ᠦᠪᠤᠷ ᠮᠣᠩᠭᠤᠯ ᠨᠢ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠬᠦᠯᠦᠨ ᠠᠰᠢᠠᠠᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠭᠡᠷᠡᠭᠵᠢᠬᠦᠯᠬᠦ ᠳᠥᠰᠦᠯ ᠢ ᠳᠠᠷᠣᠮᠯᠠᠨ ᠲᠠᠷᠬᠠᠭᠠᠵᠤ ᠣᠰᠦ ᠠᠷᠪᠢᠯᠠᠬᠤ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2025/5/18
    ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠥᠪᠥᠷ ᠮᠣᠩᠭᠤᠯ ᠤᠨ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠣᠳᠣᠬᠢ ᠪᠠᠶᠢᠳᠠᠯ ᠳᠤ ᠰᠠᠭᠤᠷᠢᠯᠠᠨ᠂ 30 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠤᠰᠤᠨ ᠤ ᠡᠬᠢ ᠪᠠᠶᠠᠯᠢᠭ ᠤᠨ ᠦᠨᠳᠦᠰᠦᠨ ᠬᠢᠵᠠᠭᠠᠷᠯᠠᠯ ᠢ ᠴᠢᠩᠭᠠᠳᠬᠠᠬᠤ᠂ ᠲᠠᠷᠢᠶᠠᠯᠠᠩ ᠤᠨ ᠤᠰᠤ ᠠᠷᠪᠢᠯᠠᠬᠤ ᠶᠢ ᠳᠣᠪᠤᠶᠢᠯᠭᠠᠨ ᠰᠠᠶᠢᠲᠤᠷ ᠠᠳᠬᠤᠬᠤ᠂ ᠠᠵᠦ ᠦᠢᠯᠡᠳᠪᠦᠷᠢ ᠶᠢᠨ ᠣᠰᠤ ᠠᠷᠪᠢᠯᠠᠬᠤ ᠶᠢ ᠲᠦᠷᠭᠡᠳᠬᠡᠨ ᠠᠬᠢᠭᠤᠯᠬᠤ᠂ ᠬᠤᠲᠠ ᠬᠥᠳᠡᠭᠡ ᠶᠢᠨ ᠤᠰᠤ ᠶᠢ ᠠᠷᠪᠢᠯᠠᠵᠤ ᠬᠡᠷᠡᠭᠯᠡᠬᠦ ᠶᠢ ᠲᠦᠷᠭᠡᠳᠬᠡᠨ ᠠᠬᠢᠭᠤᠯᠬᠤ᠂ ᠠᠮᠢ ᠠᠬᠤᠶ ᠶᠢᠨ ᠤᠰᠤ ᠠᠷᠪᠢᠯᠠᠬᠤ ᠶᠢ ᠢᠳᠡᠪᠬᠢᠲᠡᠶ ᠠᠬᠢᠭᠤᠯᠬᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠴᠢᠩᠭᠠᠳᠬᠠᠬᠤ᠂ ᠬᠡᠪ ᠤᠨ ᠪᠤᠰᠤ ᠤᠰᠤ ᠶᠢ ᠬᠦᠴᠦᠯᠡᠨ ᠰᠠᠶᠢᠲᠤᠷ ᠬᠡᠷᠡᠭᠯᠡᠬᠦ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ 9 ᠲᠠᠯ᠎ᠠ ᠠᠴᠠ ᠤᠰᠤ ᠠᠷᠪᠢᠯᠠᠬᠤ ᠠᠵᠢᠯᠯᠠᠭ᠎ᠠ ᠥᠷᠨᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ︽ᠬᠡᠷᠡᠭᠵᠢᠭᠦᠯᠬᠦ ᠲᠥᠰᠦᠯ︾ ᠳᠤ᠂ 2025 ᠣᠨ ᠳᠤ᠂ ᠪᠥᠬᠦ ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ  ᠮᠧᠲᠷ ᠤᠨ ᠳᠣᠲᠣᠷ᠎ᠠ ᠬᠢᠵᠠᠭᠠᠷᠯᠠᠵᠤ᠂ ᠤᠯᠤᠰ ᠤᠨ ᠳᠣᠲᠣᠭᠠᠳᠤ ᠶᠢᠨ ᠲᠦᠮᠡᠨ ᠲᠥᠭᠦᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 12% ᠠᠴᠠ ᠳᠡᠭᠡᠭᠰᠢ ᠪᠠᠭᠤᠷᠠᠭᠤᠯᠤᠨ᠎ᠠ ᠭᠡᠵᠦ ᠲᠣᠳᠣᠷᠬᠠᠶ ᠲᠣᠭᠲᠠᠭᠠᠵᠠᠶ᠃ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2. 7 ᠳ᠋ᠦᠩᠰᠢᠭᠤᠷ ᠪᠣᠰᠤᠭ᠎ᠠ ᠳᠥᠷᠪᠡᠯᠵᠢᠨ  ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠢᠯᠡᠳᠬᠡᠪᠦᠷᠢ ᠶᠢ 0. 59 % ᠠᠴᠠ ᠳᠡᠭᠡᠭᠰᠢ ᠳᠤ ᠬᠦᠷᠦᠭᠦᠯᠦᠨ᠎ᠡ ᠂ ᠠᠵᠤ ᠦᠢᠯᠡᠳᠪᠦᠷᠢ ᠶᠢᠨ ᠲᠦᠮᠡᠨ ᠲᠥᠭᠦᠷᠢᠭ ᠤᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 13 % ᠠᠴᠠ ᠳᠡᠭᠡᠭᠰᠢ ᠪᠠᠭᠤᠷᠠᠭᠤᠯᠤᠨ᠎ᠠ ᠂ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠦ ᠬᠤᠬᠢᠷᠠᠭᠰᠠᠨ ᠨᠣᠷᠮ᠎ᠠ ᠶᠢ 9 % ᠶᠢᠨ ᠳᠣᠲᠣᠷ᠎ᠠ ᠬᠢᠵᠠᠭᠠᠷᠯᠠᠬᠤ ᠪᠠᠷ ᠴᠢᠷᠮᠠᠶᠢᠵᠤ ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 48 % ᠠᠴᠠ ᠳᠡᠭᠡᠭᠰᠢ ᠳᠤ ᠬᠦᠷᠦᠭᠦᠯᠦᠨ᠎ᠡ ᠂ ᠡᠩ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 7. 68 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠦᠨ᠎ᠡ᠃    ︽ᠬᠡᠷᠡᠭᠵᠢᠭᠦᠯᠬᠦ ᠲᠥᠰᠦᠯ︾ ᠳᠤ ᠱᠠᠭᠠᠷᠳᠠᠭᠰᠠᠨ ᠨᠢ᠂ ᠤᠰᠤᠨ ᠤ ᠡᠬᠢ ᠪᠠᠶᠠᠯᠢᠭ ᠤᠨ ᠦᠨᠳᠦᠰᠦᠨ ᠬᠢᠵᠠᠭᠠᠷᠯᠠᠯ ᠢ ᠴᠢᠩᠭᠠᠳᠬᠠᠵᠤ᠂ ᠤᠰᠤ ᠠᠷᠪᠢᠯᠠᠬᠤ ᠬᠢᠵᠠᠭᠠᠷᠯᠠᠯ ᠤᠨ ᠴᠢᠨᠠᠷᠲᠠᠶ ᠵᠢᠭᠠᠯᠲᠠ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ᠂ ᠤᠰᠤ ᠬᠡᠷᠡᠭᠯᠡᠬᠦ ᠶᠢ ᠬᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ ᠶᠢ ᠴᠢᠩᠭ᠎ᠠ ᠨᠠᠶᠢᠳᠠᠪᠤᠷᠢᠵᠢᠭᠤᠯᠬᠤ ᠵᠡᠷᠭᠡ 3 ᠲᠠᠯ᠎ᠠ ᠪᠠᠷ ᠱᠠᠭᠠᠷᠳᠠᠯᠭ᠎ᠠ ᠭᠠᠷᠭᠠᠵᠤ᠂ ᠠᠵᠢᠯ ᠲᠦᠷᠦᠯ ᠬᠤᠪᠢᠶᠠᠨ ᠣᠰᠣ ᠠᠷᠪᠢᠯᠠᠬᠤ ᠵᠢᠭᠠᠯᠲᠠ ᠲᠤᠭ᠎ᠠ ᠶᠢ ᠲᠣᠭᠲᠠᠭᠠᠬᠤ ᠶᠢ ᠱᠠᠭᠠᠷᠳᠠᠵᠤ᠂ ᠠᠶᠢᠮᠠᠭ ᠬᠤᠲᠠ ᠬᠤᠪᠢᠶᠠᠨ ᠣᠰᠤ ᠠᠷᠪᠢᠯᠠᠬᠤ ᠬᠠᠷᠠᠯᠲᠠ ᠶᠢ ᠲᠣᠭᠲᠠᠭᠠᠨ᠎ᠠ᠂ ︽ᠣᠭᠰᠠᠷᠠᠪᠠᠰᠣ ᠵᠤᠬᠢᠬᠤ ᠶᠢ ᠨᠢ ᠪᠦᠬᠦᠨ ᠢ ᠣᠭᠰᠠᠷᠠᠵᠤ᠂ ᠬᠡᠮᠵᠢᠪᠡᠰᠦ ᠵᠣᠬᠢᠬᠤ ᠶᠢ ᠨᠢ ᠪᠦᠬᠦᠨ ᠢ ᠬᠡᠮᠵᠢᠬᠦ︾ ᠱᠠᠭᠠᠷᠳᠠᠯᠭ᠎ᠠ ᠶᠣᠰᠣᠭᠠᠷ᠂ ᠭᠠᠵᠠᠷ ᠳᠡᠭᠡᠷᠡᠬᠢ ᠤᠰᠤᠨ ᠤ ᠤᠰᠤᠯᠠᠯᠲᠠ ᠶᠢᠨ ᠣᠷᠣᠨ ᠤ 1 ᠲᠦᠮᠡᠨ ᠮᠦ ᠠᠴᠠ ᠳᠡᠭᠡᠭᠰᠢᠬᠢ ᠰᠤᠪᠠᠭ ᠤᠨ ᠡᠬᠢᠨ ᠤ ᠤᠰᠤ ᠲᠠᠲᠠᠬᠤ ᠬᠡᠮᠵᠢᠯᠲᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠂ 5 ᠲᠦᠮᠡᠨ ᠮᠦ ᠠᠴᠠ ᠳᠡᠭᠡᠭᠰᠢᠬᠢ ᠰᠤᠪᠠᠭ ᠤᠨ ᠡᠬᠢᠨ ᠤ ᠤᠰᠤ ᠲᠠᠲᠠᠬᠤ ᠬᠡᠮᠵᠢᠯᠲᠡ ᠶᠢ ᠰᠦᠯᠵᠢᠶᠡᠨ ᠳᠡᠭᠡᠷ᠎ᠡ ᠬᠡᠮᠵᠢᠬᠦ ᠶᠢ ᠪᠡᠶᠡᠯᠡᠭᠦᠯᠦᠨ᠎ᠡ ᠂ ᠬᠤᠳᠳᠤᠭ ᠤᠨ ᠤᠰᠤᠯᠠᠯᠲᠠ ᠶᠢᠨ ᠤᠷᠤᠨ ᠳᠤ ︽ᠴᠠᠬᠢᠯᠭᠠᠨ ᠢᠶᠠᠷ ᠣᠰᠤ ᠶᠢ ᠨᠢ ᠨᠤᠭᠤᠯᠠᠬᠤ︾ ᠬᠡᠮᠵᠢᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠂ ᠲᠠᠷᠢᠶᠠᠯᠠᠩ ᠤᠨ ᠪᠤᠰᠤ ᠬᠡᠷᠡᠭᠯᠡᠭᠴᠢ ᠶᠢᠨ ᠵᠢᠯ ᠤᠨ ᠵᠥᠪᠰᠢᠶᠡᠷᠡᠯ ᠤᠨ ᠤᠰᠤᠨ ᠤ ᠬᠡᠮᠵᠢᠶ᠎ᠡ ᠶᠢ 50 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢᠬᠢ ᠭᠠᠵᠠᠷ ᠳᠣᠣᠷ᠎ᠠ ᠠᠴᠠ ᠤᠰᠤ ᠲᠠᠲᠠᠬᠤ ᠂ 5 ᠲᠤ ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢᠬᠢ ᠭᠠᠵᠠᠷ ᠳᠣᠣᠷ᠎ᠠ ᠠᠴᠠ ᠣᠰᠤ ᠲᠠᠲᠠᠬᠤ ᠶᠢ ᠪᠦᠬᠦᠨ ᠢ ᠰᠦᠯᠵᠢᠶᠡᠨ ᠳᠡᠭᠡᠷ᠎ᠡ ᠬᠡᠮᠵᠢᠬᠦ ᠶᠢ ᠪᠡᠶᠡᠯᠡᠭᠦᠯᠦᠨ᠎ᠡ ᠂ ᠤᠰᠤ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠨᠢᠭᠡᠨᠲᠡ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠵᠢᠭᠠᠯᠲᠠ ᠲᠣᠭᠠᠨ ᠳᠤ ᠬᠦᠷᠦᠭᠰᠡᠨ ᠪᠤᠶᠤ ᠳᠠᠪᠠᠭᠰᠠᠨ ᠂ ᠭᠠᠵᠠᠷ ᠳᠣᠣᠷᠠᠬᠢ ᠣᠰᠤᠨ ᠤ ᠬᠠᠮᠢᠶᠠᠷᠤᠯᠲᠠ ᠶᠢᠨ ᠨᠢᠭᠡᠴᠢ ᠶᠢᠨ ᠭᠦᠢᠴᠡᠳᠬᠡᠯ ᠲᠤᠭ᠎ᠠ ᠨᠢ ᠬᠢᠷᠢ ᠲᠡᠩᠴᠡᠭᠰᠡᠨ ᠦᠭᠡᠢ ᠭᠠᠵᠠᠷ ᠣᠷᠣᠨ ᠳᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠠᠮᠢᠳᠣᠷᠠᠯ ᠳᠤ ᠬᠡᠷᠡᠭᠯᠡᠬᠦ ᠤᠰᠤ ᠪᠤᠶᠤ ᠢᠯᠴᠢ ᠬᠠᠩᠭᠠᠬᠤ ᠬᠤᠭᠤᠯᠠᠢ ᠶᠢᠨ ᠲᠣᠤᠷ ᠢᠶᠠᠷ ᠤᠰᠤ ᠨᠥᠬᠦᠪᠥᠷᠢᠯᠡᠬᠦ ᠵᠡᠷᠭᠡ ᠣᠨᠴᠠᠭᠠᠶ ᠪᠠᠶᠢᠳᠠᠯ ᠠᠴᠠ ᠭᠠᠳᠠᠨ᠎ᠠ᠂ ᠲᠣᠰ ᠭᠠᠵᠠᠷ ᠣᠷᠣᠨ ᠤ ᠰᠢᠨ᠎ᠡ ᠪᠠᠷ ᠨᠡᠮᠡᠭᠳᠡᠭᠰᠡᠨ ᠤᠰᠤ ᠠᠪᠴᠤ ᠬᠡᠷᠡᠭᠯᠡᠬᠦ ᠬᠢᠨᠠᠨ ᠵᠥᠪᠰᠢᠶᠡᠷᠡᠬᠦ ᠶᠢ ᠲᠦᠷ ᠵᠣᠭᠰᠣᠭᠠᠨ᠎ᠠ᠃    ︽ᠬᠡᠷᠡᠭᠵᠢᠭᠦᠯᠬᠦ ᠲᠥᠰᠦᠯ︾ ᠤᠨ ᠱᠠᠭᠠᠷᠳᠠᠭᠰᠠᠨ ᠨᠢ ᠂ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠳᠣᠪᠣᠶᠢᠮ᠎ᠠ ᠰᠠᠶᠢᠲᠤᠷ ᠠᠳᠬᠤᠵᠤ᠂ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ ᠂ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠬᠦ ᠬᠡᠷᠡᠭᠲᠡᠢ᠂ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠮᠡᠷᠭᠡᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠰᠤ ᠠᠷᠪᠢᠯᠠᠬᠤ ᠴᠢᠳᠠᠪᠤᠷᠢ ᠶᠢ 0.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠬᠦ ᠬᠡᠷᠡᠭᠲᠡᠢ᠂ ︿ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ ﹀ ᠠᠰᠠᠭᠤᠳᠠᠯ ᠢ ᠭᠦᠨᠵᠡᠭᠡᠶ ᠰᠢᠢᠳᠪᠦᠷᠢᠯᠡᠵᠦ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠤᠰᠤ ᠵᠠᠷᠤᠴᠠᠭᠤᠯᠬᠤ ᠬᠡᠮᠵᠢᠶ᠎ᠡ ᠶᠢ 10 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠣᠷᠴᠢᠮ ᠬᠢᠵᠠᠭᠠᠷᠯᠠᠵᠤ᠂ ᠪᠤᠰᠤᠳ ᠬᠠᠲᠤᠨ ᠭᠤᠤᠯ ᠤᠨ ᠤᠰᠤ ᠲᠠᠲᠠᠬᠤ ᠤᠰᠤᠯᠠᠯᠲᠠ ᠶᠢᠨ ᠣᠷᠣᠨ ᠤ ᠦᠷᠡᠵᠢᠯ ᠤᠨ ᠪᠤᠰᠤ ᠬᠤᠭᠤᠴᠠᠭᠠᠨ ᠤ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ 20% ᠠᠴᠠ ᠳᠡᠭᠡᠭᠰᠢ ᠪᠠᠭᠠᠰᠬᠠᠨ᠎ᠠ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠶ ᠶᠢ 1000 ᠲᠦᠮᠡᠨ ᠮᠦ ᠠᠴᠠ ᠳᠡᠭᠡᠭᠰᠢ ᠨᠡᠮᠡᠭᠳᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ ᠲᠠᠨᠢᠯᠴᠠᠭᠤᠯᠪᠠ ᠃    ᠲᠠᠨᠢᠯᠴᠠᠭᠤᠯᠤᠭᠰᠠᠨ ᠢᠶᠠᠷ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠠᠬᠢᠭᠤᠯᠬᠤ ᠲᠠᠯ᠎ᠠ ᠪᠠᠷ᠂ ᠡᠨᠧᠷᠭᠢ ᠶᠢᠨ ᠬᠦᠷᠢᠶᠡᠨ  ᠳᠠᠬᠢ ᠤᠰᠤ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ᠤᠰᠤ ᠠᠷᠪᠢᠯᠠᠬᠤ ᠴᠢᠳᠠᠪᠤᠷᠢ ᠶᠢ 200 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠬᠡᠷᠡᠭᠲᠡᠢ᠂ ᠪᠤᠰᠤᠳ ᠭᠤᠣᠯᠳᠠᠯᠭ᠎ᠠ ᠲᠠᠢ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ 213 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ ᠰᠢᠨ᠎ᠡ ᠪᠠᠷ ᠨᠡᠮᠡᠭᠳᠡᠭᠦᠯᠵᠦ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠤᠰᠤ ᠬᠡᠷᠡᠭᠯᠡᠬᠦ ᠳᠠᠪᠬᠤᠷᠳᠠᠭᠤᠯᠤᠨ ᠠᠰᠢᠭᠯᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ ᠃    ᠯᠢ ᠪᠢᠨ ᠬᠡᠯᠡᠬᠦ ᠳᠤ ᠪᠠᠨ ᠄ ︽ᠬᠤᠲᠠ ᠬᠥᠳᠡᠭᠡ ᠶᠢᠨ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠬᠤ ᠲᠠᠯ᠎ᠠ ᠪᠠᠷ᠂ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠬᠤ ᠬᠤᠬᠢᠷᠠᠭᠰᠠᠨ ᠢ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠶᠢ ᠱᠠᠭᠠᠷᠳᠠᠵᠤ ᠂ ᠭᠤᠭᠤᠵᠢᠵᠤ ᠬᠤᠬᠢᠷᠠᠭᠰᠠᠨ ᠭᠠᠵᠠᠷ ᠣᠷᠣᠨ ᠳᠤ ᠠᠩᠬᠠᠷᠣᠯ ᠢᠶᠠᠨ ᠲᠦᠪᠯᠡᠷᠡᠭᠦᠯᠵᠦ᠂ ᠬᠠᠭᠤᠴᠢᠷᠠᠵᠦ ᠡᠪᠳᠡᠷᠡᠨ ᠬᠤᠬᠢᠷᠠᠭᠰᠠᠨ ᠣᠰᠤ ᠬᠠᠩᠭᠠᠬᠤ ᠬᠤᠭᠤᠯᠠᠶ ᠶᠢᠨ ᠲᠣᠤᠷ ᠢ 400 ᠺᠢᠯᠤᠮᠧᠲᠷ ᠠᠴᠠ ᠳᠡᠭᠡᠭᠰᠢ ᠦᠭᠡᠷᠡᠴᠢᠯᠡᠨ ᠵᠠᠰᠠᠬᠤ ᠬᠡᠷᠡᠭᠲᠡᠶ᠂ ᠪᠠᠰᠠ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠪᠠ ᠣᠨᠴᠠ ᠲᠥᠷᠥᠯ ᠤᠨ ᠠᠵᠢᠯ ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠬᠤ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠲᠦᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠳᠥᠯᠭᠢᠨ ᠠᠬᠢᠭᠤᠯᠵᠤ᠂ ᠲᠦᠭᠡᠭᠡᠯ ᠤᠰᠤ ᠶᠢ ᠲᠦᠭᠡᠮᠡᠯᠵᠢᠭᠦᠯᠬᠦ ᠨᠣᠷᠮ᠎ᠠ ᠶᠢ 85% ᠳᠤ ᠬᠦᠷᠲᠡᠯ᠎ᠡ ᠳᠡᠭᠡᠭᠰᠢᠯᠡᠭᠦᠯᠬᠦ ᠬᠡᠷᠡᠭᠲᠡᠶ︾ ᠭᠡᠵᠦ ᠬᠡᠯᠡᠪᠡ᠃    ︽ᠬᠡᠷᠡᠭᠵᠢᠭᠦᠯᠬᠦ ᠲᠥᠰᠦᠯ︾ ᠳᠤ ᠪᠠᠰᠠ ᠠᠮᠢ ᠠᠬᠤᠶ ᠶᠢᠨ ᠤᠰᠤ ᠠᠷᠪᠢᠯᠠᠬᠤ ᠶᠢ ᠢᠳᠡᠪᠬᠢᠲᠡᠶ ᠲᠦᠯᠬᠢᠨ ᠠᠬᠢᠭᠤᠯᠵᠤ᠂ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠤᠰᠤ ᠠᠷᠪᠢᠯᠠᠬᠤ ᠶᠢ ᠲᠦᠯᠬᠢᠨ ᠠᠬᠢᠭᠤᠯᠵᠤ᠂ ᠬᠤᠲᠠ ᠶᠢᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠴᠢᠩᠭᠠᠳᠬᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠪᠠᠬᠢᠵᠢᠭᠦᠯᠦᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠤᠣᠯᠳᠠᠯᠭ᠎ᠠ ᠲᠠᠢ ᠣᠷᠣᠨ ᠪᠦᠰᠡ ᠶᠢᠨ ᠳᠠᠭᠠᠭᠠᠴᠠ ᠠᠴᠠ ᠬᠡᠲᠦᠷᠡᠲᠡᠯ᠎ᠡ ᠲᠠᠲᠠᠭᠰᠠᠨ ᠢ ᠵᠠᠰᠠᠬᠤ ᠶᠢ ᠲᠦᠷᠭᠡᠳᠬᠡᠨ ᠠᠬᠢᠭᠤᠯᠵᠤ᠂ 2025 ᠤᠨ ᠪᠣᠯᠬᠤ ᠳᠤ ᠬᠡᠲᠦᠷᠡᠲᠡᠯ᠎ᠡ ᠲᠠᠲᠠᠭᠰᠠᠨ ᠬᠡᠮᠵᠢᠶ᠎ᠡ ᠶᠢ ᠨᠡᠶᠢᠲᠡ 3.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠪᠠᠭᠠᠰᠬᠠᠨ᠎ᠠ ᠃ ᠬᠡᠪ ᠤᠨ ᠪᠤᠰᠤ ᠤᠰᠤ ᠶᠢ ᠬᠦᠴᠦᠯᠡᠨ ᠰᠠᠶᠢᠲᠤᠷ ᠬᠡᠷᠡᠭᠯᠡᠬᠦ ᠲᠠᠯ᠎ᠠ ᠪᠠᠷ᠂ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠶᠢ ᠳᠥᠯᠭᠢᠨ ᠠᠬᠢᠭᠤᠯᠵᠤ ᠂ ᠬᠠᠲᠤᠨ ᠭᠤᠤᠯ ᠤᠨ ᠰᠠᠪᠠ ᠭᠠᠵᠠᠷ ᠤᠨ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠬᠤ ᠬᠡᠷᠡᠭᠲᠡᠶ ᠂ ᠠᠭᠤᠷᠬᠠᠶ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠤᠰᠤ ᠬᠠᠳᠠᠭᠠᠯᠠᠵᠤ ᠨᠡᠭᠦᠷᠡᠰᠦ ᠮᠠᠯᠲᠠᠬᠤ ᠮᠡᠷᠭᠡᠰᠢᠯ ᠢ ᠳᠡᠯᠭᠡᠷᠡᠭᠦᠯᠦᠨ᠂ 2025 ᠣᠨ ᠤ ᠡᠴᠦᠰ ᠪᠣᠯᠬᠤ ᠳᠤ ᠪᠥᠬᠦ ᠣᠷᠣᠨ ᠤ ᠠᠭᠤᠷᠬᠠᠶ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ