ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ 5 ᠰᠠᠷ᠎ᠠ ᠶᠢᠨ 14 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ | ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠲᠠᠢ ᠠᠭᠤᠯᠵᠠᠪᠠ ᠃ | | | | | | 5 ᠰᠠᠷ᠎ᠠ ᠶᠢᠨ 14 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ | ᠬᠤᠭᠤᠴᠠᠭᠠᠨ ᠤ ᠰᠠᠶᠢᠳ ᠤᠨ ᠲᠠᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠲᠠᠢ ᠠᠭᠤᠯᠵᠠᠪᠠ ᠃ ︵ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ︶ | ᠰᠢ ᠶᠢᠨ ᠫᠢᠩ ᠂ ᠺᠣᠯᠣᠮᠪᠢᠶ᠎ᠠ ᠪᠣᠯ ᠯᠠᠲ᠋ᠢᠨ ᠠᠮᠧᠷᠢᠺᠠ ᠲᠢᠪ ᠤᠨ ᠴᠢᠬᠤᠯᠠ ᠤᠯᠤᠰ ᠮᠥᠨ ᠂ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ | ᠥᠨᠳᠥᠷᠴᠡ ᠪᠠ ᠠᠯᠤᠰ ᠭᠡᠲᠦ ᠶᠢᠨ ᠬᠠᠷᠠᠭᠠᠰᠤ ᠠᠴᠠ ᠬᠤᠶᠠᠷ ᠤᠯᠤᠰ ᠤᠨ ᠬᠠᠷᠢᠯᠴᠠᠭ᠎ᠠ ᠶᠢ ᠬᠥᠭᠵᠢᠭᠦᠯᠬᠦ ᠳᠤ ᠬᠠᠨᠳᠤᠭᠰᠠᠭᠠᠷ ᠢᠷᠡᠭᠰᠡᠨ ᠶᠤᠮ ᠃ ᠡᠨᠡ ᠵᠢᠯ ᠪᠣᠯ | ᠳᠤᠮᠳᠠᠳᠤ ᠺᠣᠯᠣᠮᠪᠢᠶ᠎ᠠ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ ᠃ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ ᠂ ᠳᠤᠮᠳᠠᠳᠤ ᠤᠯᠤᠰ | ᠳᠤᠷᠠᠲᠠᠶ᠎ᠠ ᠺᠣᠯᠣᠮᠪᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ | ᠬᠥᠭᠵᠢᠯᠲᠡ ᠲᠠᠢ ᠪᠤᠯᠬᠤ ᠶᠢ ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠃ ᠬᠤᠶᠠᠷ ᠲᠠᠯ᠎ᠠ ᠪᠠᠷ ᠢᠶᠠᠨ ᠤᠯᠤᠰ | ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ ᠂ ᠬᠤᠶᠠᠷ ᠲᠠᠯ᠎ᠠ ᠶᠢᠨ ᠬᠠᠷᠢᠯᠴᠠᠭᠠᠨ ᠤ | ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠶ᠎ᠡ ᠃ ᠺᠣᠯᠣᠮᠪᠢᠶ᠎ᠠ ᠶᠢᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠲᠣᠮᠣ | ᠭᠡᠷ ᠪᠦᠯᠢ ᠳᠤ ᠵᠢᠩᠬᠢᠨᠢ ᠪᠠᠷ ᠣᠷᠣᠯᠴᠠᠬᠰᠠᠨ ᠢᠶᠠᠷ ᠠᠵᠠ ᠲᠣᠭᠢᠶᠠᠯ ᠪᠤᠯᠭᠠᠵᠤ ᠂ ᠬᠤᠶᠠᠷ ᠤᠯᠤᠰ ᠤᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ | ᠳᠡᠪᠰᠢᠭᠦᠯᠬᠦ ᠶᠢ ᠠᠬᠢᠭᠤᠯᠤᠶ᠎ᠠ ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ ᠂ ᠳᠤᠮᠳᠠᠳᠤ ᠤᠯᠤᠰ ᠤᠨ | ᠠᠵᠤ ᠠᠬᠤᠶᠢᠯᠠᠯ ᠤᠨ ᠺᠣᠯᠣᠮᠪᠢᠶ᠎ᠠ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠵᠤ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ | ᠣᠷᠤᠯᠴᠠᠬᠤ ᠶᠢ ᠲᠡᠮᠵᠢᠨ᠎ᠡ ᠃ ᠬᠤᠶᠠᠷ ᠲᠠᠯ᠎ᠠ ᠪᠠᠷ ᠢᠶᠠᠨ ᠰᠠᠯᠬᠢᠨ ᠡᠨᠧᠷᠭᠢ ᠂ ᠰᠢᠨ᠎ᠡ ᠡᠨᠧᠷᠭᠢ ᠶᠢᠨ ᠮᠠᠰᠢᠨ ᠲᠡᠷᠭᠡ ᠂ ᠲᠣᠭᠠᠴᠢᠯᠠᠭᠰᠠᠨ ᠠᠵᠤ ᠠᠬᠤᠢ ᠂ ᠵᠣᠬᠢᠶᠠᠮᠠᠯ | ᠣᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠪᠡᠶᠡᠯᠡᠭᠦᠯᠦᠶ᠎ᠡ ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠶᠢ | ᠪᠡᠯᠭᠡᠯᠡᠬᠦ ᠠᠵᠢᠯᠯᠠᠭ᠎ᠠ ᠶᠢ ᠰᠠᠶᠢᠲᠤᠷ ᠡᠷᠭᠢᠯᠡᠵᠦ ᠂ ᠰᠤᠷᠭᠠᠨ ᠬᠥᠮᠦᠵᠢᠯ ᠂ ᠰᠣᠶᠣᠯ ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ ᠂ | ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤᠷᠠᠯᠴᠠᠭ᠎ᠠ ᠪᠣᠯ ᠬᠥᠭᠵᠢᠵᠦ ᠪᠠᠶᠢᠭ᠎ᠠ | ᠤᠯᠤᠰ ᠤᠳ ᠤᠨ ᠬᠠᠮᠲᠤᠷᠠᠯᠴᠠᠭᠠᠨ ᠤ ᠴᠢᠬᠤᠯᠠ ᠪᠦᠷᠢᠯᠳᠦᠭᠦᠨ ᠬᠡᠰᠡᠭ ᠪᠠᠶᠢᠵᠤ ᠂ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠪᠣᠯᠣᠨ ᠲᠡᠦᠬᠡ ᠶᠢᠨ | ᠤᠷᠤᠰᠬᠠᠯ ᠢ ᠳᠠᠭᠠᠵᠤ ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠤᠯᠤᠰ ᠤᠳ ᠤᠨ ᠬᠠᠮᠲᠤ ᠶᠢᠨ ᠠᠰᠢᠭ ᠲᠤᠰᠠ ᠳᠤ ᠨᠡᠶᠢᠴᠡᠵᠦ ᠪᠠᠶᠢᠨ᠎ᠠ ᠃ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ | ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠠᠮᠵᠢᠯᠲᠠ ᠲᠠᠢ ᠬᠤᠷᠠᠯᠳᠤᠵᠤ ᠂ ᠳᠡᠯᠡᠬᠡᠢ ᠳ᠋ᠠᠬᠢᠨ ᠳᠤ ᠬᠥᠭᠵᠢᠯ ᠮᠠᠨᠳᠤᠯ ᠢ ᠬᠠᠮᠲᠤ ᠪᠠᠷ ᠰᠦᠪᠡᠭᠴᠢᠯᠡᠬᠦ | ᠢᠳᠡᠪᠬᠢᠲᠡᠢ ᠳᠣᠬᠢᠶ᠎ᠠ ᠶᠢ ᠲᠠᠯᠪᠢᠵᠠᠢ ᠃ ᠺᠣᠯᠣᠮᠪᠢᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ | ᠤᠯᠤᠰ ᠪᠣᠯᠤᠭᠰᠠᠨ ᠤ ᠬᠤᠪᠢ ᠳᠤ ᠬᠤᠷᠠᠯ ᠢ ᠠᠮᠵᠢᠯᠲᠠ ᠲᠠᠢ ᠡᠷᠭᠢᠯᠡᠭᠦ ᠳᠤ ᠴᠢᠬᠤᠯᠠ ᠬᠤᠪᠢ ᠨᠡᠮᠡᠷᠢ ᠦᠵᠡᠭᠦᠯᠪᠡ ᠃ ᠳᠤᠮᠳᠠᠳᠤ ᠤᠯᠤᠰ ᠳᠤᠷᠠᠲᠠᠶ᠎ᠠ | ᠺᠣᠯᠣᠮᠪᠢᠶ᠎ᠠ ᠶᠢ ᠪᠠᠭᠲᠠᠭᠠᠭᠰᠠᠨ ᠯᠠᠲ᠋ᠢᠨ ᠠᠮᠧᠷᠢᠺᠠ ᠶᠢᠨ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ ᠃ | ᠫᠸᠲᠷᠤ᠋ ᠂ ᠺᠣᠯᠣᠮᠪᠢᠶ᠎ᠠ ᠪᠣᠯᠣᠨ ᠳᠤᠮᠳᠠᠳᠤ ᠤᠯᠤᠰ ᠤᠨ ᠨᠥᠭᠦᠷᠰᠡᠭ ᠬᠠᠷᠢᠯᠴᠠᠭ᠎ᠠ ᠥᠨᠢ ᠤᠳᠠᠭᠠᠨ ᠲᠡᠦᠬᠡ ᠲᠠᠢ ᠶᠤᠮ ᠂ ᠺᠣᠯᠣᠮᠪᠢᠶ᠎ᠠ ᠶᠢᠨ ᠬᠢᠨ ᠳᠤᠮᠳᠠᠳᠤ | ᠤᠯᠤᠰ ᠯᠤᠭ᠎ᠠ ᠶᠢᠨ ᠬᠠᠷᠢᠯᠴᠠᠭ᠎ᠠ ᠪᠠᠨ ᠭᠦᠨᠵᠡᠭᠡᠢ ᠬᠥᠭᠵᠢᠭᠦᠯᠬᠦ ᠶᠢ ᠬᠦᠰᠡᠵᠦ ᠪᠠᠶᠢᠨ᠎ᠠ ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ | ᠭᠦᠨᠵᠡᠭᠡᠶᠢᠷᠡᠭᠦᠯᠵᠦ ᠂ ᠬᠠᠷᠢᠯᠴᠠᠨ ᠳᠡᠮᠵᠢᠬᠦ ᠪᠠᠨ ᠴᠢᠩᠭᠠᠳᠬᠠᠶ᠎ᠠ ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠂ ᠠᠷᠠᠯᠵᠢᠶ᠎ᠠ ᠂ ᠰᠠᠭᠤᠷᠢ | ᠲᠥᠬᠦᠭᠡᠷᠦᠮᠵᠢ ᠂ ᠰᠢᠨ᠎ᠡ ᠡᠨᠧᠷᠭᠢ ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ ᠂ ᠠᠷᠠᠳ ᠤᠨ ᠠᠮᠢᠳᠤᠷᠠᠯ ᠢ | ᠰᠠᠶᠢᠵᠢᠷᠠᠭᠤᠯᠤᠶ᠎ᠠ ᠃ ᠣᠳᠣᠬᠠᠨ ᠳᠤ ᠂ ᠳᠡᠯᠡᠬᠡᠢ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠬᠤᠪᠢᠰᠤᠯᠲᠠ ᠶᠡᠬᠡᠲᠡᠢ ᠪᠠᠶᠢᠵᠤ ᠂ ᠣᠨᠴᠠ ᠵᠠᠷᠢᠮ ᠤᠯᠤᠰ ᠤᠨ | ᠠᠰᠢᠭ ᠲᠤ ᠰᠢᠨᠤᠬᠠᠶᠢᠷᠠᠬᠤ ᠬᠢᠳᠡᠯ ᠨᠢ ᠳᠡᠯᠡᠬᠡᠢ ᠳ᠋ᠠᠬᠢᠨ ᠳᠤ ᠠᠰᠢᠭ ᠦᠭᠡᠢ ᠪᠠᠶᠢᠵᠤ ᠂ ᠡᠯ᠎ᠡ ᠤᠯᠤᠰ ᠪᠦᠯᠬᠦᠮᠳᠡᠨ ᠠᠷᠭᠠᠴᠠᠭᠠᠪᠠᠯ ᠵᠣᠬᠢᠨ᠎ᠠ ᠃ ᠺᠣᠯᠣᠮᠪᠢᠶ᠎ᠠ ᠶᠢᠨ ᠬᠢᠨ | ᠳᠤᠷᠠᠲᠠᠶ᠎ᠠ ᠳᠤᠮᠳᠠᠳᠤ ᠤᠯᠤᠰ ᠲᠠᠢ ᠨᠢᠭᠲᠠ ᠬᠠᠮᠵᠢᠯᠴᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠬᠥᠭᠵᠢᠵᠦ ᠪᠠᠶᠢᠭ᠎ᠠ ᠤᠯᠤᠰ ᠤᠨ | ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ ᠃ | ᠠᠭᠤᠯᠵᠠᠯᠲᠠ ᠶᠢᠨ ᠳᠠᠷᠠᠭ᠎ᠠ ᠂ ᠬᠤᠶᠠᠷ ᠤᠯᠤᠰ ᠤᠨ ᠲᠡᠷᠢᠭᠦᠨ ︽ᠲᠣᠷᠭᠠᠨ ᠵᠠᠮ ᠤᠨ ᠠᠵᠤ ᠠᠬᠤᠢ ᠶᠢᠨ ᠪᠦᠰᠡ ᠪᠣᠯᠣᠨ 21 ᠳ᠋ᠦ᠋ᠭᠡᠷ ᠵᠠᠭᠤᠨ ᠤ ᠳᠠᠯᠠᠶ | ᠳᠡᠭᠡᠷᠡᠬᠢ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠪᠣᠯᠣᠨ ᠪᠦᠭᠦᠳᠡ ᠨᠠᠶᠢᠷᠠᠮᠳᠠᠬᠤ ᠺᠣᠯᠣᠮᠪᠢᠶ᠎ᠠ ᠤᠯᠤᠰ ᠤᠨ ᠵᠠᠰᠠᠭ ᠤᠨ ᠣᠷᠳᠣᠨ ᠤ ᠬᠠᠮᠲᠤᠷᠠᠯᠴᠠᠭᠠᠨ ᠤ ᠲᠥᠯᠦᠪᠵᠢᠭᠦᠯᠭᠡ︾ ᠳᠤ ᠭᠠᠷ ᠤᠨ ᠦᠰᠦᠭ | ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | |