ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ ︵ 2025 ᠣᠨ ᠤ 5 ᠰᠠᠷ᠎ᠠ ᠶᠢᠨ 13 ᠤ ᠡᠳᠦᠷ ᠂ ᠪᠡᠭᠡᠵᠢᠩ ᠳᠤ ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠫᠸᠲᠷᠤ᠋ ᠂ | ᠬᠦᠨᠳᠦᠲᠦ ᠶᠡᠷᠦᠩᠬᠡᠶᠢᠯᠡᠭᠴᠢ ᠯᠦᠯᠠ ᠂ | ᠬᠦᠨᠳᠦᠲᠦ ᠶᠡᠷᠦᠩᠬᠡᠶᠢᠯᠡᠭᠴᠢ ᠪᠦᠧᠧᠯᠢᠴᠢ ᠂ | ᠬᠦᠨᠳᠦᠲᠦ ᠪᠠᠩᠬᠢ ᠶᠢᠨ ᠳᠠᠷᠤᠭ᠎ᠠ ᠷᠤᠰᠤᠹ ᠂ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠲᠥᠯᠥᠭᠡᠯᠡᠭᠴᠢᠳ ᠂ | ᠠᠪᠠᠭ᠋ᠠᠢ ᠨᠠᠷ ᠂ ᠠᠪᠤᠭᠠᠢ ᠨᠠᠷ ᠂ ᠨᠠᠶᠢᠵᠠ ᠨᠠᠷ ᠠ᠋᠄ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨ᠎ᠡ ᠬᠠᠭᠤᠴᠢᠨ ᠨᠠᠶᠢᠵᠠ ᠨᠠᠷ ᠲᠠᠢ ᠪᠡᠭᠡᠵᠢᠩ ᠳᠤ ᠴᠤᠭᠯᠠᠷᠠᠭᠰᠠᠨ ᠳᠠᠭᠠᠨ ᠮᠠᠰᠢ ᠪᠠᠶᠠᠷ ᠲᠠᠢ | ᠪᠠᠶᠢᠨ᠎ᠠ ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠤᠯᠠᠨ ᠤ ᠬᠦᠷᠴᠦ ᠢᠷᠡᠭᠰᠡᠨ ᠢ | ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ ︕ | 2015 ᠣᠨ ᠳᠤ ᠂ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠥᠯᠥᠭᠡᠯᠡᠭᠴᠢᠳ ᠲᠠᠢ ᠬᠠᠮᠲᠤ ᠪᠠᠷ ᠪᠡᠭᠡᠵᠢᠩ ᠳᠤ ᠳᠤᠮᠳᠠᠳᠤ ᠤᠯᠤᠰ | — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ | ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ ᠲᠤᠩᠬᠠᠭᠯᠠᠪᠠ ᠃ 10 ᠵᠢᠯ ᠤᠨ ᠲᠤᠷᠰᠢ ᠂ ᠬᠤᠶᠠᠷ ᠲᠠᠯ᠎ᠠ ᠶᠢᠨ | ᠨᠢᠮᠪᠠᠢ ᠪᠣᠶᠢᠵᠢᠭᠤᠯᠤᠯᠲᠠ ᠳᠣᠣᠷ᠎ᠠ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ | ᠲᠠᠪᠴᠠᠩ ᠨᠢ ᠨᠢᠭᠡᠨ ᠨᠢᠯᠬ᠎ᠠ ᠴᠢᠬᠢ ᠪᠠᠶᠢᠭᠰᠠᠨ ᠠᠴᠠ ᠪᠠᠨ ᠲᠣᠮᠣ ᠮᠣᠳᠣ ᠪᠣᠯᠵᠤ ᠪᠣᠶᠢᠵᠢᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ ᠃ | ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠣᠷᠣᠨ ᠯᠤᠭ᠎ᠠ ᠠᠯᠤᠰ ᠬᠤᠯᠠ ᠵᠠᠶᠢᠲᠠᠢ ᠪᠤᠯᠪᠠᠴᠤ ᠬᠤᠶᠠᠷ ᠲᠠᠯ᠎ᠠ ᠶᠢᠨ ᠨᠥᠭᠦᠷᠰᠡᠭ ᠶᠠᠪᠤᠯᠴᠠᠭ᠎ᠠ | ᠥᠨᠢ ᠤᠳᠠᠭᠠᠨ ᠲᠡᠦᠬᠡ ᠲᠠᠢ ᠶᠤᠮ ᠃ ᠠᠯᠢ ᠡᠷᠲᠡ 16 ᠳ᠋ᠤᠭᠠᠷ ᠵᠠᠭᠤᠨ ᠳᠤ ᠂ ᠨᠥᠬᠦᠷᠯᠡᠯ ᠢ ᠳᠦᠭᠦᠷᠡᠩ ᠠᠴᠢᠶᠠᠯᠠᠭᠰᠠᠨ ᠠᠯᠢ ᠤᠯᠠᠨ ︽ ᠳᠤᠮᠳᠠᠳᠤ ᠤᠯᠤᠰ ᠤᠨ | ᠬᠥᠯᠭᠡ ᠣᠩᠭᠤᠴᠠ ︾ ᠨᠣᠮᠣᠬᠠᠨ ᠳᠠᠯᠠᠢ ᠶᠢᠨ ᠬᠤᠶᠠᠷ ᠭᠦᠪᠡᠭᠡ ᠪᠠᠷ ᠰᠦᠯᠵᠢᠯᠳᠦᠵᠦ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠶᠠᠪᠤᠯᠴᠠᠭ᠎ᠠ ᠰᠣᠯᠢᠯᠴᠠᠭᠠᠨ ᠤ ᠬᠥᠰᠢᠭᠡ ᠶᠢ ᠰᠡᠬᠦᠭᠰᠡᠨ ᠶᠤᠮ ᠃ ᠳᠡᠭᠡᠷ᠎ᠡ ᠵᠠᠭᠤᠨ ᠤ ᠵᠢᠷᠠᠭᠠᠳ ᠣᠨ ᠠᠴᠠ ᠰᠡᠭᠦᠯᠡᠷ ᠂ ᠰᠢᠨ᠎ᠡ ᠳᠤᠮᠳᠠᠳᠤ ᠤᠯᠤᠰ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠵᠠᠷᠢᠮ ᠤᠯᠤᠰ ᠤᠳ ᠲᠠᠢ ᠬᠠᠷᠢᠯᠴᠠᠭ᠎ᠠ ᠪᠠᠶᠢᠭᠤᠯᠬᠤ ᠶᠢ ᠳᠠᠭᠠᠯᠳᠤᠨ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠰᠣᠯᠢᠯᠴᠠᠭ᠎ᠠ ᠬᠠᠮᠲᠤᠷᠠᠯᠴᠠᠭ᠎ᠠ ᠤᠯᠠᠮ ᠢᠶᠠᠷ ᠨᠢᠭᠲᠠᠷᠠᠵᠤ ᠢᠷᠡᠪᠡ ᠃ ᠰᠢᠨ᠎ᠡ ᠵᠠᠭᠤᠨ ᠠᠴᠠ ᠨᠠᠭᠠᠰᠢ ᠢᠯᠠᠩᠭᠤᠶ᠎ᠠ ᠣᠶᠢᠷ᠎ᠠ ᠶᠢᠨ | ᠵᠢᠯ ᠠᠴᠠ ᠨᠠᠭᠠᠰᠢ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠪᠢ ᠵᠠᠶᠠᠭ᠎ᠠ ᠪᠠᠨ ᠬᠠᠮᠲᠤᠳᠬᠠᠭᠰᠠᠨ ᠳᠠᠭᠤᠷᠢᠰᠬᠠᠯ ᠢ | ᠲᠠᠰᠤᠷᠠᠯᠳᠠ ᠦᠭᠡᠢ ᠪᠢᠴᠢᠭᠯᠡᠪᠡ ᠃ | — ᠪᠢᠳᠡ ᠭᠠᠷ ᠬᠤᠯᠪᠣᠨ ᠮᠥᠷᠥ ᠵᠡᠷᠭᠡᠴᠡᠵᠦ ᠂ ᠬᠠᠷᠢᠯᠴᠠᠨ ᠳᠡᠮᠵᠢᠯᠴᠡᠪᠡ ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠢᠮᠠᠭᠲᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ ᠪᠠᠶᠢᠬᠤ ᠶᠢ ᠳᠤᠮᠳᠠᠳᠤ ᠤᠯᠤᠰ ᠮᠠᠭᠲᠠᠨ ᠰᠠᠶᠢᠰᠢᠶᠠᠵᠤ ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ ᠂ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ ᠂ | ᠭᠠᠳᠠᠭᠠᠳᠤ ᠶᠢᠨ ᠬᠢᠨ ᠤ ᠭᠠᠷ ᠲᠦᠷᠦᠭᠦ ᠶᠢ ᠡᠰᠡᠷᠭᠦᠴᠡᠨ᠎ᠡ ᠃ ᠳᠡᠭᠡᠷ᠎ᠡ ᠵᠠᠭᠤᠨ ᠤ ᠵᠢᠷᠠᠭᠠᠳ ᠣᠨ ᠳᠤ ᠂ ᠳᠤᠮᠳᠠᠳᠤ ᠤᠯᠤᠰ ᠤᠨ ᠡᠯ᠎ᠡ ᠭᠠᠵᠠᠷ ᠲᠤ ᠶᠡᠭᠡ | ᠬᠡᠪᠴᠢᠶᠡᠨ ᠤ ᠤᠯᠠᠨ ᠲᠦᠮᠡᠨ ᠤ ᠵᠢᠭᠰᠠᠭᠠᠯ ᠶᠠᠪᠤᠭᠤᠯᠵᠤ ᠂ ᠫᠠᠨᠠᠮᠠ ᠶᠢᠨ ᠠᠷᠠᠳ ᠲᠦᠮᠡᠨ ᠤ ᠲᠠᠲᠠᠮᠠᠯ ᠭᠤᠣᠯ ᠤᠨ ᠡᠷᠬᠡ ᠮᠡᠳᠡᠯ ᠢᠶᠠᠨ ᠪᠤᠴᠠᠭᠠᠨ ᠠᠪᠬᠤ ᠶᠢ | ᠳᠡᠮᠵᠢᠪᠡ ︔ ᠳᠠᠯᠠᠭᠠᠳ ᠣᠨ ᠳᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ 200 ᠮᠢᠯ ᠳᠠᠯᠠᠢ ᠲᠠᠩᠭᠢᠰ ᠤᠨ ᠡᠷᠬᠡ ᠶᠢ ᠬᠠᠮᠠᠭᠠᠯᠠᠬᠤ ᠲᠡᠮᠡᠴᠡᠯ | ᠥᠷᠨᠢᠭᠦᠯᠵᠦ ᠂ ᠳᠤᠮᠳᠠᠳᠤ ᠤᠯᠤᠰ ᠲᠤᠭ ᠲᠡᠮᠳᠡᠭ ᠲᠣᠳᠣᠷᠬᠠᠢ ᠪᠠᠷ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠵᠦᠢ ᠶᠣᠰᠣᠨ ᠤ ᠱᠠᠭᠠᠷᠳᠠᠯᠭ᠎ᠠ ᠶᠢ ᠳᠡᠮᠵᠢᠪᠡ ᠃ | 1992 ᠣᠨ ᠠᠴᠠ ᠨᠠᠭᠠᠰᠢ ᠂ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠤ ᠵᠠᠯᠭᠠᠭ᠎ᠠ ᠪᠠᠷ 32 ᠤᠳᠠᠭ᠎ᠠ ᠪᠢᠯᠧᠲ | ᠥᠭᠴᠦ ᠂ ᠠᠮᠧᠷᠢᠺᠠ ᠶᠢᠨ ᠺᠦᠪᠡ ᠶᠢ ᠪᠢᠲᠡᠭᠦᠮᠵᠢᠯᠡᠬᠦ ᠶᠢ ᠵᠣᠭᠰᠤᠭᠠᠬᠤ ᠰᠢᠢᠳᠪᠦᠷᠢ ᠶᠢ ᠳᠡᠮᠵᠢᠪᠡ ᠃ | — ᠪᠢᠳᠡ ᠤᠷᠤᠰᠬᠠᠯ ᠤᠨ ᠡᠮᠦᠨ᠎ᠡ ᠬᠤᠰᠢᠭᠤᠷᠠᠬᠤ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠲᠡᠪᠠ ᠃ ᠳᠤᠮᠳᠠᠳᠤ ᠤᠯᠤᠰ — ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ ᠂ ᠠᠷᠠᠯᠵᠢᠶ᠎ᠠ ᠂ ᠪᠡᠯᠡ | ᠣᠷᠣᠭᠤᠯᠤᠯᠲᠠ ᠂ ᠮᠥᠩᠭᠦᠨ ᠭᠦᠢᠯᠭᠡᠭᠡᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ | ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠪᠠ ᠃ ᠬᠤᠶᠠᠷ ᠲᠠᠯ᠎ᠠ ᠪᠠᠷ ᠢᠶᠠᠨ ︽ ᠨᠢᠭᠡ | ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠣᠷᠣ ᠲᠥᠯᠥᠪ ᠤᠨ ᠳᠣᠲᠣᠷ᠎ᠠ 200 ᠭᠠᠷᠤᠢ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ ᠂ ᠵᠠᠭᠤᠨ ᠲᠦᠮᠡ ᠭᠠᠷᠤᠢ ᠠᠵᠢᠯ ᠤᠨ ᠪᠠᠶᠢᠷᠢ ᠶᠢ ᠡᠭᠦᠳᠪᠡ ᠃ ᠳᠤᠮᠳᠠᠳᠤ ᠤᠯᠤᠰ — | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠳᠠᠭᠠᠭᠤᠯᠢ ᠤᠳᠤᠨ ᠤ ᠬᠠᠮᠲᠤᠷᠠᠯᠴᠠᠭ᠎ᠠ ᠨᠢ ᠳᠡᠭᠡᠳᠦ ᠮᠡᠷᠭᠡᠵᠢᠯ ᠤᠨ ᠬᠦᠷᠢᠶᠡᠨ ᠳᠠᠬᠢ ᠬᠥᠭᠵᠢᠵᠦ | ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠵᠤ ᠂ ᠫᠧᠷᠦ᠋ ᠶᠢᠨ ᠴᠢᠶᠠᠨᠺᠠᠢ ᠭᠠᠷᠠᠮ ᠢ ᠤᠷᠤᠭᠰᠢᠲᠠᠢ ᠪᠠᠷ ᠠᠰᠢᠭᠯᠠᠯᠲᠠ ᠳᠤ ᠣᠷᠣᠭᠤᠯᠵᠤ | ᠠᠽᠢᠶ᠎ᠠ ᠯᠠᠲ᠋ᠢᠨ ᠠᠮᠧᠷᠢᠺᠠ ᠶᠢᠨ ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ ᠢ ᠨᠡᠭᠡᠭᠡᠪᠡ ᠃ ᠳᠤᠮᠳᠠᠳᠤ ᠤᠯᠤᠰ ᠴᠢᠯᠢ ᠂ ᠫᠧᠷᠦ᠋ ᠂ ᠺᠤᠰᠲ᠋ᠠ ᠷᠢᠺᠠ ᠂ | ᠡᠺᠦ᠋ᠸᠠᠳᠣᠷ ᠂ ᠨᠢᠺᠠᠷᠠᠭᠤᠸᠠ ᠵᠡᠷᠭᠡ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ ᠃ ᠨᠢᠳᠤᠨᠤᠨ ᠂ ᠳᠤᠮᠳᠠᠳᠤ ᠤᠯᠤᠰ — | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠷᠠᠯᠵᠢᠶᠠᠨ ᠤ ᠬᠡᠮᠵᠢᠶ᠎ᠡ ᠠᠩᠬ᠎ᠠ ᠤᠳᠠᠭ᠎ᠠ 5000 ᠳ᠋ᠦᠩᠰᠢᠭᠤᠷ ᠳ᠋ᠣᠯᠯᠠᠷ ᠢ ᠳᠠᠪᠠᠵᠤ ᠂ ᠲᠤᠰ | ᠵᠠᠭᠤᠨ ᠤ ᠡᠬᠢᠨ ᠤ ᠦᠶ᠎ᠡ ᠶᠢᠨ 40 ᠭᠠᠷᠤᠢ ᠳᠠᠭᠢᠨ ᠲᠠᠢ ᠲᠡᠩᠴᠡᠪᠡ ᠃ | — ᠪᠢᠳᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠴᠠᠭ ᠤᠨ ᠪᠡᠷᠬᠡ ᠶᠢ ᠬᠠᠮᠲᠤ ᠪᠠᠷ ᠲᠤᠭᠤᠯᠪᠠ ᠃ ᠳᠤᠮᠳᠠᠳᠤ ᠤᠯᠤᠰ — ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ | ᠢᠳᠡᠪᠬᠢᠲᠡᠢ ᠥᠷᠨᠢᠭᠦᠯᠵᠦ ᠂ ᠳᠠᠯᠠᠢ ᠶᠢᠨ ᠰᠢᠭᠤᠷᠭ᠎ᠠ ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠭᠠᠷ ᠬᠤᠯᠪᠣᠨ ᠠᠷᠭᠠᠴᠠᠭᠠᠪᠠ ᠃ ᠳᠤᠮᠳᠠᠳᠤ ᠤᠯᠤᠰ | 1993 ᠣᠨ ᠠᠴᠠ ᠡᠬᠢᠯᠡᠨ ᠤᠷᠢᠳ ᠬᠤᠵᠢᠳ ᠺᠠᠷᠢᠪᠧ ᠶᠢᠨ ᠤᠯᠤᠰ ᠤᠳ ᠲᠤ 38 ᠪᠦᠯᠦᠭ ᠤᠳᠠᠭ᠎ᠠ ᠶᠢᠨ ᠡᠮᠴᠢᠯᠡᠭᠡᠨ ᠤ ᠠᠩᠭᠢ ᠲᠣᠮᠢᠯᠠᠪᠠ ᠃ ᠡᠷᠢᠨ | ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ ᠂ ᠳᠤᠮᠳᠠᠳᠤ ᠤᠯᠤᠰ ᠡᠩ ᠲᠡᠷᠢᠭᠦᠨ ᠳᠤ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠤ 3 ᠳ᠋ᠦᠩᠰᠢᠭᠤᠷ | ᠭᠠᠷᠤᠢ ᠰᠢᠷᠬᠡᠭ ᠸᠠᠺᠼᠢᠨ ᠪᠠ 4000 ᠲᠦᠮᠡ ᠰᠢᠬᠠᠮ ᠬᠤᠪᠢ ᠡᠮᠴᠢᠯᠡᠭᠡᠨ ᠤ ᠡᠳ᠋ ᠪᠣᠳᠠᠰ ᠲᠥᠬᠦᠭᠡᠷᠦᠮᠵᠢ ᠬᠠᠩᠭᠠᠵᠤ ᠂ ᠤᠯᠠᠨ ᠡᠮᠴᠢᠯᠡᠭᠡᠨ ᠤ ᠲᠤᠰᠬᠠᠢ | ᠮᠡᠷᠭᠡᠵᠢᠯᠲᠡᠨ ᠤ ᠳᠤᠭᠤᠶᠢᠯᠠᠩ ᠲᠣᠮᠢᠯᠠᠨ ᠲᠤᠰᠠᠯᠠᠵᠤ ᠂ ᠭᠠᠵᠠᠷ ᠣᠷᠣᠨ ᠤ ᠤᠯᠤᠰ ᠤᠳ ᠤᠨ ᠲᠦᠭ ᠲᠦᠮᠡᠨ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠢ ᠬᠠᠮᠠᠭᠠᠯᠠᠬᠤ ᠳᠤ ᠬᠦᠴᠦᠨ ᠨᠡᠮᠡᠷᠢᠯᠡᠪᠡ ᠃ | — ᠪᠢᠳᠡ ᠪᠦᠯᠬᠦᠮᠳᠡᠨ ᠬᠠᠮᠵᠢᠯᠴᠠᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠪᠡ ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠬᠤᠶᠠᠷ ᠲᠠᠯ᠎ᠠ ᠪᠠᠷ ᠢᠶᠠᠨ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ | ᠬᠠᠮᠲᠤ ᠪᠠᠷ ᠬᠠᠮᠠᠭᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ ᠂ ᠳᠡᠯᠡᠬᠡᠢ ᠶᠢᠨ ᠤᠯᠠᠨ ᠲᠦᠢᠯᠵᠢᠯᠳᠠ ᠪᠣᠯᠣᠨ | ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯ ᠢ ᠠᠬᠢᠭᠤᠯᠪᠠ ᠃ ᠪᠢᠳᠡ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠵᠤ ᠂ ᠪᠦᠭᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠠᠬᠢᠴᠠ ᠶᠢ | ᠬᠠᠮᠲᠤ ᠪᠠᠷ ᠠᠬᠢᠭᠤᠯᠪᠠ ᠃ ᠳᠤᠮᠳᠠᠳᠤ ᠤᠯᠤᠰ ᠪᠷᠠᠽᠢᠯ ᠲᠠᠢ ᠬᠠᠮᠲᠤᠷᠠᠨ ᠦᠺᠷᠠᠶᠢᠨ ᠤ ᠬᠢᠮᠤᠷᠠᠯ ᠢ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ︽ ᠵᠢᠷᠭᠤᠭᠠᠨ | ᠲᠠᠯ᠎ᠠ ᠶᠢᠨ ᠬᠠᠮᠲᠤ ᠶᠢᠨ ᠲᠠᠨᠢᠯᠲᠠ ︾ ᠶᠢ ᠨᠡᠶᠢᠲᠡᠯᠡᠵᠦ ᠂ 110 ᠭᠠᠷᠤᠢ ᠤᠯᠤᠰ ᠤᠨ ᠢᠳᠡᠪᠬᠢᠲᠡᠢ ᠬᠦᠷᠢᠶᠡᠯᠡᠯ ᠢ ᠣᠯᠵᠤ ᠂ ᠣᠯᠠᠨ ᠤᠯᠤᠰ ᠤᠨ ᠬᠠᠯᠠᠮᠰᠢᠯ | ᠠᠰᠠᠭᠤᠳᠠᠯ ᠢ ᠰᠢᠢᠳᠪᠦᠷᠢᠯᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ ᠃ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠨᠢᠭᠡᠨᠲᠡ ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ | ᠬᠠᠮᠲᠤ ᠶᠢᠨ ᠴᠣᠭᠴᠠ ᠪᠣᠯᠤᠭᠰᠠᠨ ᠢ ᠪᠣᠳᠠᠲᠤ ᠶᠠᠪᠤᠳᠠᠯ ᠭᠡᠷᠡᠴᠢᠯᠡᠪᠡ ᠂ ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ ᠬᠠᠨᠳᠤᠯᠴᠠᠬᠤ | ᠪᠣᠯᠣᠨ᠎ᠠ ᠂ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯᠣᠨ᠎ᠠ ᠂ ᠬᠡᠬᠦᠳᠡᠭ ᠴᠡᠭᠡᠵᠢ ᠳᠡᠭᠡᠨ ᠪᠠᠭᠲᠠᠭᠠᠵᠤ | ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭᠠᠮᠵᠢᠲᠠᠢ ᠂ ᠦᠨᠳᠦᠰᠦᠨ ᠬᠥᠭᠡᠭᠡᠴᠡᠯᠳᠦᠯ ᠪᠣᠯ ᠠᠷᠠᠳ ᠲᠦᠮᠡᠨ ᠳᠤ ᠪᠤᠶᠠᠨ ᠦᠢᠯᠡᠳᠬᠦ ᠪᠠᠶᠢᠵᠤ ᠂ ᠥᠷᠨᠢᠭᠦᠨ | ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ ᠃ | ᠡᠷᠬᠢᠮ ᠵᠣᠴᠢᠳ ᠠ᠋ ᠂ ᠨᠠᠶᠢᠵᠠ ᠨᠠᠷ ᠠ᠋ ︕ | ᠣᠳᠣᠬᠠᠨ ᠳᠤ ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ ᠂ ᠤᠯᠠᠨ ᠳᠠᠪᠬᠤᠷ ᠠᠶᠤᠯ | ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ ᠂ ᠡᠯ᠎ᠡ ᠤᠯᠤᠰ ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠵᠤ ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ ᠃ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ ᠂ ᠠᠷᠠᠯᠵᠢᠶᠠᠨ ᠤ | ᠳᠠᠶᠢᠯᠠᠯᠳᠤᠭᠠᠨ ᠳᠤ ᠢᠯᠠᠭᠴᠢ ᠪᠠᠶᠢᠬᠤ ᠦᠭᠡᠢ ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ ᠭᠠᠭᠴᠠᠭᠠᠷᠳᠠᠭᠤᠯᠤᠨ᠎ᠠ ᠃ ᠳᠤᠮᠳᠠᠳᠤ ᠤᠯᠤᠰ ᠪᠠ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ ᠂ | ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ ᠮᠠᠨ ᠤ ᠢᠷᠠᠭᠤ ᠠᠯᠳᠠᠷᠲᠤ ᠤᠯᠠᠮᠵᠢᠯᠠᠯ ᠮᠥᠨ ᠂ ᠬᠥᠭᠵᠢᠯ ᠮᠠᠨᠳᠤᠯ ᠪᠣᠯ ᠪᠢᠳᠡᠨ ᠤ ᠲᠥᠷᠥᠯᠬᠢ ᠡᠷᠬᠡ ᠮᠥᠨ ᠂ ᠲᠥᠪ | ᠭᠤᠣᠯᠴᠢ ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ ᠃ ᠭᠠᠵᠠᠷ ᠣᠷᠣᠨ ᠢᠶᠠᠷ ᠰᠢᠯᠲᠠᠭᠠᠯᠠᠭᠳᠠᠭᠰᠠᠨ ᠤᠯᠤᠰ ᠲᠦᠷᠦ ᠪᠣᠯᠣᠨ | ᠯᠡᠭᠧᠷ ᠤᠨ ᠡᠰᠡᠷᠭᠦᠴᠡᠯᠳᠦᠯ ᠤᠨ ᠲᠠᠯᠲᠠ ᠤᠷᠤᠰᠬᠠᠯ ᠭᠦᠪᠦᠯᠵᠡᠵᠦ ᠂ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠡᠭᠦᠰᠴᠦ | ᠪᠠᠶᠢᠭ᠎ᠠ ᠪᠠᠶᠢᠳᠠᠯ ᠳᠤ ᠴᠢᠭᠯᠡᠭᠦᠯᠦᠨ ᠂ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ | ᠶᠡᠭᠡ ᠢᠨᠵᠧᠨᠧᠷᠢᠩ ᠢ ᠡᠬᠢᠯᠡᠭᠦᠯᠵᠦ ᠂ ᠬᠥᠭᠵᠢᠯ ᠮᠠᠨᠳᠤᠯ ᠢ ᠬᠠᠮᠲᠤ ᠪᠠᠷ ᠡᠷᠢᠯᠬᠢᠯᠡᠵᠦ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠃ | ᠨᠢᠭᠡ ᠪᠣᠯ ᠪᠦᠯᠬᠦᠮᠳᠡᠯ ᠤᠨ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠲᠤᠰ | ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠳᠡᠮᠵᠢᠯᠴᠡᠨ᠎ᠡ ᠃ | ᠬᠤᠶᠠᠷ ᠲᠠᠯ᠎ᠠ ᠪᠠᠷ ᠢᠶᠠᠨ ᠡᠯ᠎ᠡ ᠬᠦᠷᠢᠶᠡᠨ ᠤ ᠶᠠᠪᠤᠯᠴᠠᠭ᠎ᠠ ᠪᠠᠨ ᠨᠢᠭᠲᠠᠷᠠᠭᠤᠯᠵᠤ ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ | ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠶ᠎ᠠ ᠃ ᠢᠷᠡᠭᠡᠳᠦᠢ ᠶᠢᠨ 3 ᠵᠢᠯ ᠳᠤ ᠂ ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ 300 ᠲᠦᠷᠦ ᠶᠢᠨ ᠨᠠᠮ ᠤᠨ ᠺᠠᠳ᠋ᠷ ᠢ ᠤᠷᠢᠵᠤ ᠳᠤᠮᠳᠠᠳᠤ ᠤᠯᠤᠰ ᠲᠤ ᠰᠢᠨᠵᠢᠯᠡᠨ | ᠪᠠᠶᠢᠴᠠᠭᠠᠯᠭᠠᠵᠤ ᠠᠶᠢᠯᠴᠢᠯᠠᠯᠲᠠ ᠭᠢᠯᠭᠡᠵᠦ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠨ᠎ᠠ ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠤᠯᠠᠨ ᠲᠠᠯ᠎ᠠ ᠶᠢᠨ ᠲᠠᠪᠴᠠᠩ ᠳᠠᠬᠢ ᠨᠥᠯᠥᠭᠡ ᠪᠠᠨ ᠥᠷᠭᠡᠳᠬᠡᠬᠦ ᠶᠢ ᠳᠤᠮᠳᠠᠳᠤ ᠤᠯᠤᠰ ᠳᠡᠮᠵᠢᠵᠦ ᠂ ᠳᠤᠷᠠᠲᠠᠶ᠎ᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠲᠠᠢ ᠬᠠᠮᠲᠤ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ | ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ ᠂ ᠤᠯᠠᠨ ᠤᠯᠤᠰ ᠤᠨ ᠪᠠ ᠭᠠᠵᠠᠷ ᠣᠷᠣᠨ ᠤ | ᠬᠡᠷᠡᠭ ᠶᠠᠪᠤᠳᠠᠯ ᠤᠨ ᠳᠤᠮᠳᠠ ᠬᠠᠮᠲᠤ ᠶᠢᠨ ᠳᠠᠭᠤᠨ ᠢᠶᠠᠨ ᠴᠤᠤᠷᠢᠶᠠᠲᠤᠭᠤᠯᠤᠨ᠎ᠠ ᠃ | ᠬᠤᠶᠠᠷ ᠪᠣᠯ ᠬᠥᠭᠵᠢᠯᠲᠡ ᠶᠢᠨ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠪᠠᠷ | ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ ᠂ | ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ ᠂ ᠨᠡᠭᠡᠭᠡᠯᠲᠡᠲᠤ | ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠨ᠎ᠠ ᠃ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠵᠣᠯᠭᠠᠯᠴᠠᠭ᠎ᠠ ᠪᠠᠨ ᠴᠢᠩᠭᠠᠳᠬᠠᠵᠤ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠵᠤ ᠂ ᠰᠠᠭᠤᠷᠢ | ᠲᠥᠬᠦᠭᠡᠷᠦᠮᠵᠢ ᠂ ᠬᠥᠳᠡᠭᠡ ᠠᠵᠤ ᠠᠬᠤᠢ ᠠᠮᠤ ᠪᠤᠳᠠᠭ᠎ᠠ ᠂ ᠡᠨᠧᠷᠭᠢ ᠠᠭᠤᠷᠬᠠᠢ ᠶᠢᠨ ᠭᠠᠷᠤᠯᠲᠠ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ ᠂ ᠴᠡᠪᠡᠷ ᠡᠨᠧᠷᠭᠢ ᠂ 5G ᠴᠢᠮᠡᠭᠡ ᠬᠤᠯᠪᠤᠭ᠎ᠠ ᠂ ᠲᠣᠭᠠᠴᠢᠯᠠᠭᠰᠠᠨ ᠠᠵᠤ ᠠᠬᠤᠢ ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠪᠠᠷ | ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠬᠠᠨᠢᠲᠠᠨ ᠤ ᠲᠥᠯᠥᠪᠯᠡᠭᠡ ᠶᠢ ᠬᠡᠷᠡᠭᠵᠢᠭᠦᠯᠦᠶ᠎ᠡ ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠲᠠᠬᠢ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠤᠨ᠎ᠠ ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠥᠭᠵᠢᠯᠲᠡ ᠶᠢ | ᠳᠡᠮᠵᠢᠬᠦ ᠶᠢᠨ ᠲᠥᠯᠥᠭᠡ ᠂ ᠳᠤᠮᠳᠠᠳᠤ ᠤᠯᠤᠰ ᠠᠴᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠤ 660 ᠳ᠋ᠦᠩᠰᠢᠭᠤᠷ ᠲᠥᠭᠦᠷᠢᠭ ᠤᠨ ᠠᠷᠠᠳ ᠤᠨ | ᠵᠣᠭᠤᠰ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠬᠠᠩᠭᠠᠨ᠎ᠠ ᠃ | ᠭᠤᠷᠪᠠ ᠪᠣᠯ ᠪᠣᠯᠪᠠᠰᠤᠨ ᠤ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠪᠠᠷ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠡᠷᠬᠡ ᠲᠡᠭᠰᠢ ᠂ ᠬᠠᠷᠢᠯᠴᠠᠨ ᠲᠣᠯᠢᠯᠠᠬᠤ ᠂ ᠶᠠᠷᠢᠯᠴᠠᠭ᠎ᠠ ᠂ ᠪᠠᠭᠲᠠᠭᠠᠮᠵᠢᠲᠠᠢ ᠪᠣᠯᠪᠠᠰᠤᠨ ᠤ | ᠦᠵᠡᠯᠲᠡ ᠶᠢ ᠪᠤᠢ ᠪᠤᠯᠭᠠᠵᠤ ᠂ ᠡᠩᠬᠡ ᠲᠠᠶᠢᠪᠤᠩ ᠂ ᠬᠥᠭᠵᠢᠯᠲᠡ ᠂ ᠡᠷᠬᠡ ᠲᠡᠭᠰᠢ ᠂ ᠰᠢᠳᠤᠷᠭᠤ ᠶᠣᠰᠣ ᠂ ᠠᠷᠠᠳᠴᠢᠯᠠᠯ ᠂ ᠡᠷᠬᠡ ᠴᠢᠯᠦᠭᠡ ᠲᠠᠢ ᠪᠦᠭᠦ ᠬᠥᠮᠥᠨ | ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ | ᠰᠣᠯᠢᠯᠴᠠᠭ᠎ᠠ ᠶᠢ ᠭᠦᠨᠵᠡᠭᠡᠶᠢᠷᠡᠭᠦᠯᠵᠦ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠶᠠᠷᠢᠯᠴᠠᠭᠠᠨ ᠤ ᠶᠡᠭᠡ | ᠬᠤᠷᠠᠯ ᠢ ᠡᠷᠭᠢᠯᠡᠨ᠎ᠡ ᠃ ᠰᠣᠶᠣᠯ ᠤᠷᠠᠯᠢᠭ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ︽ ᠯᠠᠲ᠋ᠢᠨ ᠠᠮᠧᠷᠢᠺᠠ ᠶᠢᠨ ᠤᠷᠠᠯᠢᠭ ᠤᠨ | ᠤᠯᠠᠷᠢᠯ ︾ ᠢ ᠡᠷᠭᠢᠯᠡᠨ᠎ᠡ ᠃ ᠬᠠᠭᠤᠴᠢ ᠰᠤᠳᠤᠯᠤᠯ ᠂ ᠡᠷᠲᠡᠨ ᠤ ᠦᠯᠡᠳᠡᠭᠳᠡᠯ ᠪᠠᠭᠤᠷᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠂ ᠮᠦᠽᠧᠢ ᠶᠢᠨ ᠦᠵᠡᠭᠦᠯᠭᠡ ᠵᠡᠷᠭᠡ | ᠰᠣᠶᠣᠯ ᠤᠨ ᠥᠪ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ ᠂ ᠡᠷᠲᠡᠨ ᠤ ᠪᠣᠯᠪᠠᠰᠤᠨ ᠤ ᠰᠤᠳᠤᠯᠭᠠᠨ ᠥᠷᠨᠢᠭᠦᠯᠵᠦ ᠂ ᠰᠣᠶᠣᠯ ᠤᠨ | ᠡᠳ᠋ ᠬᠥᠷᠥᠩᠭᠡ ᠶᠢ ᠬᠠᠤᠯᠢ ᠪᠤᠰᠤ ᠪᠠᠷ ᠰᠠᠷᠢᠭᠠᠯᠠᠨ ᠵᠥᠭᠡᠭᠡᠪᠦᠷᠢᠯᠡᠬᠦ ᠳᠤ ᠬᠠᠮᠲᠤᠷᠠᠨ ᠴᠣᠬᠢᠯᠲᠠ ᠥᠭᠭᠦᠶ᠎ᠡ ᠃ | ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ | ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ︽ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢ | ᠡᠩᠬᠡ ᠲᠠᠶᠢᠪᠤᠩ ᠣᠷᠣᠨ ᠪᠤᠯᠭᠠᠬᠤ ᠪᠠᠷ ᠨᠡᠶᠢᠲᠡᠯᠡᠭᠰᠡᠨ ᠠᠯᠪᠠᠨ ᠵᠠᠷᠯᠠᠯ ︾ ᠪᠣᠯᠣᠨ ︽ᠴᠥᠮ᠎ᠡ ᠶᠢᠨ ᠵᠡᠪᠰᠡᠭ ᠦᠭᠡᠢ ᠣᠷᠣᠨ ᠢ ᠪᠠᠶᠢᠭᠤᠯᠬᠤ ᠲᠤᠬᠠᠢ ᠯᠠᠲ᠋ᠢᠨ | ᠠᠮᠧᠷᠢᠺᠠ ᠪᠣᠯᠣᠨ ᠺᠠᠷᠢᠪᠧ ᠶᠢᠨ 33 ᠤᠯᠤᠰ ᠤᠨ ᠢᠯᠡᠷᠬᠡᠶᠢᠯᠡᠯᠲᠡ ︾ ᠶᠢ ᠳᠡᠮᠵᠢᠵᠦ ᠂ ᠭᠠᠮᠰᠢᠭ ᠤᠨ ᠰᠦᠢᠳᠦᠯ ᠢ ᠵᠠᠰᠠᠬᠤ ᠂ ᠰᠦᠯᠵᠢᠶᠡᠨ ᠤ ᠠᠮᠤᠷ ᠲᠦᠪᠰᠢᠨ ᠂ | ᠰᠦᠷᠳᠡᠭᠦᠯᠦᠯ ᠢ ᠡᠰᠡᠷᠭᠦᠴᠡᠬᠦ ᠂ ᠢᠯᠵᠢᠷᠡᠯ ᠢ ᠡᠰᠡᠷᠭᠦᠴᠡᠬᠦ ᠂ ᠬᠤᠣᠷ ᠴᠠᠭᠠᠵᠠᠯᠠᠬᠤ ᠂ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠶᠢ ᠴᠢᠩᠭᠠᠳᠬᠠᠵᠤ ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ ᠃ ᠳᠤᠮᠳᠠᠳᠤ ᠤᠯᠤᠰ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠡᠷᠡᠭᠴᠡᠭᠡ ᠶᠢ ᠦᠨᠳᠦᠰᠦᠯᠡᠨ ᠬᠠᠤᠯᠢ | ᠬᠡᠷᠡᠭᠵᠢᠭᠦᠯᠬᠦ ᠪᠣᠯᠪᠠᠰᠤᠷᠠᠯ ᠤᠨ ᠲᠦᠷᠦᠯ ᠵᠦᠢᠯ ᠢ ᠬᠡᠷᠡᠭᠵᠢᠭᠦᠯᠵᠦ ᠂ ᠴᠢᠳᠠᠯ ᠤᠨ ᠢᠶᠠᠨ ᠬᠢᠷᠢ ᠪᠠᠷ ᠲᠣᠨᠣᠭᠯᠠᠯ ᠤᠨ ᠲᠤᠰᠠᠯᠠᠮᠵᠢ ᠬᠠᠩᠭᠠᠨ᠎ᠠ ᠃ | ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ ᠃ ᠢᠷᠡᠬᠦ 3 ᠵᠢᠯ ᠳᠤ ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ ᠂ 1 ᠲᠦᠮᠡᠨ ᠳᠤᠮᠳᠠᠳᠤ | ᠤᠯᠤᠰ ᠲᠤ ᠢᠷᠡᠵᠦ ᠪᠣᠯᠪᠠᠰᠤᠷᠠᠯ ᠭᠦᠷᠳᠡᠭᠦ ᠣᠷᠣᠨ ᠲᠤᠭ᠎ᠠ ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ ᠰᠤᠷᠤᠯᠭ᠎ᠠ ᠶᠢᠨ ᠱᠠᠩᠨᠠᠯ ᠤᠨ ᠣᠷᠣᠨ | ᠲᠤᠭ᠎ᠠ ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠣᠷᠣᠨ ᠲᠤᠭ᠎ᠠ ᠂ 1000 ︽ | ᠬᠢᠲᠠᠳ ᠬᠡᠯᠡᠨ ᠤ ᠬᠥᠭᠦᠷᠭᠡ ︾ ᠶᠢᠨ ᠲᠦᠷᠦᠯ ᠵᠦᠢᠯ ᠤᠨ ᠳᠤᠮᠳᠠᠳᠤ ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ ᠂ 300 ︽ | ᠪᠠᠭ᠎ᠠ ᠮᠥᠷᠲᠡᠭᠡᠨ ᠭᠤᠶᠢᠳᠠ ︾ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ ᠂ ᠯᠦ ᠪᠠᠨ ᠦᠢᠯᠡᠳᠬᠡᠯ ᠤᠨ ᠭᠠᠵᠠᠷ ᠵᠡᠷᠭᠡ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠦᠷᠦᠯ ᠵᠦᠢᠯ ᠢ ᠢᠳᠡᠪᠬᠢᠲᠡᠢ ᠠᠬᠢᠭᠤᠯᠵᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ ᠃ ᠳᠤᠮᠳᠠᠳᠤ ᠤᠯᠤᠰ ︽ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠶᠢᠷ᠎ᠠ ᠰᠡᠳᠬᠢᠯᠭᠡ ︾ ᠭᠡᠬᠦ ᠳᠤᠮᠳᠠᠳᠤ ᠤᠯᠤᠰ ᠤᠨ ᠺᠢᠨᠣ᠋ ᠲᠧᠯᠸᠢᠰ ᠤᠨ ᠫᠷᠣᠭ᠍ᠷᠠᠮ ᠢ | ᠳᠡᠯᠭᠡᠨ ᠦᠵᠡᠭᠦᠯᠭᠦ ᠪᠠ ᠨᠠᠪᠲᠠᠷᠡᠭᠦᠯᠵᠦ ᠂ ᠵᠢᠯ ᠪᠦᠷᠢ 10 ᠰᠢᠯᠢᠳᠡᠭ ᠲᠧᠯᠸᠢᠰ ᠵᠦᠴᠦᠭᠡ ᠪᠤᠶᠤ ᠰᠢᠯᠢᠳᠡᠭ ᠦᠵᠡᠵᠦ ᠰᠣᠨᠣᠰᠬᠤ ᠫᠷᠣᠭ᠍ᠷᠠᠮ ᠢ ᠬᠠᠷᠢᠯᠴᠠᠨ | ᠣᠷᠴᠢᠭᠤᠯᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ︽ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠵᠢᠭᠤᠯᠴᠢᠯᠠᠯ ᠤᠨ ᠶᠠᠷᠢᠯᠴᠠᠭ᠎ᠠ ︾ ᠥᠷᠨᠢᠭᠦᠯᠦᠨ᠎ᠡ ᠃ ᠬᠤᠶᠠᠷ ᠲᠠᠯ᠎ᠠ ᠶᠢᠨ ᠬᠥᠮᠥᠰ ᠤᠨ | ᠨᠥᠭᠦᠷᠰᠡᠭ ᠶᠠᠪᠤᠯᠴᠠᠭ᠎ᠠ ᠳᠤ ᠤᠯᠠᠮ ᠨᠢᠭᠡ ᠠᠯᠬᠤᠮ ᠲᠦᠭᠦᠮ ᠦᠵᠡᠭᠦᠯᠭᠦ ᠶᠢᠨ ᠲᠥᠯᠥᠭᠡ ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠣᠷᠣᠨ ᠤ 5 | ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ ᠤᠯᠤᠰ ᠤᠳ ᠤᠨ | ᠪᠦᠷᠬᠦᠴᠡ ᠶᠢᠨ ᠬᠡᠪᠴᠢᠶ᠎ᠡ ᠶᠢ ᠵᠣᠬᠢᠰᠲᠠᠢ ᠴᠠᠭ ᠲᠤ ᠥᠷᠭᠡᠳᠬᠡᠬᠦ ᠪᠠᠷ ᠲᠣᠭᠲᠠᠪᠠ ᠃ | ᠡᠷᠬᠢᠮ ᠵᠣᠴᠢᠳ ᠠ᠋ ᠂ ᠨᠠᠶᠢᠵᠠ ᠨᠠᠷ ᠠ᠋ ︕ | ᠳᠤᠮᠳᠠᠳᠤ ᠤᠯᠤᠰ ᠲᠤ ︽ ᠬᠥᠮᠥᠨ ᠤ ᠠᠮᠢᠳᠤᠷᠠᠯ ᠤᠨ ᠵᠢᠷᠭᠠᠯ ᠭᠡᠵᠦ ᠰᠡᠳᠬᠢᠯ ᠢᠶᠠᠨ ᠣᠶᠢᠯᠠᠭᠠᠯᠴᠠᠬᠤ ᠳᠤ ᠪᠤᠢ ︾ ᠭᠡᠬᠦ ᠡᠷᠲᠡᠨ ᠤ ᠰᠢᠯᠦᠭ ᠪᠠᠶᠢᠳᠠᠭ ᠂ ᠯᠠᠲ᠋ᠢᠨ | ᠠᠮᠧᠷᠢᠺᠠ ᠳᠤ ᠴᠤ ︽ ᠨᠠᠶᠢᠵᠠ ᠲᠠᠢ ᠪᠠᠶᠢᠪᠠᠯ ᠳᠠᠷᠤᠢ ᠡᠳ᠋ ᠡᠷᠳᠡᠨᠢᠰ ᠲᠠᠢ ︾ ᠭᠡᠬᠦ ᠵᠦᠢᠷ ᠦᠭᠡ ᠪᠠᠶᠢᠳᠠᠭ ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ | ᠳᠤᠮᠳᠠᠳᠤ ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ ᠂ ᠰᠠᠶᠢᠨ ᠬᠠᠨᠢᠲᠠᠨ ᠪᠣᠯᠣᠨ᠎ᠠ ᠃ ᠪᠢᠳᠠ ᠭᠠᠷ | ᠬᠤᠯᠪᠣᠯᠴᠠᠨ ᠂ ᠲᠤᠰ ᠲᠤᠰ ᠤᠨ ᠣᠳᠣᠬᠢᠴᠢᠯᠠᠯᠲᠠ ᠶᠢᠨ ᠠᠶᠠᠨ ᠳᠠᠭᠠᠨ ᠮᠥᠷᠥ ᠵᠡᠷᠭᠡᠴᠡᠨ ᠤᠷᠤᠭᠰᠢᠯᠠᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠃ | |