︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ  ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2025/5/16
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ  5 ᠰᠠᠷ᠎ᠠ ᠶᠢᠨ 16 ᠤ ᠡᠳᠦᠷ ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ ᠦᠨᠡᠨ ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ  ᠶᠢᠨ ᠫᠢᠩ ᠤᠨ ︽ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃ ᠡᠨᠡ ᠪᠣᠯ ᠶᠡᠷᠦᠩᠬᠡᠢ ᠱᠦᠵᠢ ᠰᠢ  ᠶᠢᠨ ᠫᠢᠩ ᠤᠨ 2012 ᠣᠨ ᠤ 12 ᠰᠠᠷ᠎ᠠ ᠠᠴᠠ 2025 ᠣᠨ ᠤ 3 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠯ ᠪᠣᠯᠣᠨ᠎ᠠ ᠃  ᠵᠣᠬᠢᠶᠠᠯ ᠳᠤ ᠂ ᠨᠠᠮ ᠤᠨ ᠰᠤᠷᠲᠠᠯ ᠤᠨ ᠠᠰᠠᠭᠤᠳᠠᠯ ᠨᠢ ᠲᠦᠷᠦ ᠪᠠᠷᠢᠭᠴᠢ ᠨᠠᠮ ᠤᠨ ᠮᠠᠨᠳᠤᠵᠤ ᠮᠥᠬᠦᠬᠦ ᠲᠠᠢ ᠬᠤᠯᠪᠣᠭᠳᠠᠨ᠎ᠠ ᠃ ᠰᠤᠷᠲᠠᠯ ᠤᠨ ᠪᠠᠶᠢᠭᠤᠯᠤᠯᠲᠠ ᠨᠢ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠵᠤ ᠴᠢᠳᠠᠬᠤ ᠡᠰᠡᠬᠦ ᠂ ᠲᠦᠷᠦ ᠪᠠᠷᠢᠬᠤ ᠡᠭᠦᠷᠭᠡ ᠪᠠᠨ ᠰᠠᠶᠢᠲᠤᠷ ᠭᠦᠢᠴᠡᠳᠬᠡᠵᠦ ᠴᠢᠳᠠᠬᠤ ᠡᠰᠡᠬᠦ ᠲᠠᠢ ᠬᠤᠯᠪᠣᠭᠳᠠᠵᠤ ᠪᠠᠶᠢᠳᠠᠭ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠵᠦᠢᠯ ᠵᠦᠢᠯ ᠤᠨ ᠠᠰᠠᠭᠤᠳᠠᠯ ᠪᠠ ᠭᠡᠮ ᠰᠣᠭᠤᠭ ᠲᠤ ᠰᠢᠭᠤᠳ ᠬᠠᠨᠳᠤᠵᠤ ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ ᠂ ᠰᠢᠨ᠎ᠡ ᠪᠠᠶᠢᠳᠠᠯ ᠤᠨ ᠳᠣᠣᠷ᠎ᠠ ᠰᠤᠷᠲᠠᠯ ᠤᠨ ᠪᠠᠶᠢᠭᠤᠯᠤᠯᠲᠠ ᠳᠤ ᠶᠠᠭᠤ ᠶᠢ ᠠᠳᠬᠤᠬᠤ ᠂ ᠬᠡᠷᠬᠢᠨ ᠠᠳᠬᠤᠬᠤ ᠠᠰᠠᠭᠤᠳᠠᠯ ᠢ ᠰᠢᠢᠳᠪᠦᠷᠢᠯᠡᠵᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠪᠠ ᠃ ᠰᠢᠨ᠎ᠡ ᠴᠠᠭ ᠦᠶ᠎ᠡ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠤᠪᠢᠰᠬᠠᠯᠲᠤ ᠴᠢᠨᠠᠷᠲᠠᠢ ᠳᠠᠪᠲᠠᠯᠲᠠ ᠪᠠᠷ ᠲᠠᠮᠵᠢᠨ ᠰᠠᠬᠢᠯᠭ᠎ᠠ ᠪᠠᠲᠤ ᠰᠤᠯᠠᠷᠠᠵᠤ ᠂ ᠰᠤᠷᠲᠠᠯ ᠭᠦᠪᠰᠥᠭᠡᠷ ᠪᠣᠯᠤᠭᠰᠠᠨ ᠪᠠᠶᠢᠳᠠᠯ ᠢᠯᠡᠳᠲᠡ ᠬᠤᠪᠢᠷᠠᠵᠤ ᠂ ᠦᠨᠡᠨ ᠬᠦ ᠬᠠᠮᠢᠶᠠᠷᠴᠤ ᠦᠨᠡᠨ ᠬᠦ ᠴᠢᠩᠳᠠᠯᠠᠵᠤ ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠳᠠᠯᠠᠬᠤ ᠠᠭᠤᠷ ᠠᠮᠢᠰᠬᠤᠯ ᠦᠨᠳᠦᠰᠦᠨ ᠳᠡᠭᠡᠨ ᠪᠦᠷᠢᠯᠳᠦᠵᠦ ᠂ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠴᠣ ᠰᠢᠨ᠎ᠡ ᠳᠦᠷᠰᠦ ᠪᠠᠶᠢᠳᠠᠯ ᠢᠯᠡᠷᠡᠵᠦ ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ ᠂ ᠠᠷᠠᠳ ᠲᠦᠮᠡᠨ ᠤ ᠰᠡᠳᠬᠢᠯ ᠳᠠᠬᠢ ᠨᠠᠮ ᠤᠨ ᠳᠦᠷᠢ ᠲᠥᠷᠬᠦ ᠶᠢ ᠲᠠᠭᠢᠨ ᠱᠤᠭᠤᠵᠠᠢ ᠭᠡᠵᠦ ᠴᠢᠬᠤᠯᠠᠴᠢᠯᠠᠪᠠ ᠃  ᠵᠣᠬᠢᠶᠠᠯ ᠳᠤ ᠂ ᠨᠠᠢᠮᠠᠨ ᠲᠣᠭᠲᠠᠭᠠᠯ ᠤᠨ ᠵᠢᠯᠤᠭᠤᠳᠬᠤ ᠦᠵᠡᠯ ᠰᠠᠨᠠᠭ᠎ᠠ ᠪᠣᠯ ᠳᠠᠷᠤᠢ ᠴᠢᠩᠭ᠎ᠠ ᠪᠠᠶᠢᠬᠤ ᠱᠠᠭᠠᠷᠳᠠᠯᠭ᠎ᠠ ᠮᠥᠨ ᠃ ᠨᠠᠮ ᠨᠢ ᠨᠠᠮ ᠢ ᠬᠠᠮᠢᠶᠠᠷᠬᠤ ᠂ ᠨᠠᠮ ᠢ ᠴᠢᠩᠭ᠎ᠠ ᠵᠠᠰᠠᠬᠤ ᠶᠢ ᠢᠯᠡᠷᠡᠭᠦᠯᠵᠦ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠠᠴᠠ ᠡᠬᠢᠯᠡᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠪᠠ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠲᠦᠷᠦᠭᠦᠯᠡᠨ ᠰᠤᠷᠲᠠᠯ ᠢᠶᠠᠨ ᠰᠠᠶᠢᠵᠢᠷᠠᠭᠤᠯᠵᠤ ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠨᠢ ᠳᠠᠷᠤᠢ ᠪᠣᠳᠠᠲᠤ ᠠᠵᠢᠯᠯᠠᠭ᠎ᠠ ᠪᠠᠷ ᠢᠶᠠᠨ ᠪᠦᠭᠦ ᠨᠠᠮ ᠤᠨ ᠰᠤᠷᠲᠠᠯ ᠢᠶᠠᠨ ᠰᠠᠶᠢᠵᠢᠷᠠᠭᠤᠯᠬᠤ ᠳᠤ ᠰᠠᠶᠢᠨ ᠦᠯᠢᠭᠡᠷ ᠳᠠᠭᠤᠷᠢᠶᠠᠯ ᠦᠵᠡᠭᠦᠯᠭᠦ ᠶᠢᠨ ᠲᠥᠯᠥᠭᠡ ᠶᠤᠮ ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ ᠂ ᠳᠡᠭᠡᠷ᠎ᠡ ᠠᠴᠠ ᠳᠣᠷᠣᠭᠰᠢ ᠪᠠᠨ ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠵᠤ ᠂ ᠨᠢᠭᠡ ᠱᠠᠲᠤ ᠨᠢ ᠨᠢᠭᠡ ᠱᠠᠲᠤᠨ ᠳᠠᠭᠠᠨ ᠳᠠᠭᠤᠷᠢᠶᠠᠯ ᠦᠵᠡᠭᠦᠯᠵᠦ ᠂ ᠤᠬᠠᠮᠰᠠᠷ ᠠᠴᠠ ᠪᠠᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠦᠵᠡᠭᠦᠯᠭᠦ ᠬᠡᠷᠡᠭᠲᠡᠢ ᠃ ᠪᠢᠳᠠ ᠦᠨᠡᠨ ᠬᠦ ᠠᠳᠬᠤᠳᠠᠭ ᠯᠠ ᠶᠤᠮ ᠪᠣᠯ ᠰᠢᠢᠳᠪᠦᠷᠢᠯᠡᠵᠦ ᠴᠢᠳᠠᠬᠤ ᠦᠭᠡᠢ ᠠᠰᠠᠭᠤᠳᠠᠯ ᠭᠡᠵᠦ ᠦᠭᠡᠢ ᠶᠤᠮ ᠭᠡᠵᠦ ᠵᠢᠭᠠᠵᠤ ᠭᠠᠷᠭᠠᠪᠠ ᠃  ᠵᠣᠬᠢᠶᠠᠯ ᠳᠤ ᠂ ᠰᠤᠷᠲᠠᠯ ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ ᠪᠠᠨ ᠨᠠᠮᠴᠢ ᠴᠢᠨᠠᠷ ᠤᠨ ᠠᠰᠠᠭᠤᠳᠠᠯ ᠪᠣᠯᠣᠨ᠎ᠠ ᠃ ︽ ᠲᠦᠷᠪᠡᠨ ᠰᠤᠷᠲᠠᠯ ︾ ᠤᠨ ᠠᠰᠠᠭᠤᠳᠠᠯ ᠤᠨ ᠦᠨᠳᠦᠰᠦ ᠨᠢ ᠪᠣᠯ ᠨᠠᠮᠴᠢ ᠴᠢᠨᠠᠷ ᠠᠴᠠ ᠲᠡᠷᠰᠯᠡᠵᠦ ᠂ ᠵᠣᠷᠢᠯᠲᠠ ᠪᠠᠨ ᠠᠯᠳᠠᠭᠰᠠᠨ ᠶᠠᠪᠤᠳᠠᠯ ᠪᠣᠯᠣᠨ᠎ᠠ ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠡᠷᠬᠡᠪᠰᠢ ᠨᠠᠮ ᠪᠣᠯᠣᠨ ᠠᠷᠠᠳ ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠪᠠᠲᠤᠯᠠᠬᠤ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ ᠂ ︽ ᠲᠦᠷᠪᠡᠨ ᠰᠤᠷᠲᠠᠯ ︾ ᠢ ᠵᠠᠯᠠᠷᠠᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ ᠂ ︽ ᠴᠢᠯᠡᠭᠡᠨ ᠠᠴᠠ ᠪᠣᠯᠤᠭᠰᠠᠨ ᠨᠡᠶᠢᠯᠡᠭ ᠭᠡᠮ ︾ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ ᠂ ᠵᠢᠷᠭᠠᠨ ᠴᠡᠩᠭᠡᠬᠦ ᠦᠵᠡᠯ ᠂ ᠱᠠᠯᠢᠨ ᠪᠦᠷᠢᠯᠭᠡᠬᠦ ᠰᠤᠷᠲᠠᠯ ᠵᠡᠷᠭᠡ ᠭᠠᠵᠢᠭᠤ ᠰᠤᠷᠲᠠᠯ ᠮᠠᠭᠤ ᠳᠠᠳᠬᠠᠯ ᠢ ᠴᠤᠬᠤᠶᠢᠮᠠᠬᠴᠠ ᠠᠷᠢᠯᠭᠠᠵᠤ ᠂ ︽ ᠲᠦᠷᠪᠡᠨ ᠰᠤᠷᠲᠠᠯ ︾ ᠤᠨ ᠨᠢᠭᠤᠭᠳᠠᠮᠠᠯ ᠣᠨᠳᠣᠣᠰᠢᠯ ᠤᠨ ᠰᠢᠨ᠎ᠡ ᠬᠠᠨᠳᠤᠰᠢ ᠶᠢ ᠴᠠᠭ ᠢᠮᠠᠭᠲᠠ ᠰᠡᠷᠭᠡᠶᠢᠯᠡᠵᠦ ᠂ ᠲᠠᠭᠢᠨ ᠰᠡᠷᠭᠦᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ︕ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ ᠂ ᠰᠤᠷᠲᠠᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠪᠤᠯᠭᠠᠵᠤ ᠂ ᠴᠢᠭᠯᠡᠭᠦᠯᠦᠯᠲᠦ ᠴᠢᠨᠠᠷᠲᠠᠢ ᠠᠷᠭ᠎ᠠ ᠬᠡᠮᠵᠢᠶ᠎ᠡ ᠶᠢ ᠰᠤᠳᠤᠯᠵᠤ ᠂ ᠰᠢᠨᠵᠢᠯᠡᠬᠦ ᠤᠬᠠᠭᠠᠨᠴᠢ ᠣᠨᠣᠴᠠᠲᠠᠢ ᠬᠠᠷᠠᠯᠲᠠ ᠲᠠᠢ ᠪᠠᠷ ᠴᠡᠭᠴᠡᠯᠡᠨ ᠵᠠᠰᠠᠵᠤ ᠂ ᠬᠠᠲᠠᠭᠤ ᠲᠠᠢ ᠨᠢ ᠬᠠᠯᠳᠠᠵᠤ ᠂ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠬᠡᠷᠡᠭᠲᠡᠢ ᠃ ᠴᠥᠬᠦᠷᠡᠰᠢ ᠦᠭᠡᠢ ᠴᠢᠷᠮᠠᠶᠢᠨ ᠲᠡᠮᠡᠴᠡᠬᠦ ᠡᠷᠴᠢ ᠵᠣᠷᠢᠭ ᠂ ᠪᠡᠷᠬᠡ ᠳᠠᠪᠠᠭ᠎ᠠ ᠶᠢ ᠳᠠᠪᠠᠭ᠋ᠤ ᠰᠥᠰᠥ ᠵᠣᠷᠢᠭ ᠢᠶᠠᠷ ᠲᠣᠭᠲᠠᠯ ᠬᠦᠴᠦᠨ ᠢᠶᠠᠨ ᠪᠠᠲᠤᠯᠠᠵᠤ ᠂ ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ ᠂ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠂ ᠲᠤᠭᠤᠰᠢᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠪᠠᠯ ᠭᠡᠮ ᠠᠷᠬᠠᠭ ᠢ ᠠᠯᠬᠤᠮ ᠠᠯᠬᠤᠮ ᠢᠶᠠᠷ ᠠᠷᠢᠯᠭᠠᠵᠤ ᠂ ᠲᠥᠪ ᠴᠢᠬᠡᠴᠢ ᠪᠠᠶᠢᠬᠤ ᠶᠢ ᠪᠡᠶᠡᠯᠡᠭᠦᠯᠵᠦ ᠴᠢᠳᠠᠨ᠎ᠠ ᠭᠡᠵᠦ ᠵᠢᠭᠠᠵᠤ ᠭᠠᠷᠭᠠᠪᠠ ᠃  ᠵᠣᠬᠢᠶᠠᠯ ᠳᠤ ᠂ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ ᠂ ᠳᠠᠭᠤᠰᠤᠰᠢ ᠦᠭᠡᠢ ᠶᠤᠮ ᠃ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠶᠢᠨ ᠢᠲᠡᠭᠡᠯ ᠪᠠᠶᠢᠭᠤᠯᠬᠤ ᠠᠵᠢᠯᠯᠠᠭ᠎ᠠ ᠮᠥᠨ ᠂ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠵᠤ ᠂ ᠤᠳᠠᠭᠠᠨ ᠳᠠᠭᠠᠭᠠᠮᠠᠭᠠᠢ ᠪᠠᠷᠢᠮᠲᠠᠯᠠᠵᠤ ᠂ ᠠᠷᠪᠠᠨ ᠵᠢᠯ ᠬᠦᠷᠬᠦ ᠦᠭᠡᠢ ᠪᠣᠯ ᠬᠤᠷᠢᠨ ᠵᠢᠯ ᠂ ᠬᠤᠷᠢᠨ ᠵᠢᠯ ᠬᠦᠷᠬᠦ ᠦᠭᠡᠢ ᠪᠣᠯ ᠭᠤᠴᠢᠨ ᠵᠢᠯ ᠴᠢᠷᠮᠠᠶᠢᠵᠤ ᠂ ᠬᠡᠪ ᠰᠤᠷᠲᠠᠯ ᠢ ᠦᠨᠡᠨ ᠬᠦ ᠬᠤᠪᠢᠷᠠᠭᠤᠯᠵᠤ ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ ᠃ ᠪᠢᠳᠡ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ ᠂ ᠲᠡᠮᠦᠷ ᠪᠠᠷᠢᠪᠠᠯ ᠤᠷᠤᠮ ᠲᠠᠢ ᠪᠠᠶᠢᠬᠤ ᠡᠷᠴᠢ ᠵᠣᠷᠢᠭ ᠢᠶᠠᠷ ᠠᠳᠬᠤᠵᠤ ᠂ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠵᠦ ᠂ ᠴᠢᠳᠠᠮᠠᠭᠠᠢ ᠠᠵᠢᠯᠯᠠᠵᠤ ᠰᠠᠶᠢᠨ ᠦᠷ᠎ᠡ ᠪᠦᠲᠦᠭᠡᠯ ᠭᠠᠷᠭᠠᠬᠤ ᠬᠡᠷᠡᠭᠲᠡᠢ ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠪᠠ ᠂ ᠡᠨᠡ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ᠎ᠠ ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠨᠠᠮ ᠤᠨ ᠭᠡᠰᠢᠭᠦᠨ ᠂ ᠺᠠᠳ᠋ᠷ ᠤᠨ ᠲᠣᠭᠲᠠᠯ ᠬᠦᠴᠦᠨ ᠢᠶᠠᠨ ᠨᠡᠮᠡᠭᠳᠡᠭᠦᠯᠬᠦ ᠂ ᠳᠠᠳᠬᠠᠯ ᠪᠤᠯᠬᠤ ᠶᠢ ᠠᠬᠢᠭᠤᠯᠵᠤ ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ ᠭᠡᠵᠦ ᠴᠢᠬᠤᠯᠠᠴᠢᠯᠠᠪᠠ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ