34 ᠳ᠋ᠦ᠋ᠭᠡᠷ ︽ᠪᠥᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ︾ ᠬᠦᠷᠴᠦ ᠢᠷᠡᠬᠦ ᠲᠠᠰᠢᠷᠠᠮ ᠢᠶᠠᠷ᠂ 5 ᠳ᠋ᠤᠭᠠᠷ | ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠣᠯᠠᠨ ᠰᠠᠯᠠᠭ᠎ᠠ ᠮᠥᠴᠢᠷ ᠠᠴᠠ ᠬᠠᠮᠳᠤᠷᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠵᠢᠴᠢ ᠬᠥᠬᠡᠬᠤᠲᠠ ᠶᠢᠨ 2025 ᠣᠨ ᠤ ᠪᠥᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ | ᠬᠥᠬᠡᠬᠤᠲᠠ ᠶᠢᠨ ᠠᠯᠲᠠᠢ ᠴᠡᠴᠡᠷᠯᠢᠭ ᠲᠤ ᠡᠬᠢᠯᠡᠪᠡ᠃ | ᠣᠶᠢᠯᠠᠭᠠᠭᠰᠠᠨ ᠢᠶᠠᠷ᠂ ᠲᠣᠰ ᠠᠵᠢᠯᠯᠠᠭ᠎ᠠ ᠨᠢ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠤᠰᠤ ᠠᠷᠪᠢᠯᠠᠬᠤ ᠶᠢ | ᠬᠠᠮᠵᠢᠯᠴᠠᠨ ᠠᠬᠢᠭᠤᠯᠤᠶ᠎ᠠ︾ ᠪᠠᠷ ᠭᠤᠣᠯ ᠰᠡᠳᠦᠪ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠤᠰᠤ ᠠᠷᠪᠢᠯᠠᠬᠤ ᠶᠢ ᠲᠡᠷᠢᠭᠦᠨ ᠳᠤ | ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠪᠠ ᠤᠰᠤ | ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠤᠰᠤ ᠠᠷᠪᠢᠯᠠᠬᠤ | ᠤᠬᠠᠮᠰᠠᠷ ᠢ ᠭᠦᠨᠵᠡᠭᠡᠶᠢᠷᠡᠭᠦᠯᠦᠨ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠬᠤ ᠶᠢᠨ | ᠲᠥᠯᠥᠭᠡ ᠶᠤᠮ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠰᠤ ᠠᠷᠪᠢᠯᠠᠬᠤ ᠰᠠᠶᠢᠨ ᠳᠤᠷ᠎ᠠ ᠶᠢᠨ ᠠᠵᠢᠯᠯᠠᠭᠴᠢ ᠬᠤᠳᠠ ᠶᠢᠨ ᠠᠷᠠᠳ ᠲᠤ ᠤᠰᠤ ᠠᠷᠪᠢᠯᠠᠬᠤ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠮᠡᠳᠡᠯᠭᠡ᠂ ︽ᠠᠷᠠᠳ ᠢᠷᠭᠡᠳ ᠤᠨ ᠤᠰᠤ ᠶᠢ ᠠᠷᠪᠢᠯᠠᠵᠤ ᠬᠡᠷᠡᠭᠯᠡᠬᠦ ᠠᠵᠢᠯᠯᠠᠭ᠎ᠠ ᠶᠢᠨ ᠵᠢᠷᠤᠮᠵᠢᠯ︾᠂ ᠳᠠᠬᠢᠯᠲᠠ ᠤᠰᠤ ᠶᠢ | ᠠᠰᠢᠭᠯᠠᠬᠤ᠂ ᠬᠠᠶᠢᠮᠢᠶᠠᠨ ᠬᠤᠳᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢ ᠲᠠᠶᠢᠯᠪᠤᠷᠢᠯᠠᠬᠤ ᠶᠢᠨ ᠬᠠᠮᠲᠤ ᠤᠰᠤ ᠠᠷᠪᠢᠯᠠᠬᠤ ᠤᠬᠠᠭᠤᠯᠭ᠎ᠠ ᠶᠢᠨ | ᠳᠡᠪᠲᠡᠷ ᠢ ᠲᠠᠷᠬᠠᠭᠠᠵᠤ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠲᠠᠢ ᠤᠰᠤ ᠠᠷᠪᠢᠯᠠᠬᠤ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠤᠰᠤ ᠠᠷᠪᠢᠯᠠᠬᠤ | ᠲᠣᠭᠯᠠᠭᠠᠮ ᠵᠡᠷᠭᠡ ᠶᠢ ᠥᠷᠨᠢᠭᠦᠯᠵᠦ᠂ ᠬᠤᠳᠠ ᠶᠢᠨ ᠠᠷᠠᠳ ᠨᠠᠶᠢᠵᠠ ᠨᠠᠷ ᠲᠤ ᠤᠰᠤ ᠠᠷᠪᠢᠯᠠᠬᠤ ︽ᠮᠡᠳᠡᠯᠭᠡ ᠶᠢᠨ ᠦᠪᠡᠳᠡᠭᠰᠢ ᠳᠠᠶᠢᠯᠠᠯᠭ᠎ᠠ︾ ᠶᠢ ᠠᠪᠴᠢᠷᠠᠭᠰᠠᠨ | ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠪᠥᠬᠦ ᠣᠷᠣᠨ ᠤ ᠳᠡᠭᠡᠳᠦ ᠳᠣᠣᠷᠠᠳᠤ ᠱᠠᠲᠤᠨ ᠤ ᠬᠢᠨ ᠬᠤᠲᠠ ᠶᠢᠨ ᠤᠰᠤ ᠠᠷᠪᠢᠯᠠᠵᠤ | ᠬᠤᠷᠣᠭᠳᠠᠯ ᠢ ᠪᠠᠭᠠᠰᠬᠠᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ᠂ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠢ ᠥᠭᠡᠷᠡᠴᠢᠯᠡᠬᠦ᠂ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠵᠡᠷᠭᠡ ᠬᠤᠲᠠ ᠶᠢᠨ ᠰᠠᠭᠤᠷᠢ ᠲᠥᠬᠦᠭᠡᠷᠦᠮᠵᠢ ᠶᠢ ᠰᠢᠨᠡᠳᠬᠡᠨ | ᠥᠭᠡᠷᠡᠴᠢᠯᠡᠬᠦ ᠠᠵᠢᠯ ᠤᠨ ᠳᠤᠮᠳᠠ᠂ ᠬᠤᠲᠠ ᠶᠢᠨ ᠤᠰᠤ ᠬᠡᠷᠡᠭᠯᠡᠬᠦ ᠠᠰᠢᠭᠯᠠᠮᠵᠢ ᠲᠠᠰᠤᠷᠠᠯᠲᠠ ᠦᠭᠡᠢ ᠳᠡᠭᠡᠭᠰᠢᠯᠡᠵᠦ᠂ ᠪᠣᠬᠢᠷ ᠤᠰᠤ ᠶᠢ ᠳᠠᠬᠢᠨ ᠠᠰᠢᠭᠯᠠᠬᠤ ᠵᠢᠴᠢ | ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠣᠯᠵᠢᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠲᠦᠯᠬᠢᠨ ᠠᠬᠢᠭᠤᠯᠪᠠ᠃ 2025 ᠣᠨ ᠳᠤ᠂ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ | ︽ᠤᠰᠤ ᠠᠷᠪᠢᠯᠠᠬᠤ ᠠᠵᠢᠯᠯᠠᠭ᠎ᠠ︾ ᠶᠢᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤ ᠬᠠᠩᠭᠠᠬᠤ ᠬᠤᠭᠤᠯᠠᠢ ᠲᠣᠣᠷ ᠤᠨ | ᠭᠤᠭᠤᠵᠢᠯᠲᠠ ᠬᠤᠬᠢᠷᠠᠯ ᠢ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠂ ᠤᠰᠤ | ᠠᠷᠪᠢᠯᠠᠬᠤ ᠮᠡᠷᠭᠡᠵᠢᠯ ᠢ ᠳᠡᠯᠭᠡᠷᠡᠭᠦᠯᠵᠦ᠂ ᠤᠰᠤ ᠬᠠᠩᠭᠠᠬᠤ ᠪᠠᠳᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠤᠰᠤ ᠠᠷᠪᠢᠯᠠᠵᠤ ᠬᠡᠷᠡᠭᠯᠡᠬᠦ ᠠᠵᠢᠯ ᠤᠨ ᠳᠠᠬᠢᠨ | ᠰᠢᠨ᠎ᠡ ᠳᠡᠭᠲᠡᠷ ᠲᠤ ᠭᠠᠷᠬᠤ ᠶᠢ ᠢᠳᠡᠪᠬᠢᠲᠡᠢ ᠠᠬᠢᠭᠤᠯᠤᠨ᠎ᠠ᠃ | |