ᠪᠤᠭᠤᠲᠤ ᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠵᠢᠯᠣᠭᠤᠳᠬᠤ ᠲᠥᠪ ᠰᠡᠯᠪᠢᠨ ᠵᠠᠰᠠᠬᠤ ᠪᠠᠯᠠ ᠮᠥᠩᠭᠦ ᠶᠢ ᠡᠯᠧᠺᠲᠷᠣᠨ ᠫᠢᠶᠣᠣ ᠪᠠᠷᠢᠮᠲᠠ | ᠲᠣᠰᠢᠶᠠᠨ ᠬᠠᠳᠠᠭᠠᠯᠠᠬᠤ ᠰᠢᠰᠲ᠋ᠧᠮ ᠢ ᠡᠬᠢᠯᠡᠨ ᠬᠡᠷᠡᠭᠯᠡᠵᠦ ︽ ᠦᠯᠦ ᠴᠠᠭᠠᠰᠣᠵᠢᠯᠲᠠ ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠨ᠎ᠡ ᠵᠠᠭᠪᠤᠷ ᠢ | ᠪᠡᠶᠡᠯᠡᠭᠦᠯᠪᠡ | ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠬᠦ ᠶᠢᠨ ᠲᠥᠯᠥᠭᠡ᠂ | 2025 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠤᠭᠤᠲᠤ ᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠵᠢᠯᠣᠭᠤᠳᠬᠤ ᠲᠥᠪ ᠰᠡᠯᠪᠢᠨ | ᠵᠠᠰᠠᠬᠤ ᠪᠠᠯᠠ ᠮᠥᠩᠭᠦ ᠶᠢ ᠲᠣᠰᠢᠶᠠᠨ ᠬᠠᠳᠠᠭᠠᠯᠠᠬᠤ ᠡᠯᠧᠺᠲᠷᠣᠨ ᠫᠢᠶᠣᠣ ᠪᠠᠷᠢᠮᠲᠠ ᠶᠢᠨ ᠰᠢᠰᠲ᠋ᠧᠮ ᠢ ᠵᠢᠩᠬᠢᠨᠢ ᠪᠠᠷ ᠡᠬᠢᠯᠡᠨ ᠬᠡᠷᠡᠭᠯᠡᠵᠦ᠂ ᠬᠥᠨᠳᠡᠯᠡᠨ ᠲᠣᠭᠤᠷᠢᠭ᠂ | ᠴᠢᠩᠱᠠᠨ ᠲᠣᠭᠤᠷᠢᠭ᠂ ᠳ᠋ᠦᠩ ᠾᠧ ᠲᠣᠭᠤᠷᠢᠭ᠂ ᠵᠢᠦᠶᠤᠸᠠᠨ ᠲᠣᠭᠤᠷᠢᠭ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠡᠪᠴᠢᠶᠡᠨ ᠳᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠶᠢᠨ ᠫᠢᠶᠣᠣ ᠪᠠᠷᠢᠮᠲᠠ︾ ︵ | ᠡᠯᠧᠺᠲᠷᠣᠨ︶ ᠶᠢ ᠵᠡᠷᠭᠡ ᠪᠠᠷ ᠰᠦᠯᠵᠢᠶᠡᠨ ᠳᠤ ᠣᠷᠣᠭᠤᠯᠵᠦ ᠠᠵᠢᠯᠯᠠᠭᠤᠯᠪᠠ ᠂ ᠡᠨᠡ ᠨᠢ ᠪᠤᠭᠤᠲᠤ ᠬᠤᠲᠠ ᠶᠢᠨ ᠰᠡᠯᠪᠢᠨ ᠵᠠᠰᠠᠬᠤ ᠪᠠᠯᠠ ᠮᠥᠩᠭᠦ ᠶᠢᠨ | ᠬᠠᠮᠢᠶᠠᠷᠤᠯᠲᠠ ᠶᠢᠨ ᠠᠵᠢᠯ ︽ ᠦᠯᠦ ᠴᠠᠭᠠᠰᠣᠵᠢᠯᠲᠠ ︾ ᠰᠢᠨ᠎ᠡ ᠴᠠᠭ ᠦᠶ᠎ᠡ ᠳᠤ ᠣᠷᠣᠭᠰᠠᠨ ᠢ ᠬᠠᠷᠠᠭᠤᠯᠵᠤ᠂ ᠬᠤᠲᠠ ᠶᠢᠨ ᠠᠷᠠᠳ ᠡᠭᠦᠨ ᠠᠴᠠ ᠡᠬᠢᠯᠡᠨ ᠠᠮᠤᠷ | ᠲᠦᠪᠰᠢᠨ᠂ ᠣᠷᠴᠢᠨ ᠠᠬᠤᠶ ᠶᠢᠨ ᠬᠠᠮᠠᠭᠠᠯᠠᠯᠲᠠ᠂ ᠳᠥᠭᠦᠮ ᠳᠥᠲᠡ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠬᠦᠷᠲᠡᠪᠡ ᠃ | ᠲᠣᠰ ᠤᠳᠠᠭᠠᠨ ᠤ ᠰᠦᠯᠵᠢᠶᠡᠨ ᠳᠡᠭᠡᠷᠡᠬᠢ ᠰᠡᠯᠪᠢᠨ ᠵᠠᠰᠠᠬᠤ ᠪᠠᠯᠠ ᠮᠥᠩᠭᠦ ᠶᠢᠨ ᠡᠯᠧᠺᠲᠷᠣᠨ ᠫᠢᠶᠤᠥ ᠪᠠᠷᠢᠮᠲᠠ ᠶᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠢᠨᠠᠨ ᠦᠢᠯᠡᠳᠴᠦ ᠂ ᠴᠠᠭᠠᠰᠤᠨ ᠫᠢᠶᠣᠣ ᠪᠠᠷᠢᠮᠲᠠ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ | ᠶᠤᠮ ᠃ ᠲᠣᠰ ᠫᠢᠶᠣᠣ ᠪᠠᠷᠢᠮᠲᠠ ᠨᠢ ᠰᠦᠯᠵᠢᠶᠡᠨ ᠳᠡᠭᠡᠷᠡᠬᠢ ᠲᠠᠪᠴᠠᠩ ᠳᠤ ᠲᠦᠰᠢᠭᠯᠡᠨ ᠪᠥᠬᠦ ᠶᠠᠪᠤᠴᠠ ᠶᠢᠨ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠵᠦ᠂ | ᠪᠣᠶ ᠪᠣᠯᠬᠤ᠂ ᠬᠠᠳᠠᠭᠠᠯᠠᠬᠤ ᠠᠴᠠ ᠪᠠᠶᠢᠴᠠᠭᠠᠨ ᠰᠢᠯᠭᠠᠬᠤ ᠬᠦᠷᠲᠡᠯᠡᠬᠢ ᠴᠦᠮ ᠰᠦᠯᠵᠢᠶᠡᠨ ᠳᠡᠭᠡᠷ᠎ᠡ ᠪᠡᠶᠡᠯᠡᠭᠦᠯᠵᠦ᠂ ᠰᠡᠯᠪᠢᠨ ᠵᠠᠰᠠᠬᠤ ᠪᠠᠯᠠ ᠮᠥᠩᠭᠦ ᠶᠢᠨ | ᠬᠠᠮᠢᠶᠠᠷᠤᠯᠲᠠ ᠶᠢᠨ ᠠᠵᠢᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ᠤᠯᠠᠮᠵᠢᠯᠠᠯᠲᠤ ᠴᠠᠭᠠᠰᠤᠨ ᠫᠢᠶᠣᠣ ᠪᠠᠷᠢᠮᠲᠠ ᠲᠠᠢ ᠬᠠᠷᠢᠴᠠᠭᠤᠯᠪᠠᠯ᠂ ᠡᠯᠧᠺᠲᠷᠣᠨ ᠫᠢᠶᠣᠣ ᠪᠠᠷᠢᠮᠲᠠ ᠶᠢᠨ ᠳᠠᠪᠠᠭᠤᠯᠢᠭ ᠨᠢ ᠢᠯᠡᠷᠬᠡᠢ ᠪᠠᠶᠢᠳᠠᠭ ᠃ | ᠨᠢᠭᠡ ᠳᠤ ᠲᠤᠭ᠎ᠠ ᠪᠠᠷᠢᠮᠲᠠ ᠶᠢ ᠨᠠᠷᠢᠯᠢᠭ ᠣᠨᠣᠪᠴᠢᠲᠠᠢ ᠥᠨᠳᠥᠷ ᠪᠦᠲᠦᠮᠵᠢᠲᠡᠶ ᠪᠠᠶᠢᠯᠭᠠᠵᠤ᠂ ᠲᠤᠰᠢᠶᠠᠨ ᠬᠠᠳᠠᠭᠠᠯᠠᠭᠤᠯᠤᠭᠰᠠᠨ ᠮᠡᠳᠡᠭᠡ ᠵᠠᠩᠭᠢ ᠶᠢ ᠴᠠᠭ | ᠲᠤᠬᠠᠶ ᠳᠤ ᠨᠢ ᠲᠡᠮᠳᠡᠭᠯᠡᠵᠦ᠂ ᠬᠥᠮᠦᠨ ᠤ ᠬᠦᠴᠦ ᠪᠠᠷ ᠠᠵᠢᠯᠯᠠᠭᠤᠯᠤᠭᠰᠠᠨ ᠠᠴᠠ ᠪᠣᠯᠤᠭᠰᠠᠨ ᠠᠯᠳᠠᠭ᠎ᠠ ᠬᠢᠭᠡᠳ ᠰᠠᠭᠠᠲᠠᠯ ᠭᠠᠷᠬᠤ ᠠᠴᠠ ᠵᠠᠶᠢᠯᠠᠰᠬᠢᠪᠠ ᠂ | ᠬᠤᠶᠠᠷ ᠲᠤ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠴᠠᠭᠠᠰᠤᠨ ᠬᠡᠪᠯᠡᠯ ᠤᠨ ᠥᠪᠡᠷ ᠤᠨ ᠦᠷᠳᠡᠭ ᠢ ᠠᠷᠪᠢᠯᠠᠵᠤ᠂ | ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠲᠠᠢ ᠨᠡᠶᠢᠴᠡᠵᠠᠢ᠂ | ᠭᠤᠷᠪᠠ ᠳᠤ ᠠᠮᠤᠷ ᠲᠦᠪᠰᠢᠨ ᠢᠶᠠᠷ ᠬᠠᠭᠤᠷᠮᠠᠭ ᠢ ᠰᠡᠷᠭᠡᠶᠢᠯᠡᠬᠦ ᠴᠢᠳᠠᠪᠬᠢ ᠶᠢ ᠲᠡᠰ ᠳᠡᠪᠰᠢᠭᠦᠯᠵᠦ᠂ ᠫᠢᠶᠣᠣ ᠪᠠᠷᠢᠮᠲᠠ ᠶᠢᠨ ᠬᠠᠭᠤᠷᠮᠠᠭᠯᠠᠬᠤ ᠪᠠ ᠮᠡᠬᠡᠯᠡᠬᠦ | ᠲᠦᠭᠰᠢᠭᠦᠷᠢ ᠶᠢ ᠪᠦᠲᠦᠮᠵᠢᠲᠡᠢ ᠰᠡᠷᠬᠡᠶᠢᠯᠡᠪᠡ᠂ | ᠳᠥᠷᠪᠡ ᠳᠤ ᠣᠷᠳᠣ ᠬᠤᠭᠤᠴᠠᠭ᠎ᠠ ᠪᠠᠷ ᠬᠠᠳᠠᠭᠠᠯᠠᠬᠤ ᠳᠤ ᠲᠥᠬᠦᠮ ᠪᠠᠶᠢᠵᠦ ᠂ ᠬᠡᠷᠡᠭᠯᠡᠭᠴᠢᠳ ᠬᠡᠵᠢᠶ᠎ᠡ ᠴᠤ ᠭᠡᠰᠡᠨ ᠰᠦᠯᠵᠢᠶᠡᠨ ᠳᠡᠭᠡᠷᠡᠬᠢ ᠲᠠᠪᠴᠠᠩ ᠢᠶᠠᠷ | ᠳᠡᠮᠵᠢᠨ ᠫᠢᠶᠣᠣ ᠪᠠᠷᠢᠮᠲᠠ ᠶᠢ ᠪᠠᠶᠢᠴᠠᠭᠠᠨ ᠯᠠᠪᠯᠠᠵᠤ᠂ ᠪᠠᠭᠤᠯᠭᠠᠨ ᠠᠪᠴᠤ ᠪᠣᠯᠤᠨ᠎ᠠ᠃ | | ︽ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠬᠦᠶᠦᠯᠭᠡᠬᠦ ︾᠂ ᠰᠡᠯᠪᠢᠨ ᠵᠠᠰᠠᠬᠤ ᠪᠠᠯᠠ ᠮᠥᠩᠭᠦ ᠶᠢᠨ ᠫᠢᠶᠣᠣ ᠪᠠᠷᠢᠮᠲᠠ ᠶᠢ | ᠡᠯᠧᠺᠲᠷᠣᠨᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠨᠢ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠦᠭᠰᠡᠨ ᠢᠶᠠᠷ ᠪᠠᠷᠠᠬᠤ ᠥᠬᠡᠶ ᠪᠠᠰᠠ | ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠢᠷᠡᠭᠡᠳᠦᠢ ᠳᠤ᠂ ᠪᠤᠭᠤᠲᠤ ᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ | ᠵᠢᠯᠣᠭᠤᠳᠬᠤ ᠲᠥᠪ ᠨᠢ ᠰᠢᠰᠲ᠋ᠧᠮ ᠤᠨ ᠴᠢᠳᠠᠮᠵᠢ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠥᠷᠭᠡᠨ ᠣᠯᠠᠨ ᠥᠮᠴᠢᠲᠡᠨ ᠳᠤ ᠨᠠᠩ ᠲᠥᠬᠦᠮ ᠦᠵᠡᠭᠦᠯᠬᠦ᠂ | ᠵᠢᠷᠤᠮᠵᠢᠯ ᠲᠠᠢ ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠤᠶᠤᠨᠴᠢᠯᠠᠭᠰᠠᠨ ᠰᠢᠰᠲ᠋ᠧᠮ ᠢ ᠪᠠᠶᠢᠭᠤᠯᠬᠤ ᠳᠤ | ᠬᠦᠴᠦᠨ ᠨᠡᠮᠡᠷᠢᠯᠡᠨ᠎ᠡ᠃ | |