ᠰᠢ ᠶᠢᠨ ᠫᠢᠩ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠬᠤ ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2025/5/19
      ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ  ᠶᠢᠨ ᠫᠢᠩ ᠣᠷᠴᠢᠮᠬᠠᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠬᠤ ᠠᠵᠢᠯ ᠤᠨ ᠲᠠᠯ᠎ᠠ ᠪᠠᠷ ᠴᠢᠬᠤᠯᠠ ᠵᠢᠭᠠᠪᠤᠷᠢ ᠪᠠᠭᠤᠯᠭᠠᠵᠤ ᠂ ᠴᠢᠬᠤᠯᠠᠴᠢᠯᠠᠭᠤᠯᠬᠤ ᠳᠠᠭᠠᠨ ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠪᠠᠨ ᠵᠠᠰᠠᠬᠤ ᠴᠢᠬᠤᠯᠠ ᠲᠤᠷᠰᠢᠯᠭ᠎ᠠ ᠪᠣᠯᠣᠨ᠎ᠠ ᠂ ᠮᠥᠨ ᠴᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠥ ᠶᠢᠨ ᠴᠢᠬᠤᠯᠠ ᠳᠠᠪᠠᠭᠤᠯᠢᠭ ᠪᠣᠯᠣᠨ᠎ᠠ ᠃ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠵᠤ ᠬᠡᠷᠡᠭᠵᠢᠭᠦᠯᠬᠦ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠬᠠᠤᠯᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ ᠂ ᠳᠡᠭᠡᠳᠦ ᠳᠠᠪᠬᠤᠷᠭ᠎ᠠ ᠶᠢᠨ ᠲᠥᠰᠥᠪᠯᠡᠯ ᠪᠠ ᠠᠷᠠᠳ ᠣᠯᠠᠨ ᠤ ᠠᠷᠭ᠎ᠠ ᠤᠬᠠᠭᠠᠨ ᠢ ᠨᠢᠭᠡᠳᠬᠡᠵᠦ ᠂ ᠪᠠᠶᠢᠴᠠᠭᠠᠨ ᠰᠤᠳᠤᠯᠤᠯᠲᠠ ᠬᠢᠬᠦ ᠮᠠᠭᠠᠳᠯᠠᠨ ᠭᠡᠷᠡᠴᠢᠯᠡᠬᠦ ᠪᠠᠨ ᠴᠢᠩᠭᠠᠳᠬᠠᠨ ᠂ ᠬᠠᠮᠲᠤ ᠶᠢᠨ ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ ᠂ ᠣᠯᠠᠨ ᠲᠦᠮᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠣᠯᠠᠨ ᠠᠷᠭ᠎ᠠ ᠬᠡᠯᠪᠡᠷᠢ ᠪᠠᠷ ᠰᠣᠨᠣᠰᠴᠤ ᠂ ᠺᠠᠳ᠋ᠷ ᠤᠯᠠᠨ ᠲᠦᠮᠡᠨ ᠤ ᠦᠢᠯᠡᠳᠦᠯᠭᠡ ᠶᠢᠨ ᠶᠠᠪᠤᠴᠠ ᠳᠠᠭᠠᠨ ᠡᠭᠦᠳᠦᠭᠰᠡᠨ ᠰᠢᠨ᠎ᠡ ᠲᠤᠷᠰᠢᠯᠭ᠎ᠠ ᠶᠢ ᠭᠦᠢᠴᠡᠳ ᠠᠰᠢᠭᠯᠠᠨ ᠂ ᠬᠠᠷᠠᠯᠲᠠ ᠡᠭᠦᠷᠭᠡ ᠪᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ᠂ ᠵᠣᠬᠢᠴᠠᠩᠭᠤᠢ ᠴᠢᠨᠠᠷ ᠢ ᠴᠢᠬᠤᠯᠠᠴᠢᠯᠠᠵᠤ ᠂ ᠨᠠᠶᠢᠷᠠᠭᠤᠯᠬᠤ ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠡᠢ ᠃  ᠮᠠᠨ ᠤ ᠤᠯᠤᠰ 2026 ᠣᠨ ᠠᠴᠠ ᠡᠬᠢᠯᠡᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠬᠡᠷᠡᠭᠵᠢᠭᠦᠯᠬᠦ ᠪᠣᠯᠣᠨ᠎ᠠ ᠂ ᠣᠳᠣ ᠨᠠᠮ ᠤᠨ ᠲᠥᠪ ᠬᠤᠷᠢᠶ᠎ᠠ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠰᠠᠨᠠᠭᠤᠯᠭ᠎ᠠ ᠶᠢ ᠲᠤᠭᠤᠷᠪᠢᠨ ᠪᠢᠴᠢᠬᠦ ᠶᠢ ᠵᠣᠬᠢᠶᠠᠨ ᠪᠠᠶᠢᠭᠤᠯᠵᠤ ᠪᠠᠶᠢᠨ᠎ᠠ ᠃ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠯᠦᠪᠵᠢᠭᠦᠯᠭᠡ ᠶᠢᠨ ᠰᠠᠨᠠᠭᠤᠯᠭ᠎ᠠ ᠶᠢ ᠲᠤᠭᠤᠷᠪᠢᠬᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ ᠂ ᠬᠠᠮᠢᠶᠠᠲᠠᠢ ᠲᠠᠯ᠎ᠠ ᠶᠢᠨ ᠬᠢᠨ ᠣᠶᠢᠷ᠎ᠠ ᠳᠤ ᠤᠯᠠᠨ ᠵᠦᠢᠯ ᠤᠨ ᠬᠡᠯᠪᠡᠷᠢ ᠪᠠᠷ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠲᠠᠯ᠎ᠠ ᠪᠠᠷ ᠬᠢ ᠺᠠᠳ᠋ᠷ ᠤᠯᠠᠨ ᠲᠦᠮᠡᠨ ᠂ ᠲᠤᠰᠬᠠᠢ ᠮᠡᠷᠭᠡᠵᠢᠯᠲᠡᠨ ᠡᠷᠳᠡᠮᠲᠡᠨ ᠨᠠᠷ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠪᠠᠷ ᠪᠠᠶᠢᠨ᠎ᠠ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ