠶᠢ ᠲᠠᠨᠢᠯᠴᠠᠭᠤᠯᠬᠤ ᠬᠦᠰᠦᠨᠦᠭᠲᠦ︾ ︵ᠳᠠᠭᠠᠯᠳᠤᠭᠤᠯᠤᠯ 1︶ ᠶᠢ ᠦᠨᠡᠨ ᠪᠣᠳᠠᠲᠠᠶ ᠪᠠᠷ ᠲᠠᠭᠯᠠᠵᠤ᠂ ᠭᠤᠶᠤᠴᠢᠯᠠᠭᠴᠢ  ᠨᠢ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ︵ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ᠂ ᠲᠤᠰᠬᠠᠶ ᠮᠡᠷᠭᠡᠵᠢᠯ ᠤᠨ ᠮᠡᠷᠭᠡᠵᠢᠯ ᠤᠨ ᠴᠣᠯᠠ ᠶᠢᠨ ᠦᠨᠡᠮᠯᠡᠯ᠂ ᠨᠡᠶᠢᠲᠡᠯᠡᠵᠦ ᠦᠩᠭᠡᠷᠡᠭᠰᠡᠨ ᠥᠭᠦᠯᠡᠯ᠂ ᠲᠤᠰᠬᠠᠶ ᠵᠣᠬᠢᠶᠠᠯ᠂ ᠡᠭᠦᠷᠭᠡᠯᠡᠵᠦ ᠪᠠᠶᠢᠭ᠎ᠠ ᠴᠢᠬᠤᠯᠠ ᠶᠡᠭᠡ ᠲᠥᠷᠥᠯ ᠵᠦᠢᠯ ᠵᠡᠷᠭᠡ ᠰᠤᠳᠤᠯᠭᠠᠨ ᠤ ᠦᠷ᠎ᠡ ᠪᠦᠲᠦᠭᠡᠯ ᠢ ᠬᠠᠩᠭᠠᠵᠤ᠂ ᠢᠷᠠᠭᠤ ᠠᠯᠳᠠᠷ ᠵᠢᠴᠢ ᠱᠠᠩᠨᠠᠯ ᠤᠨ ᠵᠦᠢᠯ ᠵᠡᠷᠭᠡ︶ ︵ᠳᠠᠭᠠᠯᠳᠤᠭᠤᠯᠤᠯ 3︶ ᠢ ᠬᠠᠩᠭᠠᠬᠤ ᠬᠡᠷᠡᠭᠲᠡᠶ᠃    ︵ᠬᠤᠶᠠᠷ︶ ᠨᠢᠭᠡᠴᠢ ᠶᠢᠨ ᠬᠢᠨᠠᠨ ᠬᠠᠷᠭᠤᠭᠤᠯᠤᠯᠲᠠ    ᠪᠠᠶᠢᠭ᠎ᠠ ᠨᠢᠭᠡᠴᠢ ᠨᠦᠭᠦᠳ  ᠨᠢ ᠲᠠᠨᠢᠯᠴᠠᠭᠤᠯᠬᠤ ᠪᠠᠷ ᠪᠠᠶᠢᠭ᠎ᠠ ᠡᠲᠡᠭᠡᠳ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠵᠢᠴᠢ ᠲᠠᠨᠢᠯᠴᠠᠭᠤᠯᠬᠤ ᠪᠠᠷ ᠪᠠᠶᠢᠭ᠎ᠠ ᠡᠲᠡᠭᠡᠳ ᠤᠨ ᠦᠨᠳᠦᠰᠦᠨ ᠪᠠᠶᠢᠳᠠᠯ᠂ ᠦᠢᠯᠡ ᠶᠠᠪᠤᠳᠠᠯ ᠵᠡᠷᠭᠡ ᠶᠢ ᠴᠢᠩᠭ᠎ᠠ ᠬᠢᠨᠠᠨ ᠬᠠᠷᠭᠤᠭᠤᠯᠬᠤ ᠶᠢᠨ ᠬᠠᠮᠲᠤ᠂ ᠲᠤᠰ ᠨᠢᠭᠡᠴᠢ ᠨᠢ ᠢᠯᠡ ᠨᠡᠶᠢᠲᠡᠯᠡᠬᠦ ᠳᠤ ᠣᠨᠳᠣᠤ ᠰᠠᠨᠠᠯ ᠦᠭᠡᠶ ︵ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠦ ᠪᠣᠯᠬᠤ ᠦᠭᠡᠶ︶᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠢ ᠃ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠨᠢᠯᠴᠠᠭᠤᠯᠤᠭᠰᠠᠨ ᠮᠡᠳᠡᠭᠦᠯᠦᠯᠲᠡ ᠭᠠᠷᠭᠠᠵᠤ᠂ ᠲᠠᠨᠢᠯᠴᠠᠭᠤᠯᠣᠭᠰᠠᠨ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠲᠤ ᠮᠡᠳᠡᠭᠦᠯᠬᠦ ᠬᠡᠷᠡᠭᠲᠡᠶ᠃ ᠡᠷᠬᠢᠯᠡᠨ ᠬᠠᠮᠢᠶᠠᠷᠬᠤ  ᠰᠠᠯᠠᠭ᠎ᠠ ᠮᠦᠴᠢᠷ ᠦᠭᠡᠢ ᠪᠣᠯ ᠠᠵᠢᠯᠯᠠᠵᠤ ᠪᠠᠶᠢᠭ᠎ᠠ ᠨᠢᠭᠡᠴᠢ ᠠᠴᠠ  ᠨᠢ ᠰᠢᠭᠤᠳ ᠲᠠᠨᠢᠯᠴᠠᠭᠤᠯᠣᠨ᠎ᠠ ᠃    ᠤᠯᠤᠰ ᠤᠨ ᠦᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠲᠠᠨᠢᠯᠴᠠᠭᠤᠯᠬᠤ ᠳᠤ ᠪᠠᠨ ᠂ ᠡᠷᠬᠡᠪᠰᠢ ᠺᠠᠳ᠋ᠷ ᠤᠨ ᠬᠠᠮᠢᠶᠠᠷᠣᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ ᠃    ᠲᠠᠪᠤ᠂ ᠬᠤᠯᠪᠣᠭᠳᠠᠯ ᠪᠦᠬᠦᠢ ᠱᠠᠭᠠᠷᠳᠠᠯᠭ᠎ᠠ    ︵ᠨᠢᠭᠡ︶ ᠲᠣᠰ ᠤᠳᠠᠭᠠᠨ ᠤ ᠲᠠᠨᠢᠯᠴᠠᠭᠤᠯᠭ᠎ᠠ ᠳᠤ ᠬᠦᠢᠴᠡᠳᠭᠡᠯ ᠲᠤᠭ᠎ᠠ ᠶᠢ ᠬᠢᠵᠠᠭᠠᠷᠯᠠᠬᠤ ᠥᠬᠡᠶ᠂ ᠡᠯ᠎ᠡ ᠬᠤᠯᠪᠣᠭᠳᠠᠯ ᠪᠥᠬᠦᠶ ᠨᠢᠭᠡᠴᠢ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ ᠂ ᠤᠯᠤᠰ ᠲᠥᠷᠥ ᠦᠵᠡᠯ ᠰᠠᠨᠠᠭ᠎ᠠ  ᠨᠢ ᠨᠠᠶᠢᠳᠠᠪᠤᠷᠢᠲᠠᠶ᠂ ᠣᠨᠣᠯ ᠤᠨ ᠰᠠᠭᠤᠷᠢ  ᠨᠢ ᠭᠦᠨ ᠵᠤᠵᠠᠭᠠᠨ᠂ ᠮᠡᠷᠭᠡᠵᠢᠯ ᠤᠨ ᠬᠢᠷᠢ ᠬᠡᠮᠵᠢᠶ᠎ᠡ  ᠨᠢ ᠥᠨᠳᠥᠷ᠂ ᠠᠵᠢᠯ ᠤᠨ ᠲᠤᠷᠰᠢᠯᠭ᠎ᠠ ᠪᠠᠷ ᠪᠠᠶᠠᠯᠢᠭ᠂ ᠢᠯᠠᠩᠭᠤᠶ᠎ᠠ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠂ ᠠᠵᠢᠯ ᠤᠨ ᠠᠮᠵᠢᠯᠲᠠ ᠲᠣᠪᠤᠶᠢᠮ᠎ᠠ᠂ ᠠᠵᠢᠯ ᠲᠦᠷᠦᠯ ᠤᠨ ᠬᠢᠨ ᠤ ᠨᠡᠶᠢᠲᠡ ᠪᠠᠷ ᠢᠶᠠᠨ ᠮᠡᠳᠡᠷᠡᠵᠦ ᠪᠠᠶᠢᠭ᠎ᠠ ᠬᠦᠮᠦᠰ ᠢ ᠲᠠᠨᠢᠯᠴᠠᠭᠤᠯᠬᠤ ᠳᠤ ᠪᠠᠨ ᠰᠢᠯᠢᠳᠡᠭ ᠵᠠᠯᠠᠭᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠠᠨᠢᠯᠴᠠᠭᠤᠯᠬᠤ ᠶᠢ ᠴᠢᠬᠤᠯᠠᠴᠢᠯᠠᠬᠤ ᠬᠡᠷᠡᠭᠲᠡᠶ᠃    ︵ᠬᠤᠶᠠᠷ︶ ᠲᠠᠨᠢᠯᠴᠠᠭᠤᠯᠬᠤ ᠡᠲᠡᠭᠡᠳ ᠤᠨ ᠨᠠᠰᠤ ᠨᠢ 60 ᠨᠠᠰᠤ ᠠᠴᠠ ᠳᠣᠷᠣᠭᠰᠢ ᠪᠠᠶᠢᠬᠤ ᠬᠡᠷᠡᠭᠲᠡᠢ ᠃    ︵ᠭᠤᠷᠪᠠ︶ 2023 ᠣᠨ ᠠᠴᠠ ᠡᠮᠦᠨ᠎ᠡ ᠨᠢᠭᠡᠨᠲᠡ ᠲᠠᠨᠢᠯᠴᠠᠭᠤᠯᠤᠭᠰᠠᠨ ᠲᠤᠰᠬᠠᠢ ᠮᠡᠷᠭᠡᠵᠢᠯᠲᠡᠨ ᠳᠠᠪᠬᠤᠷᠳᠠᠭᠤᠯᠤᠨ ᠲᠠᠨᠢᠯᠴᠠᠭᠤᠯᠬᠤ ᠴᠢᠬᠤᠯᠠ ᠦᠭᠡᠢ᠃    ︵ᠲᠦᠷᠪᠡ︶ ᠮᠡᠳᠡᠭᠦᠯᠬᠦ ᠮᠠᠲ᠋ᠧᠷᠢᠶᠠᠯ ᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠠᠶᠢᠪᠠᠯ᠂ ᠬᠥᠮᠥᠷᠭᠡ ᠳᠤ ᠣᠷᠣᠭᠤᠯᠬᠤ ᠵᠢᠱᠢᠭᠳᠡᠭᠴᠢ ᠶᠢᠨ ᠬᠢᠷᠢ ᠭᠡᠮ ᠢ ᠨᠢ ᠬᠦᠴᠦᠨ ᠦᠭᠡᠶ ᠪᠣᠯᠭᠠᠬᠤ ᠶᠢᠨ ᠬᠠᠮᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ ᠃    ︵ᠲᠠᠪᠤ︶ ᠡᠯ᠎ᠡ ᠨᠢᠭᠡᠴᠢ ᠨᠢ ᠮᠡᠳᠡᠭᠦᠯᠬᠦ ᠳᠡᠰ ᠳᠠᠷᠠᠭᠠᠯᠠᠯ ᠢ ᠴᠢᠩᠭ᠎ᠠ ᠭᠦᠢᠴᠡᠳᠭᠡᠵᠦ᠂ ᠲᠠᠨᠢᠯᠴᠠᠭᠤᠯᠬᠤ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠪᠠ ᠵᠢᠷᠣᠮᠵᠢᠯᠲᠤ ᠴᠢᠨᠠᠷ ᠢ ᠦᠨᠡᠨ ᠬᠦ ᠪᠠᠲᠤᠯᠠᠵᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠷᠢᠶᠠᠩᠭᠤᠶᠢᠯᠠᠭᠰᠠᠨ ᠤ ᠳᠠᠷᠠᠭ᠎ᠠ᠂ ᠭᠤᠶᠤᠴᠢᠯᠠᠯ ᠤᠨ ᠬᠦᠰᠦᠨᠦᠭᠲᠦ᠂ ᠬᠤᠷᠢᠶ᠋ᠩᠭᠤᠶᠢᠯᠠᠭᠰᠠᠨ ᠬᠦᠰᠦᠨᠦᠭᠲᠦ᠂ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ︵ ᠳᠡᠪᠲᠡᠷᠯᠡᠭᠰᠡᠨ ︶ ᠵᠢᠴᠢ ᠲᠠᠨᠢᠯᠴᠠᠭᠤᠯᠬᠤ ᠮᠡᠳᠡᠭᠦᠯᠦᠯᠲᠡ ᠳᠤ ᠠᠯᠪᠠᠨ ᠲᠠᠮᠠᠭ᠎ᠠ ︵ Word ᠬᠡᠪᠯᠡᠯ ᠪᠠ PDF ᠲᠠᠮᠠᠭ᠎ᠠ ᠳᠠᠷᠣᠭᠰᠠᠨ ᠬᠡᠪᠯᠡᠯ︶ ᠳᠠᠷᠤᠭᠰᠠᠨ ᠤ ᠳᠠᠷᠠᠭ᠎ᠠ 5 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃    ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ    ᠬᠠᠷᠢᠯᠴᠠᠬᠤ ᠬᠥᠮᠥᠨ᠄ ᠬᠠᠨ ᠢᠦᠢ ᠰᠢᠶᠠ᠂ ᠯᠢᠦ ᠵᠢᠶᠦ᠋ᠨ ᠴᠢᠩ    ᠬᠠᠷᠢᠯᠴᠠᠬᠤ ᠤᠲᠠᠰᠤ᠄ 0471 - 6509187    ᠢᠮᠧᠯ᠄ jstrsjy@163.com    ᠰᠢᠦᠳᠠᠨ ᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠵᠡᠭᠦᠨ ᠵᠡᠭᠡᠯᠢ ᠶᠢᠨ 15 ᠳ᠋ᠤᠭᠠᠷ ᠨᠣᠮᠧᠷᠲᠤ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ︶     ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠵᠢᠱᠢᠭᠳᠡᠭᠴᠢ ᠶᠢ ᠲᠠᠨᠢᠯᠴᠠᠭᠤᠯᠬᠤ ᠬᠦᠰᠦᠨᠦᠭᠲᠦ    2. ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠵᠢᠱᠢᠭᠳᠡᠭᠴᠢ ᠶᠢ ᠲᠠᠨᠢᠯᠴᠠᠭᠤᠯᠬᠤ ᠬᠤᠷᠢᠶᠠᠩᠭᠤᠶ ᠬᠦᠰᠦᠨᠦᠭᠲᠦ    3. ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠭᠤᠶᠣᠴᠢᠯᠠᠨ ᠮᠡᠳᠡᠭᠦᠯᠬᠦ ᠭᠡᠷᠡᠴᠢᠯᠡᠬᠦ ᠮᠠᠲ᠋ᠧᠷᠢᠶᠠᠯ ᠤᠨ ᠨᠠᠷᠢᠨ ᠳᠠᠩᠰᠠ     2025 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ