2025 ᠣᠨ ᠤ ᠠᠷᠪᠠᠨ ᠳᠥᠷᠪᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠵᠥᠪᠰᠢᠶᠡᠷᠡᠭᠰᠡᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2025/5/12
                    ﹇ 2025 ﹈ 50 ᠳ᠋ᠤᠭᠠᠷ ᠲᠣᠭᠠᠲᠤ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2025 ᠣᠨ ᠤ ᠠᠷᠪᠠᠨ ᠳᠥᠷᠪᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ ᠬᠢᠨᠠᠨ ᠪᠠᠶᠢᠴᠠᠭᠠᠯᠲᠠ ᠬᠢᠵᠦ᠂ ᠣᠲᠣ ᠬᠢᠨᠠᠨ ᠵᠥᠪᠰᠢᠶᠡᠷᠡᠭᠰᠡᠨ 54 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 3 ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂ 115 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ᠂ 12 ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠭᠡᠮ  ᠢᠶᠠᠨ ᠦᠷᠭᠦᠯᠵᠢᠯᠡᠭᠦᠯᠬᠦ ᠠᠵᠤ ᠠᠬᠤᠶᠢᠯᠠᠯ ᠂ 2 ᠭᠡᠷ ᠪᠠᠶᠢᠰᠢᠩ ᠭᠠᠵᠠᠷ ᠬᠥᠷᠥᠩᠭᠡ ᠶᠢᠨ ᠪᠠᠷᠤᠭᠯᠠᠵᠤ ᠦᠨᠡᠯᠡᠬᠦ ᠪᠠᠶᠢᠭᠤᠯᠤᠮᠵᠢ᠂ 8 ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ᠂ 1 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ  ᠤᠨ ᠳᠠᠬᠢᠨ ᠬᠢᠨᠠᠨ ᠲᠣᠭᠲᠠᠭᠠᠭᠰᠠᠨ ᠨᠡᠷᠡᠰ ᠢ ᠨᠡᠶᠢᠲᠡᠯᠡᠨ᠎ᠡ᠃ ᠳᠡᠭᠡᠷᠡᠬᠢ ᠨᠢᠭᠡᠨᠲᠡ ᠡᠯᠧᠺᠲᠷᠣᠨ ᠦᠨᠡᠮᠯᠡᠯ ᠢ ᠡᠬᠢᠯᠡᠵᠦ ᠬᠡᠷᠡᠭᠯᠡᠭᠰᠡᠨ ᠵᠦᠢᠯᠡᠰ ᠨᠢ ᠡᠯᠧᠺᠲᠷᠣᠨ ᠦᠨᠡᠮᠯᠡᠯ ᠢ ᠬᠢᠨᠠᠨ ᠣᠯᠭᠤᠭᠰᠠᠨ ᠡᠳᠦᠷ ᠠᠴᠠ ᠡᠬᠢᠯᠡᠨ᠂ ᠤᠤᠯ ᠤᠨ ᠬᠢᠨᠠᠨ ᠣᠯᠭᠤᠭᠰᠠᠨ ᠴᠠᠭᠠᠰᠤᠨ ᠦᠨᠡᠮᠯᠡᠯ ᠠᠶᠠᠨᠳᠠᠭᠠᠨ ᠬᠦᠴᠦᠨ ᠦᠭᠡᠢ ᠪᠣᠯᠣᠨ᠎ᠠ᠃ ᠠᠵᠤ ᠠᠬᠤᠶᠢᠯᠠᠯ ᠢ ᠦᠯᠦ ᠬᠢᠨᠠᠨ ᠵᠥᠪᠰᠢᠶᠡᠷᠡᠭᠰᠡᠨ ᠰᠢᠯᠲᠠᠭᠠᠨ ᠢ ᠠᠵᠤ ᠠᠬᠤᠶᠢᠯᠠᠯ ᠤᠨ ᠢᠮᠧᠯ ︵ᠮᠡᠳᠡᠭᠦᠯᠬᠦ ᠬᠦᠰᠦᠨᠦᠭ ᠲᠤ ᠲᠠᠭᠯᠠᠭᠰᠠᠨ ᠢᠮᠧᠯ︶ ᠳᠤ ᠢᠯᠡᠭᠡᠪᠡ᠂ ᠠᠵᠤ ᠠᠬᠤᠶᠢᠯᠠᠯ ᠥᠪᠡᠷᠲᠡᠭᠡᠨ ᠪᠠᠶᠢᠴᠠᠭᠠᠨ ᠦᠵᠡᠭᠡᠷᠡᠢ᠃ᠣᠨᠴᠠᠭᠠᠶᠢᠯᠠᠨ ᠵᠠᠷᠯᠠᠪᠠ᠃ ᠳᠠᠭᠠᠯᠳᠤᠭᠤᠯᠤᠯ᠄     1. ᠠᠷᠪᠠᠨ ᠳᠥᠷᠪᠡᠳᠦᠭᠡᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠨᠡᠷᠡᠰ    2. ᠠᠷᠪᠠᠨ ᠳᠥᠷᠪᠡᠳᠦᠭᠡᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠨᠡᠷᠡᠰ    3. ᠠᠷᠪᠠᠨ ᠳᠥᠷᠪᠡᠳᠦᠭᠡᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠨᠡᠷᠡᠰ    4. ᠠᠷᠪᠠᠨ ᠳᠥᠷᠪᠡᠳᠦᠭᠡᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠭᠡᠮ ᠢᠶᠠᠨ ᠦᠷᠭᠦᠯᠵᠢᠯᠡᠭᠦᠯᠬᠦ ᠨᠡᠷᠡᠰ    5. ᠠᠷᠪᠠᠨ ᠳᠥᠷᠪᠡᠳᠦᠭᠡᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠪᠠᠷᠤᠭᠯᠠᠵᠤ ᠦᠨᠡᠯᠡᠬᠦ ᠪᠠᠶᠢᠭᠤᠯᠤᠮᠵᠢ ᠶᠢᠨ ᠳᠠᠩᠰᠠᠯᠠᠭᠤᠯᠤᠭᠰᠠᠨ ᠨᠡᠷᠡᠰ    6. ᠠᠷᠪᠠᠨ ᠳᠥᠷᠪᠡᠳᠦᠭᠡᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠤᠨ ᠨᠡᠷᠡᠰ    7.ᠠᠷᠪᠠᠨ ᠳᠥᠷᠪᠡᠳᠦᠭᠡᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ  ᠤᠨ ᠳᠠᠬᠢᠨ ᠬᠢᠨᠠᠨ ᠲᠣᠭᠲᠠᠭᠠᠭᠰᠠᠨ ᠨᠡᠷᠡᠰ      2025 ᠣᠨ ᠤ 5 ᠳ᠋ᠤᠭᠠᠷ ᠰᠠᠷ᠎ᠠ ᠶᠢᠨ 9 ᠤ ᠡᠳᠦᠷ

 

ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ