ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠤᠨ ︽ᠲᠤᠰᠢᠶᠠᠬᠤ ᠪᠠᠷ ᠪᠠᠶᠢᠭ᠎ᠠ ᠭᠦᠢᠴᠡᠳᠬᠡᠬᠦ ᠵᠦᠢᠯ︾ ᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2025/4/3
        ﹇2025 ﹈   27 ᠳ᠋ᠤᠭᠠᠷ ᠲᠣᠭᠠᠲᠤ    ᠣᠶᠢᠷ᠎ᠠ ᠳᠤ᠂ ᠠᠵᠤ ᠠᠬᠤᠶᠢᠯᠠᠯ ᠪᠠ ᠣᠯᠠᠨ ᠲᠦᠮᠡᠨ ᠤ ᠠᠰᠠᠭᠤᠨ ᠯᠠᠪᠯᠠᠬᠤ ᠠᠰᠠᠭᠤᠳᠠᠯ ᠲᠠᠢ ᠤᠶᠠᠯᠳᠤᠭᠤᠯᠤᠨ᠂ ᠮᠠᠨ ᠤ ᠲᠢᠩᠬᠢᠮ ᠠᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠬᠢᠵᠦ᠂ ᠭᠤᠶᠣᠴᠢᠯᠠᠯ ᠤᠨ ᠦᠵᠦᠭᠦᠷ ᠲᠤ ᠬᠡᠰᠡᠭ ᠣᠷᠳᠣ ᠬᠤᠭᠤᠴᠠᠭ᠎ᠠ ᠪᠠᠷ ︵6 ᠰᠠᠷ᠎ᠠ ᠠᠴᠠ ᠬᠡᠲᠦᠷᠡᠭᠰᠡᠨ︶ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠠ ᠣᠯᠠᠨ ᠲᠦᠮᠡᠨ ᠤ ᠰᠢᠢᠳᠪᠦᠷᠢᠯᠡᠭᠡᠳᠦᠢ ︽ ᠲᠣᠰᠢᠶᠠᠬᠤ ᠪᠠᠷ ᠪᠠᠶᠢᠭ᠎ᠠ ︾ ᠭᠦᠢᠴᠡᠳᠬᠡᠬᠦ ᠵᠦᠢᠯ ᠣᠷᠣᠰᠢᠵᠤ ᠪᠠᠶᠢᠬᠤ ᠶᠢ ᠮᠡᠳᠡᠪᠡ᠂ ︽ ᠲᠣᠰᠢᠶᠠᠬᠤ ᠪᠠᠷ ᠪᠠᠶᠢᠭ᠎ᠠ ︾ ᠭᠦᠢᠴᠡᠳᠬᠡᠬᠦ ᠵᠦᠢᠯ ᠠᠴᠠ ᠪᠣᠯᠵᠤ ᠰᠢᠨ᠎ᠡ ᠪᠠᠷ ᠨᠡᠮᠡᠭᠳᠡᠬᠦ ᠭᠦᠢᠴᠡᠳᠬᠡᠬᠦ ᠵᠦᠢᠯ ᠢ ᠬᠠᠷᠰᠢᠯᠠᠬᠤ ᠠᠴᠠ ᠵᠠᠶᠢᠯᠠᠰᠬᠢᠬᠦ ᠶᠢᠨ ᠲᠥᠯᠥᠭᠡ᠂ ᠮᠠᠨ ᠤ ᠲᠢᠩᠬᠢᠮ 2025 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠮᠣᠨᠡᠬᠢ ᠰᠢᠰᠲ᠋ᠧᠮ ᠤᠨ ᠳᠣᠲᠣᠷᠠᠬᠢ ︽ᠲᠤᠰᠢᠶᠠᠬᠤ ᠪᠠᠷ ᠪᠠᠶᠢᠭ᠎ᠠ ︾ ᠭᠦᠢᠴᠡᠳᠬᠡᠬᠦ ᠵᠦᠢᠯ ᠢ ᠬᠠᠰᠤᠨ ᠰᠢᠢᠳᠪᠦᠷᠢᠯᠡᠬᠦ ᠪᠦᠭᠡᠳ ᠬᠤᠶᠢᠰᠢᠳᠠ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ 1 ᠤ ᠡᠳᠦᠷ ᠪᠠ 7 ᠳ᠋ᠤᠭᠠᠷ ᠰᠠᠷ᠎ᠠ ᠶᠢᠨ 1 ᠤ ᠡᠳᠦᠷ ᠲᠤ 6 ᠰᠠᠷ᠎ᠠ ᠠᠴᠠ ᠬᠡᠲᠦᠷᠡᠭᠰᠡᠨ ᠭᠤᠶᠣᠴᠢᠯᠠᠨ ᠮᠡᠳᠡᠭᠦᠯᠣᠯᠲᠡ ᠶᠢᠨ ︽ᠲᠣᠰᠢᠶᠠᠬᠤ ᠪᠠᠷ ᠪᠠᠶᠢᠭ᠎ᠠ︾ ᠭᠦᠢᠴᠡᠳᠬᠡᠬᠦ ᠵᠦᠢᠯ ᠢᠶᠠᠨ ᠲᠣᠰᠢᠶᠠᠭᠰᠠᠨ ᠦᠭᠡᠢ ᠪᠣᠯ ᠪᠠᠶᠢᠴᠠᠭᠠᠬᠤ ᠶᠢᠨ ᠬᠠᠮᠲᠣ ᠴᠡᠪᠡᠷᠯᠡᠨ᠎ᠡ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠠ ᠣᠯᠠᠨ ᠲᠦᠮᠡᠨ  ᠨᠢ ᠰᠢᠰᠲ᠋ᠧᠮ ᠤᠨ ᠳᠣᠮᠳᠠᠬᠢ ᠭᠦᠢᠴᠡᠳᠭᠡᠬᠦ ᠵᠦᠢᠯ ᠤᠨ ᠪᠠᠶᠢᠳᠠᠯ ᠢ ᠴᠠᠭ ᠲᠤᠬᠠᠶ ᠳᠤ ᠨᠢ ᠠᠩᠬᠠᠷᠴᠣ᠂ ᠴᠠᠭ ᠲᠣᠬᠠᠢ ᠳᠤ ᠨᠢ ᠲᠣᠬᠠᠶᠢᠯᠠᠭᠰᠠᠨ ᠠᠵᠢᠯ ᠤᠨ ᠭᠤᠶᠣᠴᠢᠯᠠᠨ ᠮᠡᠳᠡᠭᠦᠯᠣᠯᠲᠡ ᠶᠢ ᠭᠦᠢᠴᠡᠳᠬᠡᠬᠦ ᠶᠢ ᠬᠦᠰᠡᠵᠦ ᠪᠠᠶᠢᠨ᠎ᠠ᠃    ᠠᠰᠠᠭᠤᠨ ᠯᠠᠪᠯᠠᠬᠤ ᠤᠲᠠᠰᠤ᠄ 0471 - 6944058᠂ 0471 - 12345                     2025 ᠣᠨ ᠤ 3 ᠳ᠋ᠤᠭᠠᠷ ᠰᠠᠷ᠎ᠠ ᠶᠢᠨ 24 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ