ᠳᠤᠯᠠᠭᠠᠨ ᠬᠤᠲᠠᠨ ᠳᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠬᠠᠯᠠᠮᠰᠢᠯ ᠢ ᠡᠭᠦᠰᠭᠡᠪᠡ
ᠨᠡᠶᠢᠲᠡᠯᠡᠭᠰᠡᠨ ᠴᠠᠭ᠄
2025/5/12
    ᠠᠭᠤᠤ ᠶᠡᠭᠡ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠭᠤᠶᠢᠳᠠ ᠰᠠᠶᠢᠬᠠᠨ ᠪᠡᠶ᠎ᠡ ᠪᠣᠯᠪᠠᠰᠤᠷᠠᠭᠤᠯᠬᠤ ᠲᠥᠪ ᠵᠡᠷᠭᠡ ᠪᠠᠷᠢᠯᠭ᠎ᠠ ᠨᠢ ᠬᠤᠲᠠ ᠶᠢᠨ ᠭᠠᠵᠠᠷ ᠵᠦᠢ ᠶᠢᠨ ᠢᠯᠡᠷᠬᠡᠶᠢᠯᠡᠯᠲᠤ ᠪᠣᠯᠳᠠᠭ ᠃ ︽5 · 1︾ ᠤ ᠬᠤᠭᠤᠴᠠᠭᠠᠨ ᠳᠤ᠂ ᠣᠷᠳᠣᠰ ᠬᠤᠲᠠ ᠤᠨ ᠬᠢᠨ ᠰᠣᠶᠣᠯ ᠪᠡᠶ᠎ᠡ ᠶᠢᠨ ᠲᠠᠮᠢᠷ ᠤᠨ ᠵᠤᠭ᠎ᠠ ᠴᠡᠩᠭᠡᠯ ᠤᠨ 57 ᠲᠥᠷᠥᠯ ᠤᠨ ᠠᠵᠢᠯᠯᠠᠭ᠎ᠠ ᠲᠣᠬᠢᠷᠠᠭᠤᠯᠵᠤ᠂ ᠡᠯ᠎ᠡ ᠭᠠᠵᠠᠷ ᠤᠨ ᠪᠡᠶ᠎ᠡ ᠴᠢᠭᠢᠷᠠᠭᠵᠢᠭᠤᠯᠬᠤ ᠲᠠᠯᠠᠪᠣᠷ ᠣᠷᠳᠣᠨ ᠶᠡᠷᠦ ᠪᠤᠰᠤ ᠶᠢᠨ ᠬᠥᠷ ᠬᠥᠭᠵᠢᠶᠡᠨ ᠲᠠᠢ ᠪᠠᠶᠢᠵᠦ ᠂ ᠬᠥᠮᠦᠰ ᠤᠨ ᠵᠤᠭ᠎ᠠ ᠴᠡᠩᠬᠡᠯ ᠰᠤᠯᠠ ᠰᠡᠯᠡᠭᠦᠦ᠂ ᠲᠥᠷᠥᠯ ᠰᠠᠳᠤᠨ ᠨᠠᠶᠢᠵᠠ ᠨᠥᠬᠦᠳ ᠤᠨ ᠴᠤᠭᠯᠠᠭᠠᠨ ᠤ  ᠰᠠᠶᠢᠬᠠᠨ ᠭᠠᠵᠠᠷ ᠪᠣᠯᠵᠤ᠂ ᠡᠳᠡᠭᠡᠷ ᠠᠤᠭ᠎ᠠ ᠰᠦᠷᠯᠢᠭ ᠪᠠᠷᠢᠯᠭ᠎ᠠ ᠶᠢᠨ ᠭᠠᠵᠠᠷ ᠤᠨ ᠭᠠᠵᠠᠷ ᠵᠦᠢ ᠶᠢᠨ ᠢᠯᠡᠷᠬᠡᠶᠢᠯᠡᠯᠲᠤ ᠨᠢ ᠶᠠᠭ ᠯᠠ ᠬᠤᠲᠠ ᠶᠢᠨ ᠠᠷᠠᠳ ᠤᠨ ᠰᠡᠳᠭᠢᠯ ᠳᠠᠬᠢ ︽ᠣᠶᠤᠨ ᠰᠠᠨᠠᠭᠠᠨ ᠤ ᠪᠠᠶᠢᠷᠢᠰᠢᠯ ︾ ᠪᠣᠯᠵᠤ ᠬᠤᠪᠢᠷᠠᠪᠠ᠃    ︽ ᠡᠯ᠎ᠡ ᠨᠣᠮᠧᠷ ᠤᠨ ᠬᠢᠨ ᠣᠷᠣᠨ ᠪᠠᠶᠢᠷᠢ ᠪᠠᠨ ᠰᠡᠷᠭᠡᠶᠢᠯᠡᠨ ᠬᠠᠮᠠᠭᠠᠯᠠᠬᠤ ᠪᠠᠨ ᠠᠩᠬᠠᠷ᠂ ᠬᠤᠪᠢ ᠶᠢᠨ ᠬᠠᠷᠢᠴᠠᠯ ᠢ ᠵᠠᠪᠠᠯ ᠪᠠᠷᠢᠮᠲᠠᠯᠠᠬᠤ ᠬᠡᠷᠡᠭᠲᠡᠢ︾᠃ ︽ᠬᠦᠮᠦᠨ ᠰᠣᠯᠢᠨ᠎ᠠ ᠂ 3 ᠳ᠋ᠤᠭᠠᠷ ᠨᠣᠮᠧᠷ ᠪᠠᠭᠤᠵᠦ 11 ᠳ᠋ᠤᠭᠠᠷ ᠨᠣᠮᠧᠷ ᠣᠷᠣ ᠃︾ ︽ᠴᠢᠷᠮᠠᠢ︕ ᠴᠢᠷᠮᠠᠢ︕︾ ᠁ ᠁    5 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠤ ᠨᠠᠩᠰᠦ ᠪᠠᠯᠭᠠᠰᠤᠨ ᠤ ᠮᠣᠭᠠᠶᠢᠲᠤ ᠨᠡᠶᠢᠭᠡᠮ ᠲᠣᠭᠤᠷᠢᠭ ᠤᠨ ᠠᠯᠠᠭᠠᠳᠠᠬᠤ ᠪᠥᠮᠪᠦᠭᠡ ᠶᠢᠨ ᠲᠠᠯᠠᠪᠠᠶ ᠳᠤ ᠂ ᠪᠠᠶᠠᠨᠰᠢᠯᠢ ᠭᠠᠴᠠᠭ᠎ᠠ ᠪᠣᠯᠤᠨ ᠭᠡᠷᠡᠩᠭᠡᠲᠤ ᠭᠠᠴᠠᠭᠠᠨ ᠤ ᠲᠣᠰᠬᠤᠨ ᠤ ᠠᠷᠠᠳ ᠤᠨ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠬᠦᠭᠵᠢᠶᠡᠨᠲᠠᠢ ᠶᠠᠪᠣᠭᠳᠠᠵᠤ ᠪᠠᠶᠢᠯ᠎ᠠ ᠃    2023 ᠣᠨ ᠳᠤ ᠪᠠᠶᠢᠭᠤᠯᠤᠭᠳᠠᠭᠰᠠᠨ ᠨᠠᠩᠰᠦ ᠪᠠᠯᠭᠠᠰᠤᠨ ᠤ ᠨᠡᠶᠢᠭᠡᠮ ᠲᠣᠭᠤᠷᠢᠭ ᠤᠨ ᠠᠯᠠᠭᠠᠳᠠᠬᠤ ᠪᠥᠮᠪᠦᠭᠡ ᠶᠢᠨ ᠲᠠᠯᠠᠪᠠᠢ ᠶᠢ 6 ᠬᠡᠰᠡᠭ ᠪᠠᠷᠢᠮᠵᠢᠶᠠᠲᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠤ ᠲᠠᠯᠠᠪᠠᠢ ᠪᠠᠷ ᠪᠦᠷᠢᠯᠳᠦᠭᠦᠯᠵᠦ᠂ ᠡᠷᠭᠢᠨ ᠲᠣᠭᠤᠷᠢᠨ ᠤ ᠦᠵᠡᠭᠴᠢᠳ ᠤᠨ ᠲᠠᠶᠢᠰᠠ ᠂ ᠳ᠋ᠧᠩ ᠤᠨ ᠭᠡᠷᠡᠯ᠂ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠪᠦᠷᠢᠨ ᠪᠠᠶᠢᠨ᠎ᠠ᠃ᠲᠤᠬᠠᠶ ᠶᠢᠨ ᠡᠳᠦᠷ᠂ 6 ᠬᠡᠰᠡᠭ ᠤᠷᠤᠯᠳᠤᠭᠠᠨ ᠤ ᠲᠠᠯᠠᠪᠠᠢ ᠳᠤ ᠴᠥᠮ ᠤᠷᠤᠯᠳᠤᠭᠠᠨ ᠲᠠᠢ ᠪᠠᠶᠢᠵᠦ ᠂ ᠤᠷᠤᠯᠳᠤᠭᠠᠨ ᠳᠤ ᠣᠷᠣᠯᠴᠠᠬᠤ ᠠᠩᠭᠢ ᠳᠤ ᠭᠠᠴᠠᠭᠠᠨ ᠤ ᠠᠩᠭᠢ᠂ ᠬᠦᠷᠰᠢ ᠵᠡᠷᠭᠡᠯᠡᠳᠡᠭᠡ ᠶᠢᠨ ᠠᠩᠭᠢ᠂ ᠲᠥᠷᠥᠯ ᠰᠠᠳᠤᠨ ᠨᠠᠶᠢᠵᠠ ᠨᠦᠬᠦᠳ ᠤᠨ ᠠᠩᠭᠢ᠂ ᠬᠤᠷᠰᠢᠶᠠᠵᠢᠯ ᠤᠨ ᠠᠩᠭᠢ᠂ ᠨᠠᠰᠤᠲᠠᠶᠢᠴᠤᠳ ᠤᠨ ᠠᠩᠭᠢ ᠵᠡᠷᠭᠡ ᠶᠢ ᠪᠠᠭᠲᠠᠭᠠᠨ᠎ᠠ᠃ ᠦᠵᠡᠭᠴᠢᠳ ᠤᠨ ᠲᠠᠶᠢᠰᠠᠨ ᠳᠡᠭᠡᠷ᠎ᠡ᠂ ᠲᠠᠯᠠᠪᠠᠢ ᠶᠢᠨ ᠬᠠᠵᠠᠭᠤ ᠪᠠᠷ ᠣᠯᠠᠨ ᠲᠦᠮᠡᠨ ᠳᠦᠭᠦᠷᠴᠦ᠂ ᠣᠯᠠᠨ ᠢᠶᠠᠷ ᠢᠶᠠᠨ ᠡᠶᠢᠮᠣᠷᠬᠦᠦ ᠬᠡᠯᠪᠡᠷᠢ ᠪᠠᠷ ︽5 · 1︾ ᠤ ᠠᠮᠠᠷᠠᠯᠲᠠ ᠪᠠᠨ ᠪᠠᠶᠠᠷ ᠬᠥᠷ ᠲᠠᠢ ᠥᠩᠭᠡᠷᠡᠭᠦᠯᠦᠯ᠎ᠡ᠃    ᠨᠠᠩ ᠣᠯᠠᠨ ᠬᠥᠮᠦᠨ ᠢ ᠲᠠᠯᠠᠪᠠᠢ ᠳᠤ ᠭᠠᠷᠭᠠᠵᠤ ᠪᠥᠮᠪᠦᠭᠡ ᠨᠠᠭᠠᠳᠤᠭᠤᠯᠬᠤ ᠶᠢᠨ ᠲᠥᠯᠥᠭᠡ᠂ ᠮᠠᠯᠴᠢᠳ ᠰᠠᠶᠢᠨ ᠳᠣᠷ᠎ᠠ ᠠᠴᠠ ᠪᠠᠨ᠂ ᠲᠠᠯᠠᠪᠠᠢ ᠨᠢᠭᠡᠪᠦᠷᠢ ᠳᠠᠭᠤᠰᠤᠭᠰᠠᠨ ᠤ ᠳᠠᠷᠠᠭ᠎ᠠ᠂ ᠳᠡᠶᠢᠯᠦᠭᠳᠡᠭᠰᠡᠨ ᠨᠢᠭᠡ ᠲᠠᠯ᠎ᠠ ᠨᠢ ᠤᠷᠢᠳ ᠢᠶᠠᠷ ᠪᠠᠭᠤᠵᠤ᠂  ᠳᠡᠶᠢᠯᠣᠭ᠍ᠰᠡᠨ ᠲᠠᠯ᠎ᠠ ᠨᠢ ᠦᠷᠭᠦᠯᠵᠢᠯᠡᠨ ᠤᠷᠤᠯᠳᠤᠨ᠎ᠠ ᠂ ᠬᠡᠷᠪᠡ ᠵᠠᠯᠭᠠᠭ᠎ᠠ ᠪᠠᠷ ᠬᠤᠶᠠᠷ ᠤᠳᠠᠭ᠎ᠠ ᠢᠯᠠᠪᠠᠯ ᠂ ᠪᠠᠰᠠ ᠲᠠᠯᠠᠪᠠᠢ ᠠᠴᠠ ᠪᠠᠭᠤᠵᠤ ᠪᠤᠰᠤᠳ ᠡᠩᠨᠡᠭᠡ ᠪᠠᠨ ᠰᠣᠯᠢᠨ᠎ᠠ ᠭᠡᠵᠦ ᠪᠣᠯᠵᠣᠨ ᠲᠣᠭᠲᠠᠵᠠᠶ᠃    65 ᠨᠠᠰᠤᠲᠠᠶ ᠡᠤ ᠷᠧᠨ ᠱᠠᠨ ᠪᠣᠯᠣᠨ ᠠᠩᠭᠢ ᠶᠢᠨ ᠨᠦᠬᠦᠳ ᠲᠠᠢ ᠪᠠᠨ ᠬᠠᠮᠲᠤ ᠵᠠᠯᠭᠠᠭ᠎ᠠ ᠪᠠᠷ ᠬᠤᠶᠠᠷ ᠲᠠᠯᠠᠪᠠᠢ ᠳᠡᠶᠢᠯᠣᠭ᠍ᠰᠡᠨ ᠤ ᠳᠠᠷᠠᠭ᠎ᠠ ᠪᠠᠭᠤᠵᠦ ᠠᠮᠠᠷᠠᠬᠤ ᠶᠢᠨ ᠳᠠᠭᠠᠣ ᠳᠤ ᠬᠤᠪᠢ ᠲᠡᠮᠳᠡᠭᠯᠡᠭᠴᠢ ᠪᠣᠯᠪᠠ ᠃ ᠲᠡᠷᠡ ︽ᠪᠢ ᠠᠯᠠᠭᠠᠳᠠᠬᠤ ᠪᠥᠮᠪᠦᠭᠡ ᠨᠠᠭᠠᠳᠬᠤ ᠳᠤᠷᠠᠲᠠᠢ᠂ ᠭᠡᠪᠡᠴᠦ ᠥᠩᠭᠡᠷᠡᠭᠰᠡᠨ ᠳᠤ ᠵᠠᠪᠰᠢᠶᠠᠨ ᠴᠦᠭᠡᠨ ᠪᠠᠶᠢᠵᠠᠢ ︾ ᠭᠡᠪᠡ᠃ ︽ᠣᠳᠣᠬᠠᠨ ᠳᠤ ᠭᠠᠴᠠᠭᠠᠨ ᠳᠤ ᠠᠯᠠᠭᠠᠳᠠᠬᠤ ᠪᠥᠮᠪᠦᠭᠡ ᠶᠢᠨ ᠲᠠᠯᠠᠪᠠᠢ ᠲᠠᠢ᠂ ᠪᠠᠰᠠ ᠬᠤᠶᠠᠷ ᠮᠠᠯᠴᠢᠨ ᠡᠷᠦᠬᠡ ᠠᠯᠠᠭᠠᠳᠠᠬᠤ ᠪᠥᠮᠪᠦᠭᠡ ᠶᠢᠨ ᠲᠠᠯᠠᠪᠠᠢ ᠪᠠᠶᠢᠭᠤᠯᠵᠤ᠂ ᠬᠡᠵᠢᠶ᠎ᠡ ᠴᠦ ᠭᠡᠰᠡᠨ ᠨᠠᠭᠠᠳᠴᠤ ᠪᠣᠯᠤᠨ᠎ᠠ︾ ᠭᠡᠵᠡᠶ᠃    ᠵᠡᠭᠦᠨᠭᠠᠷ ᠬᠤᠰᠢᠭᠤᠨ ᠤ ᠪᠦᠬᠦ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ — ᠵᠡᠭᠦᠨᠭᠠᠷ ᠰᠣᠶᠣᠯ ᠪᠡᠶ᠎ᠡ ᠶᠢᠨ ᠲᠠᠮᠢᠷ ᠤᠨ ᠲᠥᠪ ᠲᠤ ᠪᠡᠶ᠎ᠡ ᠪᠣᠯᠪᠠᠰᠣᠷᠠᠭᠤᠯᠬᠤ ᠪᠠᠷ ᠢᠷᠡᠭᠰᠡᠨ ᠬᠤᠲᠠ ᠶᠢᠨ ᠠᠷᠠᠳ ᠬᠤᠢᠨ᠎ᠠ ᠬᠤᠢᠨ᠎ᠠ ᠠᠴᠠ ᠪᠠᠨ ᠴᠤᠪᠤᠷᠠᠵᠦ ᠪᠠᠶᠢᠯ᠎ᠠ ᠃ ᠲᠠᠯᠠᠪᠣᠷ ᠣᠷᠳᠣᠨ ᠳᠣᠲᠣᠷ᠎ᠠ ᠫᠢᠩᠫᠠᠩ ᠪᠥᠮᠪᠦᠭᠡ᠂ ᠥᠲᠥᠨ ᠪᠥᠮᠪᠦᠭᠡ᠂ ᠰᠠᠭᠰᠤᠨ ᠪᠥᠮᠪᠦᠭᠡ ᠶᠢᠨ ᠬᠥᠳᠡᠯᠭᠡᠭᠡᠨ ᠨᠢ ᠬᠤᠳᠠ ᠶᠢᠨ ᠠᠷᠠᠳ ᠤᠨ ᠬᠦᠷᠢᠶᠡᠯᠡᠯ ᠢ ᠶᠡᠬᠡᠳᠡ ᠣᠯᠵᠤ᠂ ᠬᠦᠶᠦᠵᠦ ᠬᠠᠷᠠᠶᠢᠬᠤ ᠳᠣᠮᠳᠠ ᠪᠥᠮᠪᠥᠭᠡᠨ ᠫᠠᠶᠢᠰᠠ ᠶᠢᠨ ᠴᠣᠬᠢᠯᠲᠠ ᠶᠢᠨ ᠳᠠᠭᠤᠨ ᠪᠣᠯᠤᠨ ᠬᠤᠳᠠ ᠶᠢᠨ ᠠᠷᠠᠳ ᠤᠨ ᠪᠠᠶᠠᠷᠯᠠᠨ ᠣᠷᠢᠶᠠᠯᠠᠨ ᠬᠠᠰᠬᠢᠷᠠᠯᠳᠣᠬᠤ ᠳᠠᠭᠤᠨ ᠰᠦᠯᠵᠢᠯᠳᠦᠵᠦ᠂ ᠬᠥᠳᠡᠯᠭᠡᠭᠡᠨ ᠠᠴᠠ ᠪᠣᠯᠵᠤ ᠲᠠᠨᠢᠯᠴᠠᠭᠰᠠᠨ ᠬᠤᠳᠠ ᠶᠢᠨ ᠠᠷᠠᠳ ᠤᠳ ᠬᠠᠮᠤᠭ ᠤᠨ ᠡᠶ᠎ᠡ ᠵᠣᠬᠢᠴᠠᠯ ᠲᠠᠢ ᠰᠡᠳᠬᠢᠯ ᠬᠥᠳᠡᠯᠭᠡᠮ᠎ᠡ ᠦᠵᠡᠮᠵᠢ ᠶᠢ ᠪᠦᠷᠢᠯᠳᠦᠭᠦᠯᠦᠭᠰᠡᠨ ᠪᠠᠶᠢᠨ᠎ᠠ ᠃    ᠰᠢᠤᠸᠠᠢ ᠵᠢᠶᠠ ᠸᠠᠨ ᠪᠠᠯᠭᠠᠰᠤᠨ ᠤ ᠰᠠᠭᠤᠭᠠᠯᠢ ᠠᠷᠠᠳ ᠹᠧᠩ ᠠᠪᠠᠭ᠋ᠠᠢ ︽ᠠᠩᠬ᠎ᠠ ᠤᠳᠠᠭ᠎ᠠ ᠠᠳᠡ ᠢᠷᠡᠵᠦ ᠪᠠᠶᠢᠨ᠎ᠠ᠂ ᠣᠷᠴᠢᠨ ᠲᠣᠭᠤᠷᠢᠨ ᠵᠢᠴᠢ ᠲᠥᠬᠦᠭᠡᠷᠦᠮᠵᠢ  ᠨᠢ ᠮᠠᠰᠢ ᠰᠠᠶᠢᠬᠠᠨ ᠰᠠᠨᠠᠭᠳᠠᠵᠤ ᠪᠠᠶᠢᠨ᠎ᠠ᠂ ᠠᠮᠠᠷᠠᠯᠲᠠ ᠶᠢᠨ ᠬᠤᠭᠤᠴᠠᠭᠠᠨ ᠳᠤ ᠬᠡᠷ ᠤᠨ ᠬᠥᠮᠦᠰ ᠨᠠᠶᠢᠵᠠ ᠨᠦᠬᠦᠳ ᠢᠶᠠᠨ ᠳᠠᠭᠠᠭᠤᠯᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠪᠡᠶ᠎ᠡ ᠴᠢᠭᠢᠷᠠᠭᠵᠢᠭᠤᠯᠬᠤ ᠨᠢ ᠨᠡᠯᠢᠶᠡᠳ ᠰᠠᠶᠢᠨ ᠰᠣᠩᠭᠤᠯᠲᠠ ᠪᠣᠯᠣᠨ᠎ᠠ ︾ ᠭᠡᠵᠦ ᠬᠡᠯᠡᠪᠡ᠃    5 ᠳ᠋ᠤᠭᠠᠷ ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠬᠢᠶ᠎ᠡ ᠪᠠᠭᠰᠢ ᠲᠣᠭᠤᠷᠢᠭ ᠤᠨ ᠲᠡᠷᠭᠡ ᠣᠷᠣᠯᠳᠣᠬᠤ ᠪᠠᠭ᠎ᠠ ᠪᠠᠯᠭᠠᠰᠤᠨ ᠤ ᠰᠣᠶᠣᠯ ᠵᠢᠭᠤᠯᠴᠢᠯᠠᠯ ᠤᠨ ᠣᠷᠣᠨ ᠳᠤ᠂ ︽ᠪᠢ ᠬᠢᠶ᠎ᠠ ᠪᠠᠭᠰᠢ ᠲᠣᠭᠤᠷᠢᠭ ᠢᠶᠠᠨ ᠬᠠᠶᠢᠷᠠᠯᠠᠬᠤ ᠳᠣᠭᠤᠢ ᠲᠡᠷᠭᠡᠨ ᠤ ᠥᠷᠢᠰᠦᠯᠳᠦᠬᠦ ᠤᠷᠤᠯᠳᠤᠭᠠᠨ︾ ᠶᠠᠭ ᠶᠠᠪᠤᠭᠳᠠᠵᠤ ᠪᠠᠶᠢᠨ᠎ᠠ᠂ ᠡᠷᠬᠢᠨ ᠲᠣᠭᠤᠷᠢᠨ ᠤ ᠮᠤᠵᠢ ᠬᠤᠲᠠ ᠶᠢᠨ ᠮᠢᠩᠭ᠎ᠠ ᠭᠠᠷᠤᠶ ᠳᠤᠭᠤᠶ ᠲᠡᠷᠭᠡᠨ ᠤ ᠤᠷᠤᠯᠳᠤᠭᠠᠨ ᠤ ᠰᠠᠶᠢᠨ ᠳᠤᠷᠠᠴᠤᠳ ᠨᠡᠷ᠎ᠡ ᠮᠡᠳᠡᠭᠦᠯᠵᠦ ᠣᠷᠣᠯᠴᠠᠭᠰᠠᠨ ᠪᠠᠶᠢᠨ᠎ᠠ ᠃    ᠵᠢᠶᠠ ᠵᠢᠶᠦ᠋ᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠦᠦ ᠪᠠᠨ ᠳᠠᠭᠠᠭᠤᠯᠤᠨ ᠲᠣᠭᠤᠷᠢᠭ ᠤᠨ ᠬᠤᠷᠳᠤᠨ ᠤᠷᠤᠯᠳᠤᠭᠠᠨ ᠤ ᠲᠥᠷᠥᠯ ᠵᠦᠢᠯ ᠳᠤ ᠣᠷᠣᠯᠴᠠᠪᠠ᠂ ᠲᠡᠳᠡ ᠬᠡᠳᠦ᠋ᠢᠪᠡᠷ ᠨᠡᠷᠡᠰ ᠤᠨ ᠳᠠᠷᠠᠭᠠᠯᠠᠯ ᠳᠤ ᠣᠷᠣᠭᠰᠠᠨ ᠦᠭᠡᠢ ᠪᠣᠯᠪᠠᠴᠤ ᠪᠠᠶᠠᠷ ᠪᠠᠶᠠᠰᠣᠯ ᠢ ᠣᠯᠣᠭᠰᠠᠨ ᠪᠠᠶᠢᠨ᠎ᠠ ᠃ ᠵᠢᠶᠠ ᠵᠢᠶᠦ᠋ᠨ ︽ ᠮᠢᠨᠦ ᠦᠵᠡᠬᠦ ᠪᠠᠷ ᠡᠶᠢᠮᠦᠷᠬᠦᠦ ᠤᠷᠤᠯᠳᠤᠭᠠᠨ ᠨᠢ ᠤᠷᠤᠯᠳᠤᠭᠠᠨ ᠤ ᠤᠷ᠎ᠠ ᠮᠡᠷᠭᠡᠵᠢᠯ ᠤᠨ ᠴᠢᠨᠠᠷ ᠲᠠᠢ ᠮᠥᠷᠲᠡᠭᠡᠨ ᠵᠤᠭ᠎ᠠ ᠴᠡᠩᠭᠡᠯ ᠤᠨ ᠴᠢᠨᠠᠷ ᠲᠠᠢ ᠪᠠᠶᠢᠵᠤ᠂ ᠬᠤᠲᠠ ᠶᠢᠨ ᠠᠷᠠᠳ ᠲᠤ ᠳᠤᠭᠤᠶ ᠲᠡᠷᠭᠡᠨ ᠤ ᠤᠷᠤᠯᠳᠤᠭᠠᠨ ᠳᠤ ᠤᠶᠢᠷᠬᠠᠨ ᠠᠴᠠ ᠣᠷᠣᠯᠴᠠᠬᠤ ᠪᠠ ᠲᠡᠭᠦᠨ ᠢ ᠪᠡᠶᠡᠴᠢᠯᠡᠨ ᠣᠶᠢᠯᠠᠭᠠᠬᠤ ᠲᠣᠬᠢᠶᠠᠯ ᠣᠯᠭᠤᠵᠠᠶ ︾  ᠭᠡᠵᠦ ᠬᠡᠯᠡᠪᠡ     ᠨᠢᠳᠤᠨᠤᠨ᠂ ᠣᠷᠳᠣᠰ ᠬᠤᠲᠠ ︽ᠪᠥᠬᠦ ᠤᠯᠤᠰ ᠤᠨ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠬᠠᠩᠭᠠᠯᠭ᠎ᠠ ᠶᠢ ᠨᠡᠮᠡᠭᠳᠡᠭᠦᠯᠦᠨ᠂ 1 ᠪᠡᠶ᠎ᠡ ᠶᠢᠨ ᠲᠠᠮᠢᠷ ᠤᠨ ᠴᠡᠴᠡᠷᠯᠢᠭ᠂ 3 ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ 10 ᠺᠢᠯᠤᠮᠧᠲᠷ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ 3 ᠣᠯᠠᠨ ᠴᠢᠳᠠᠮᠵᠢᠳᠤ ᠪᠡᠶ᠎ᠡ ᠶᠢᠨ ᠲᠠᠮᠢᠷ ᠤᠨ ᠲᠠᠯᠠᠪᠠᠶ ᠶᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠣᠭᠠᠳ ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠣᠷ ᠤᠨ ᠲᠦᠬᠦᠭᠡᠷᠦᠮᠵᠢ ᠶᠢᠨ ᠲᠠᠰ ᠳᠡᠪᠰᠢᠬᠦ ᠶᠢ ᠪᠡᠶᠡᠯᠡᠭᠦᠯᠪᠡ᠃ ᠣᠳᠣᠬᠠᠨ ᠳᠤ᠂ ᠪᠥᠬᠦ ᠬᠤᠲᠠ ᠶᠢᠨ ᠬᠥᠮᠦᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠠᠯᠠᠪᠠᠶ 3.4 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠲᠠ ᠶᠢᠨ ᠲᠠᠰ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠤᠯᠤᠰ ᠤᠨ ︽ᠲᠠᠪᠤᠨ ᠨᠢᠭᠡ︾ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠪᠥᠬᠦ ᠲᠠᠯ᠎ᠠ ᠪᠠᠷ ᠬᠦᠷᠴᠦ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠣᠷ ᠣᠷᠳᠣᠨ ᠢ ᠵᠢᠯ ᠲᠤᠷᠰᠢ ᠨᠡᠶᠢᠭᠡᠮ ᠳᠤ ᠬᠠᠨᠳᠤᠭᠤᠯᠤᠨ ᠰᠦᠢᠳᠬᠡᠯ ᠬᠤᠷᠢᠶᠠᠬᠤ ᠥᠬᠡᠶ ᠪᠠᠷ ᠨᠡᠭᠡᠭᠡᠵᠦ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠣᠷ ᠣᠷᠳᠣᠨ ᠢ ᠨᠡᠶᠢᠭᠡᠮ ᠳᠤ ᠴᠢᠯᠥᠭᠡᠲᠡᠶ  ᠨᠡᠭᠡᠭᠡᠬᠦ ᠬᠠᠷᠢᠴᠠᠯ ᠢ 60 % ᠠᠴᠠ ᠳᠣᠤᠷ᠎ᠠ ᠪᠠᠶᠢᠯᠭᠠᠵᠤ ᠪᠣᠯᠬᠤ ᠥᠬᠡᠶ     ᠣᠷᠳᠣᠰ ᠬᠤᠲᠠ ᠶᠢᠨ ᠬᠢᠨ ︽ᠪᠥᠬᠦ ᠭᠠᠵᠠᠷ ᠣᠷᠣᠨ ᠢ ᠬᠠᠮᠤᠷᠤᠭᠰᠠᠨ᠂ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ᠂ ᠪᠥᠬᠦ ᠬᠥᠮᠦᠰ ᠢᠶᠠᠷ ᠢᠶᠠᠨ ᠬᠠᠮᠲᠤ ᠪᠠᠷ ᠡᠳ᠋ᠯᠡᠬᠦ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠪᠡᠶ᠎ᠡ ᠴᠢᠭᠢᠷᠠᠭᠵᠢᠭᠤᠯᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 38.5% ᠠᠴᠠ ᠳᠣᠤᠷ᠎ᠠ ᠪᠠᠶᠢᠯᠭᠠᠬᠤ ᠥᠬᠡᠶ ᠪᠠᠶᠢᠵᠦ ᠂ ᠣᠯᠠᠨ ᠲᠦᠮᠡᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠳᠤ ᠬᠠᠨᠤᠮᠵᠢᠲᠠᠢ ᠪᠠᠶᠢᠬᠤ ᠬᠡᠮᠵᠢᠶ᠎ᠡ ᠶᠢ 80% ᠠᠴᠠ ᠳᠠᠪᠠᠭᠤᠯᠵᠠᠢ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ