ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ ︶ ᠢ ᠳᠠᠷᠤᠮᠠᠯᠯᠠᠨ ᠲᠠᠷᠬᠠᠭᠠᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ | ︽ᠰᠠᠨᠠᠯ︾ ᠳᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠪᠣᠯ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠬᠢᠬᠦ ᠪᠠᠷ | ᠤᠳᠤᠷᠢᠳᠤᠮᠵᠢ ᠪᠤᠯᠭᠠᠬᠤ᠂ ᠳᠦᠷᠢᠮ ᠤᠨ ᠰᠢᠨ᠎ᠡ ᠶᠢ ᠡᠭᠦᠳᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠬᠦ ᠶᠢ ᠪᠠᠷᠢᠮᠲᠠᠯᠠᠵᠤ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ | ᠵᠣᠯᠭᠠᠭᠤᠯᠵᠤ᠂ ᠳᠦᠷᠢᠮ᠂ ᠵᠢᠷᠤᠮᠯᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ | ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠪᠠ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠪᠦᠭᠦ ᠠᠵᠤ ᠦᠢᠯᠡᠰ ᠤᠨ | ᠬᠡᠯᠬᠢᠶ᠎ᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠢ ᠰᠢᠯᠤᠭᠤᠳᠬᠠᠬᠤ ᠴᠢᠬᠤᠯᠠ ᠬᠦᠢᠰᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠬᠥᠳᠡᠯᠭᠡᠭᠦᠷ ᠪᠣᠯᠭᠠᠨ | ᠪᠦᠲᠦᠭᠡᠨ ᠪᠠᠶᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠠᠬᠢᠴᠠ ᠳᠤᠮᠳᠠ ᠵᠢᠱᠢᠶ᠎ᠡ ᠦᠵᠡᠭᠦᠯᠭᠦ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠳᠤᠷᠠᠳᠪᠠ᠃ | ︽ᠰᠠᠨᠠᠯ︾ ᠳᠤ᠂ 5 ᠵᠢᠯ ᠣᠷᠴᠢᠮ ᠤᠨ ᠪᠦᠲᠦᠭᠡᠯᠴᠢ ᠴᠢᠨᠠᠷᠲᠠᠢ᠂ ᠬᠤᠷᠠᠮᠠᠯ ᠭᠡᠯᠪᠡᠷᠢ ᠶᠢᠨ ᠰᠦᠪᠡᠭᠴᠢᠯᠡᠯᠲᠡ ᠪᠠᠷ ᠲᠠᠮᠵᠢᠨ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠬᠢᠬᠦ ᠲᠦᠪᠰᠢᠨ᠂ ᠰᠢᠰᠲ᠋ᠧᠮ ᠤᠨ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ᠂ | ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠶᠠᠰᠤ ᠴᠢᠨᠠᠷ ᠤᠨ ᠪᠦᠭᠦ ᠲᠠᠯ᠎ᠠ ᠪᠠᠷ ᠳᠡᠭᠡᠭᠰᠢᠯᠡᠬᠦ ᠶᠢ ᠪᠡᠶᠡᠯᠡᠭᠦᠯᠵᠦ᠂ ᠠᠷᠠᠯᠵᠢᠶ᠎ᠠ᠂ ᠪᠡᠯᠡ ᠣᠷᠣᠭᠤᠯᠬᠤ᠂ ᠪᠡᠯᠡ | ᠮᠥᠩᠭᠦᠨ ᠤ ᠡᠷᠭᠢᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠰ ᠤᠨ ᠬᠤᠭᠤᠷᠣᠨᠳᠣᠭᠢ ᠶᠠᠪᠤᠯᠴᠠᠭ᠎ᠠ ᠴᠢᠯᠦᠭᠡᠲᠡᠢ ᠪᠥᠭᠡᠳ ᠳᠥᠭᠦᠮ ᠲᠦᠷᠭᠡᠨ ᠪᠠᠶᠢᠬᠤ ᠪᠠ | ᠳ᠋ᠠᠶᠢᠲ᠋ᠠ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠷ ᠰᠢᠯᠵᠢᠭᠦ ᠪᠠᠷ ᠭᠤᠣᠯᠳᠠᠯᠭ᠎ᠠ ᠪᠤᠯᠭᠠᠬᠰᠠᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠨᠡᠩ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ | ᠠᠭᠤᠰᠤᠯᠴᠠᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠪᠦᠯᠦᠭᠵᠢᠯ ᠤᠨ ᠡᠨᠧᠷᠭᠢ ᠶᠢ ᠳᠡᠰ ᠳᠡᠪᠰᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠳᠬᠡᠨ ᠬᠥᠭᠵᠢᠭᠦᠯᠵᠦ᠂ ᠨᠡᠭᠡᠭᠡᠯᠲᠡ ᠬᠢᠬᠦ ᠳᠡᠰ ᠳᠠᠪᠬᠤᠷᠭ᠎ᠠ ᠨᠠᠩ ᠥᠨᠳᠥᠷ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠨᠠᠩ ᠰᠢᠯᠢᠳᠡᠭ᠂ | ᠨᠥᠯᠥᠭᠡᠯᠡᠬᠦ ᠦᠢᠯᠡᠳᠦᠯ ᠢᠶᠠᠷ ᠨᠠᠩ ᠴᠢᠩᠭ᠎ᠠ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠥᠨᠳᠦᠷᠯᠢᠭ ᠢ ᠴᠣᠭᠴᠠᠯᠠᠨ᠎ᠠ ᠭᠡᠵᠦ ᠴᠢᠬᠤᠯᠠᠴᠢᠯᠠᠪᠠ᠃ | ︽ᠰᠠᠨᠠᠯ︾ ᠳᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠴᠢᠩᠭᠠᠳᠬᠠᠵᠤ᠂ ᠪᠠᠷᠠᠭᠠᠨ ᠤ ᠠᠷᠠᠯᠵᠢᠶ᠎ᠠ ᠶᠢ | ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ | ᠲᠣᠭᠠᠴᠢᠯᠠᠭᠰᠠᠨ ᠠᠷᠠᠯᠵᠢᠶᠠᠨ ᠤ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠠ᠃ ᠲᠤᠷᠰᠢᠯᠲᠠ ᠶᠢᠨ ᠣᠷᠣᠨ ᠤ ᠳᠣᠲᠣᠷᠠᠬᠢ ᠠᠵᠤ ᠠᠬᠤᠶᠢᠯᠠᠯ ᠤᠨ ᠭᠠᠶᠢᠯᠢ | ᠪᠠᠲᠤᠯᠠᠬᠤ ᠪᠠᠷᠠᠭᠠᠨ ᠤ ᠭᠦᠢᠯᠭᠡᠭᠡ ᠶᠢᠨ ᠭᠡᠯᠪᠡᠷᠢ ᠪᠠᠷ ᠠᠳᠠᠯᠢ ᠪᠤᠰᠤ ᠭᠠᠶᠢᠯᠢ ᠶᠢᠨ ᠨᠣᠮᠧᠷ ᠤᠨ ᠳᠣᠣᠷᠠᠬᠢ ᠠᠯᠲᠠ ᠠᠭᠤᠯᠤᠭᠰᠠᠨ ᠡᠯᠡᠰᠦᠯᠢᠭ ᠡᠷᠦᠳᠡᠰᠦ ᠶᠢᠨ | ᠹᠢᠽᠢᠺ ᠤᠨ ᠬᠤᠯᠢᠯᠳᠤᠭᠤᠯᠤᠨ ᠲᠣᠬᠢᠷᠠᠭᠤᠯᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠨ᠎ᠡ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠰᠤᠳᠤᠯᠤᠨ ᠨᠡᠭᠡᠭᠡᠬᠦ ᠳᠤ ᠬᠡᠷᠡᠭᠯᠡᠬᠦ ᠡᠳ᠋ ᠪᠣᠳᠠᠰ ᠤᠨ ︽ᠨᠡᠷᠡᠰ ᠤᠨ ᠴᠠᠭᠠᠨ ᠲᠠᠩᠰᠠ︾ ᠶᠢᠨ ᠳᠦᠷᠢᠮ ᠢ | ᠰᠦᠪᠡᠭᠴᠢᠯᠡᠨ ᠪᠠᠶᠢᠭᠤᠯᠵᠤ᠂ ᠭᠠᠳᠠᠭᠠᠳᠤ ᠠᠴᠠ ᠣᠷᠣᠭᠤᠯᠬᠤ ᠡᠮ ᠤᠨ ᠵᠦᠢᠯᠡᠰ ᠤᠨ ᠪᠣᠭᠤᠮᠲᠠ ᠪᠠᠷ ᠥᠩᠭᠡᠷᠡᠭᠦᠯᠬᠦ ᠲᠠᠩᠰᠠ ᠭᠦᠢᠴᠡᠳᠬᠡᠬᠦ ᠠᠴᠠ | ᠬᠡᠯᠲᠦᠷᠢᠭᠦᠯᠬᠦ ᠶᠢ ᠵᠥᠪᠰᠢᠶᠡᠷᠡᠨ᠎ᠡ᠃ ᠭᠠᠳᠠᠭᠠᠳᠤ ᠠᠴᠠ ᠣᠷᠣᠭᠤᠯᠬᠤ ᠢᠳᠡᠭᠡᠨ ᠤ ᠪᠠ ᠡᠮ ᠤᠨ ᠵᠦᠢᠯᠡᠰ ᠤᠨ ︽ᠨᠡᠷᠡᠰ ᠤᠨ ᠴᠠᠭᠠᠨ ᠲᠠᠩᠰᠠ︾ ᠶᠢᠨ ᠳᠦᠷᠢᠮ | ᠪᠠᠶᠢᠭᠤᠯᠬᠤ ᠶᠢ ᠰᠦᠪᠡᠭᠴᠢᠯᠡᠵᠦ᠂ ᠢᠳᠡᠭᠡᠨ ᠤ ᠵᠦᠢᠯᠡᠰ ᠲᠤ ᠬᠡᠷᠡᠭᠯᠡᠬᠦ ᠢᠳᠡᠭᠡᠨ ᠤ ᠪᠠ ᠡᠮ ᠤᠨ ᠵᠦᠢᠯᠡᠰ ᠢ ᠪᠣᠳᠠᠲᠤ ᠬᠡᠷᠡᠭᠴᠡᠭᠡ ᠶᠣᠰᠣᠭᠠᠷ ᠪᠣᠭᠤᠮᠲᠠ ᠪᠠᠷ | ᠥᠩᠭᠡᠷᠡᠭᠦᠯᠬᠦ ᠶᠢ ᠵᠥᠪᠰᠢᠶᠡᠷᠡᠨ᠎ᠡ᠃ ᠰᠢᠨ᠎ᠡ ᠭᠡᠯᠪᠡᠷᠢ ᠶᠢᠨ ᠬᠢᠯᠢ ᠶᠢᠨ ᠭᠠᠳᠠᠨᠠᠬᠢ ᠣᠯᠠᠨ ᠤᠯᠤᠰ ᠤᠨ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠬᠥᠭᠵᠢᠯᠲᠡ ᠶᠢ | ᠳᠠᠮᠵᠢᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠲᠣᠭᠲᠠᠭᠠᠯ ᠶᠣᠰᠣᠭᠠᠷ ᠲᠡᠷᠢᠭᠦᠨ ᠤ ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠢᠶᠠᠷ ᠬᠢᠨᠠᠨ | ᠲᠣᠭᠲᠠᠭᠠᠯᠭᠠᠬᠤ ᠪᠠᠷ ᠭᠤᠶᠤᠴᠢᠯᠠᠨ᠎ᠠ᠃ ᠬᠢᠯᠢ ᠶᠢᠨ ᠭᠠᠳᠠᠨᠠᠬᠢ ᠠᠵᠢᠯ ᠮᠡᠷᠭᠡᠵᠢᠯ ᠤᠨ ᠬᠢᠷᠢ ᠭᠡᠮ ᠢ ᠮᠡᠳᠡᠷᠡᠨ ᠵᠥᠪᠰᠢᠶᠡᠷᠡᠬᠦ ᠲᠤᠷᠰᠢᠯᠲᠠ ᠶᠢᠨ ᠴᠡᠭ ᠢ ᠰᠦᠪᠡᠭᠴᠢᠯᠡᠨ | ᠥᠷᠨᠢᠭᠦᠯᠦᠨ᠎ᠡ᠃ ᠡᠯᠧᠺᠲᠷᠣᠨ ᠪᠠᠷᠠᠭ᠎ᠠ ᠭᠠᠷᠭᠠᠵᠤ ᠠᠪᠬᠤ ᠪᠠᠷᠢᠮᠲᠠ᠂ ᠡᠯᠧᠺᠲᠷᠣᠨ ᠬᠥᠮᠥᠷᠭᠡ ᠶᠢᠨ ᠪᠠᠷᠢᠮᠲᠠ ᠵᠡᠷᠭᠡ ᠡᠯᠧᠺᠲᠷᠣᠨ ᠪᠠᠷᠢᠮᠲᠠ ᠶᠢᠨ ᠬᠡᠷᠡᠭᠯᠡᠯᠲᠡ ᠶᠢ | ᠠᠬᠢᠭᠤᠯᠵᠤ᠂ ᠡᠯᠧᠺᠲᠷᠣᠨ ᠭᠠᠷ ᠤᠨ ᠥᠰᠥᠭ ᠵᠢᠷᠤᠬᠤ ᠶᠢ ᠣᠯᠠᠨ ᠤᠯᠤᠰ ᠤᠨ ᠬᠤᠯᠪᠤᠭᠠᠯᠠᠨ ᠲᠡᠭᠡᠭᠡᠪᠦᠷᠢᠯᠡᠬᠦ ᠳᠤ ᠴᠠᠭᠠᠰᠤ ᠬᠡᠷᠡᠭᠯᠡᠬᠦ ᠦᠭᠡᠢ ᠲᠡᠭᠡᠭᠡᠪᠦᠷᠢ ᠶᠢᠨ | ᠬᠦᠷᠢᠶᠡᠨ ᠳᠤ ᠬᠡᠷᠡᠭᠯᠡᠬᠦ ᠶᠢ ᠠᠬᠢᠭᠤᠯᠤᠨ᠎ᠠ᠃ ᠲᠣᠭᠠᠴᠢᠯᠠᠭᠰᠠᠨ ᠪᠡᠶ᠎ᠡ ᠶᠢᠨ ᠭᠠᠷᠤᠯ ᠢ ᠭᠡᠷᠡᠴᠢᠯᠡᠬᠦ ᠶᠠᠪᠤᠴᠠ ᠳᠠᠬᠢ ᠡᠯᠧᠺᠲᠷᠣᠨ ᠭᠠᠷ ᠤᠨ ᠥᠰᠥᠭ ᠵᠢᠷᠤᠬᠤ | ᠬᠡᠷᠡᠭᠯᠡᠯᠲᠡ ᠶᠢ ᠠᠬᠢᠭᠤᠯᠵᠤ᠂ ᠲᠣᠭᠠᠴᠢᠯᠠᠭᠰᠠᠨ ᠪᠡᠶ᠎ᠡ ᠶᠢᠨ ᠭᠠᠷᠤᠯ ᠢ ᠬᠠᠷᠢᠯᠴᠠᠨ ᠮᠡᠳᠡᠷᠡᠬᠦ ᠲᠤᠷᠰᠢᠯᠲᠠ ᠶᠢᠨ ᠴᠡᠭ ᠢ ᠥᠷᠨᠢᠭᠦᠯᠦᠨ᠎ᠡ ᠭᠡᠵᠦ ᠳᠤᠷᠠᠳᠪᠠ᠃ | ︽ᠰᠠᠨᠠᠯ︾ ᠳᠤ᠂ ᠪᠡᠯᠡ ᠣᠷᠣᠭᠤᠯᠤᠯᠲᠠ ᠶᠢ ᠴᠢᠯᠦᠭᠡᠲᠡᠢ ᠪᠤᠯᠭᠠᠬᠤ ᠪᠠ ᠳᠥᠭᠦᠮᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠨᠡᠭᠡᠭᠡᠯᠲᠡ ᠶᠢᠨ | ᠲᠦᠪᠰᠢᠨ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠪᠤᠶ ᠪᠤᠯᠭᠠᠬᠤ ᠬᠡᠷᠡᠭᠲᠡᠢ᠃ ᠭᠠᠳᠠᠭᠠᠳᠤ ᠪᠡᠯᠡ ᠶᠢ ᠨᠡᠩ ᠶᠡᠭᠡ ᠡᠷᠴᠢᠮ ᠢᠶᠠᠷ ᠲᠠᠲᠠᠵᠤ ᠠᠰᠢᠭᠯᠠᠨ᠎ᠠ᠃ ᠨᠥᠬᠦᠴᠡᠯ ᠳᠤ ᠨᠡᠶᠢᠴᠡᠬᠦ ᠲᠤᠷᠰᠢᠯᠲᠠ ᠶᠢᠨ | ᠣᠷᠣᠨ ᠤ ᠳᠣᠲᠣᠷᠠᠬᠢ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠺᠢᠨᠣ᠋ ᠶᠢᠨ ᠰᠡᠭᠦᠯᠴᠢ ᠶᠢᠨ ᠬᠤᠭᠤᠴᠠᠭᠠᠨ ᠤ ᠦᠢᠯᠡᠳᠬᠦ ᠦᠢᠯᠡᠴᠢᠯᠡᠭᠡ ᠥᠷᠨᠢᠭᠦᠯᠬᠦ ᠶᠢ | ᠵᠥᠪᠰᠢᠶᠡᠷᠡᠨ᠎ᠡ᠃ ᠨᠥᠬᠦᠴᠡᠯ ᠳᠤ ᠨᠡᠶᠢᠴᠡᠬᠦ ᠰᠢᠶᠠᠩᠭᠠᠩ ᠣᠣᠮᠧᠨ ᠲᠠᠶᠢᠸᠠᠨ ᠤ ᠡᠮᠴᠢ ᠶᠢᠨ ᠡᠮᠴᠢ ᠶᠢᠨ ᠬᠢᠷᠢ ᠭᠡᠮ ᠤᠨ ᠦᠨᠡᠮᠯᠡᠯ ᠣᠯᠣᠭᠰᠠᠨ ᠤ ᠳᠠᠷᠠᠭ᠎ᠠ | ᠲᠤᠷᠰᠢᠯᠲᠠ ᠶᠢᠨ ᠣᠷᠣᠨ ᠤ ᠳᠣᠲᠣᠷ᠎ᠠ ᠡᠮᠴᠢᠯᠡᠭᠡᠨ ᠤ ᠭᠠᠵᠠᠷ ᠪᠠᠶᠢᠭᠤᠯᠬᠤ ᠶᠢ ᠳᠠᠮᠵᠢᠨ᠎ᠠ᠃ ᠬᠢᠯᠢ ᠶᠢᠨ ᠭᠠᠳᠠᠨᠠᠬᠢ ᠨᠠᠷᠠᠲᠤ ᠬᠥᠨᠳᠡᠯᠡᠨ ᠠᠴᠠ ᠲᠠᠰᠤᠯᠬᠤ | ᠪᠠᠶᠢᠭᠤᠯᠤᠮᠵᠢ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠨᠥᠬᠦᠴᠡᠯ ᠳᠤ ᠨᠡᠶᠢᠴᠡᠬᠦ ᠲᠤᠬᠠᠶᠢᠯᠠᠭᠰᠠᠨ ᠠᠵᠢᠯ ᠤᠨ ᠪᠠᠶᠢᠭᠤᠯᠤᠮᠵᠢ ᠪᠠᠶᠢᠭᠤᠯᠬᠤ ᠶᠢ | ᠵᠥᠪᠰᠢᠶᠡᠷᠡᠨ᠎ᠡ᠃ ᠬᠤᠳᠠᠯᠳᠤᠭᠠᠨ ᠤ ᠶᠠᠪᠤᠳᠠᠯ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠳᠠᠩᠰᠠᠯᠠᠨ ᠬᠠᠮᠢᠶᠠᠷᠬᠤ ᠲᠤᠷᠰᠢᠯᠲᠠ ᠶᠢᠨ ᠴᠡᠭ ᠢ ᠥᠷᠨᠢᠭᠦᠯᠦᠨ᠎ᠡ | ᠭᠡᠵᠦ ᠵᠢᠭᠠᠵᠤ ᠭᠠᠷᠭᠠᠪᠠ᠃ | ︽ᠰᠠᠨᠠᠯ︾ ᠳᠤ᠂ ᠳᠡᠭᠡᠳᠦ ᠴᠢᠳᠠᠪᠬᠢᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢ ᠪᠤᠶ ᠪᠤᠯᠭᠠᠵᠤ᠂ ᠰᠢᠨ᠎ᠡ ᠶᠢ | ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠯ ᠢ ᠠᠬᠢᠭᠤᠯᠵᠤ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠬᠦ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ | ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠲᠡᠷᠢᠭᠦᠨ ᠤ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠶᠢ ᠠᠬᠢᠭᠤᠯᠵᠤ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠠᠵᠤ ᠦᠢᠯᠡᠰ ᠤᠨ ᠬᠠᠮᠵᠢᠯᠴᠠᠨ ᠬᠤᠯᠪᠣᠭᠠᠯᠠᠬᠤ ᠶᠢ ᠠᠬᠢᠭᠤᠯᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠪᠦᠭᠦ ᠠᠵᠤ ᠦᠢᠯᠡᠰ ᠤᠨ ᠬᠡᠯᠬᠢᠶ᠎ᠡ ᠶᠢ ᠬᠤᠷᠠᠭᠤᠯᠵᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ ᠤᠨ | ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠠᠮᠵᠢᠨ᠎ᠠ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠤᠯᠤᠰ ᠤᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠣᠷᠣᠨ ᠲᠠᠢ ᠬᠤᠯᠪᠣᠯᠳᠤᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠥᠬᠦᠴᠡᠯ ᠲᠠᠢ ᠭᠠᠵᠠᠷ | ᠣᠷᠣᠨ ᠢ ᠰᠣᠩᠭᠤᠨ ᠰᠦᠪᠡᠭᠴᠢᠯᠡᠯᠲᠡ ᠥᠷᠨᠢᠭᠦᠯᠦᠨ᠎ᠡ᠃ ᠨᠥᠬᠦᠴᠡᠯ ᠲᠠᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠣᠶᠤᠨᠴᠢ ᠰᠦᠯᠵᠢᠶ᠎ᠡ ᠪᠠᠷ | ᠬᠤᠯᠪᠣᠭᠠᠯᠠᠭᠰᠠᠨ ᠮᠠᠰᠢᠨ ᠲᠡᠷᠭᠡᠨ ᠤ ᠵᠠᠮ ᠢ ᠲᠤᠷᠰᠢᠬᠤ᠂ ᠵᠢᠱᠢᠶ᠎ᠡ ᠦᠵᠡᠭᠦᠯᠦᠨ ᠬᠡᠷᠡᠭᠯᠡᠬᠦ ᠶᠢ ᠭᠦᠨᠵᠡᠭᠡᠶᠢᠷᠡᠭᠦᠯᠵᠦ᠂ ᠠᠷᠠᠳ ᠤᠨ ᠬᠡᠷᠡᠭᠯᠡᠭᠡᠨ ᠤ ᠵᠢᠯᠣᠭᠤᠴᠢ ᠦᠭᠡᠢ | ᠠᠭᠠᠷ ᠤᠨ ᠲᠡᠭᠡᠭᠡᠪᠦᠷᠢ ᠶᠢᠨ ᠲᠤᠷᠰᠢᠯᠲᠠ ᠶᠢᠨ ᠰᠠᠭᠤᠷᠢᠨ ︵ᠲᠤᠷᠰᠢᠯᠲᠠ ᠶᠢᠨ ᠣᠷᠣᠨ ︶ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢ ᠳᠡᠮᠵᠢᠨ᠎ᠡ ᠭᠡᠵᠦ | ᠳᠤᠷᠠᠳᠪᠠ᠃ | ︽ᠰᠠᠨᠠᠯ︾ ᠳᠤ᠂ ᠳ᠋ᠠᠶᠢᠲ᠋ᠠ ᠶᠢᠨ ᠥᠨᠳᠥᠷ ᠪᠦᠲᠦᠮᠵᠢᠲᠡᠶ ᠳᠥᠭᠦᠮ ᠲᠦᠷᠭᠡᠨ ᠠᠮᠤᠷ ᠲᠦᠪᠰᠢᠨ ᠢᠶᠠᠷ ᠰᠢᠯᠵᠢᠭᠦ ᠶᠢ ᠠᠬᠢᠭᠤᠯᠵᠤ᠂ ᠳ᠋ᠠᠶᠢᠲ᠋ᠠ ᠶᠢᠨ | ᠡᠯᠧᠮᠧᠨ᠋ᠲ ᠤᠨ ᠵᠠᠬ᠎ᠠ ᠳᠡᠯᠭᠡᠭᠦᠷ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠶᠢᠨ ᠳᠦᠭᠦᠮ ᠪᠠᠶᠢᠬᠤ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠥᠨᠳᠥᠷ ᠪᠦᠲᠦᠮᠵᠢᠲᠡᠢ ᠰᠠᠭᠠᠳ ᠦᠭᠡᠢ ᠨᠡᠭᠡᠭᠡᠯᠲᠡ ᠶᠢᠨ ᠨᠡᠪᠲᠡᠷᠡᠬᠦ ᠵᠠᠮ ᠢ ᠪᠠᠶᠢᠭᠤᠯᠵᠤ᠂ ᠤᠰᠤᠨ ᠵᠠᠮ ᠤᠨ ᠲᠡᠭᠡᠭᠡᠪᠦᠷᠢ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠠᠭᠤᠷᠠᠢ ᠵᠠᠮ ᠤᠨ ᠲᠡᠭᠡᠭᠡᠪᠦᠷᠢ ᠠᠭᠠᠷ ᠤᠨ ᠲᠡᠭᠡᠭᠡᠪᠦᠷᠢ ᠶᠢᠨ ᠨᠥᠯᠥᠭᠡᠯᠡᠬᠦ ᠴᠢᠳᠠᠪᠤᠷᠢ ᠶᠢ ᠴᠢᠩᠭᠠᠳᠬᠠᠬᠤ | ᠬᠡᠷᠡᠭᠲᠡᠢ᠃ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡ ᠶᠢᠨ ᠭᠡᠯᠪᠡᠷᠢ ᠪᠠᠷ ᠠᠳᠠᠯᠢ ᠪᠤᠰᠤ ᠭᠠᠶᠢᠯᠢ ᠶᠢᠨ ᠨᠣᠮᠧᠷ ᠤᠨ ᠥᠨᠳᠥᠷ ᠪᠠ ᠳᠣᠣᠷ᠎ᠠ ᠬᠦᠬᠦᠷᠲᠦ ᠲᠦᠯᠡᠰᠢᠨ | ᠲᠣᠰᠣ ᠶᠢ ᠬᠤᠯᠢᠯᠳᠤᠭᠤᠯᠤᠨ ᠰᠣᠯᠢᠵᠤ ᠲᠣᠬᠢᠷᠠᠭᠤᠯᠬᠤ ᠪᠠ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠨ᠎ᠡ᠃ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ | ᠬᠡᠢ ᠶᠢᠨ ᠣᠯᠠᠨ ᠤᠯᠤᠰ ᠤᠨ ᠠᠶᠠᠯᠠᠯ ᠤᠨ ᠣᠩᠭᠤᠴᠠ ᠰᠠᠯ ᠤᠨ ᠲᠦᠯᠡᠰᠢ ᠪᠣᠯᠤᠭᠰᠠᠨ ᠤ ᠬᠤᠪᠢ ᠳᠤ ᠭᠠᠶᠢᠯᠢ ᠪᠠᠲᠤᠯᠠᠬᠤ ᠲᠥᠷᠥ ᠶᠢᠨ ᠪᠣᠳᠣᠯᠭ᠎ᠠ ᠶᠢ ᠡᠳ᠋ᠯᠡᠬᠦ ᠶᠢ | ᠵᠥᠪᠰᠢᠶᠡᠷᠡᠨ᠎ᠡ᠃ ᠮᠥᠩᠭᠦᠨ ᠭᠦᠢᠯᠭᠡᠭᠡᠨ ᠤ ᠬᠦᠷᠢᠶᠡᠨ ᠤ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠪᠣᠳᠠᠲᠤ | ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠨᠡᠭᠡᠭᠡᠯᠲᠡ ᠶᠢ ᠡᠮᠬᠢ ᠵᠢᠷᠤᠮ ᠲᠠᠢ ᠪᠠᠷ ᠥᠷᠭᠡᠳᠬᠡᠬᠦ ᠬᠡᠷᠡᠭᠲᠡᠢ᠃ | ᠤᠯᠤᠰ ᠠᠯᠤᠰᠯᠠᠭᠰᠠᠨ ᠺᠤᠮᠫᠠᠨᠢ ᠶᠢᠨ ᠳᠡᠪᠢᠰᠬᠡᠷᠲᠦ ᠵᠣᠭᠤᠰ ᠪᠠ ᠭᠠᠳᠠᠭᠠᠳᠤ ᠶᠢᠨ ᠵᠣᠭᠤᠰ ᠢ ᠨᠢᠭᠡ ᠴᠣᠭᠴᠠᠵᠢᠭᠤᠯᠤᠭᠰᠠᠨ ᠪᠡᠯᠡ ᠮᠥᠩᠭᠦ ᠶᠢᠨ ᠴᠦᠭᠦᠷᠦᠮ ᠤᠨ | ᠲᠤᠬᠠᠶᠢᠯᠠᠭᠰᠠᠨ ᠠᠵᠢᠯ ᠤᠨ ᠲᠤᠷᠰᠢᠯᠲᠠ ᠶᠢᠨ ᠴᠡᠭ ᠢ ᠥᠷᠭᠡᠳᠬᠡᠨ᠎ᠡ᠃ ᠨᠥᠬᠦᠴᠡᠯ ᠳᠤ ᠨᠡᠶᠢᠴᠡᠬᠦ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠬᠢᠷᠢ | ᠲᠡᠩᠴᠡᠭᠰᠡᠨ ᠬᠢᠯᠢ ᠶᠢᠨ ᠭᠠᠳᠠᠨᠠᠬᠢ ᠬᠢᠵᠠᠭᠠᠷᠲᠤ ᠬᠤᠷᠰᠢᠭᠴᠢ ᠶᠢᠨ ᠲᠤᠷᠰᠢᠯᠲᠠ ᠶᠢᠨ ᠴᠡᠭ ᠥᠷᠨᠢᠭᠦᠯᠬᠦ ᠶᠢ ᠲᠡᠮᠵᠢᠨ᠎ᠠ᠃ ᠬᠢᠯᠢ ᠶᠢᠨ ᠳᠣᠲᠣᠷᠠᠬᠢ ᠬᠤᠭᠤᠴᠠᠭᠠᠲᠤ | ᠪᠠᠷᠠᠭ᠎ᠠ ᠶᠢᠨ ᠣᠨᠴᠠ ᠲᠣᠭᠲᠠᠭᠰᠠᠨ ᠲᠥᠷᠥᠯ ᠵᠦᠢᠯ ᠢᠶᠠᠷ ᠭᠤᠣᠯ ᠪᠤᠯᠭᠠᠬᠰᠠᠨ ᠬᠤᠭᠤᠴᠠᠭᠠᠲᠤ ᠪᠠᠷᠠᠭ᠎ᠠ ᠶᠢᠨ ᠵᠠᠬ᠎ᠠ ᠳᠡᠯᠭᠡᠭᠦᠷ ᠤᠨ ᠨᠡᠭᠡᠭᠡᠯᠲᠡ ᠶᠢ ᠠᠬᠢᠭᠤᠯᠵᠤ᠂ | ᠣᠨᠴᠠ ᠲᠣᠭᠲᠠᠭᠰᠠᠨ ᠲᠥᠷᠥᠯ ᠵᠦᠢᠯ ᠤᠨ ᠬᠡᠪᠴᠢᠶ᠎ᠡ ᠶᠢ ᠥᠷᠭᠡᠳᠬᠡᠨ᠂ ᠬᠢᠯᠢ ᠶᠢᠨ ᠳᠣᠲᠣᠷᠠᠬᠢ ᠬᠤᠭᠤᠴᠠᠭᠠᠲᠤ ᠪᠠᠷᠠᠭ᠎ᠠ ᠶᠢᠨ ᠦᠢᠯᠡᠳᠬᠦᠨ ᠤ ᠳ᠋ᠦᠩᠨᠡᠨ ᠪᠤᠳᠣᠵᠤ | ᠦᠨ᠎ᠡ ᠣᠯᠭᠤᠬᠤ ᠵᠡᠷᠭᠡ ᠣᠯᠠᠨ ᠡᠰᠢᠵᠢᠭᠰᠡᠨ ᠨᠡᠭᠡᠭᠡᠯᠲᠡ ᠶᠢᠨ ᠠᠷᠭ᠎ᠠ ᠵᠠᠮ ᠢ ᠰᠦᠪᠡᠭᠴᠢᠯᠡᠨ᠎ᠡ᠃ ᠨᠡᠩ ᠢᠳᠡᠪᠬᠢᠲᠡᠢ ᠨᠡᠭᠡᠭᠡᠯᠲᠡᠲᠤ ᠪᠦᠲᠦᠮᠵᠢᠲᠡᠢ ᠴᠢᠳᠠᠪᠤᠷᠢᠲᠠᠨ ᠤ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠴᠢᠳᠠᠪᠤᠷᠢᠲᠠᠨ ᠢ ᠬᠥᠮᠥᠵᠢᠭᠦᠯᠵᠦ ᠬᠡᠷᠡᠭᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠬᠥᠮᠥᠰ ᠤᠨ ᠶᠠᠪᠤᠯᠴᠠᠭ᠎ᠠ ᠶᠢ | ᠳᠥᠭᠦᠮ ᠲᠦᠷᠭᠡᠨ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃ | ︽ᠰᠠᠨᠠᠯ︾ ᠳᠤ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠳᠣᠣᠷ᠎ᠠ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠯᠪᠣᠭᠳᠠᠯ ᠪᠦᠬᠦᠢ ᠭᠠᠵᠠᠷ ᠣᠷᠣᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠴᠢᠩᠭᠠᠳᠬᠠᠵᠤ᠂ ᠲᠦᠷᠦᠯ ᠵᠦᠢᠯ᠂ ᠪᠡᠯᠡ ᠮᠥᠩᠭᠦ᠂ ᠴᠢᠳᠠᠪᠤᠷᠢᠲᠠᠨ ᠵᠡᠷᠭᠡ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠲᠥᠷᠥᠯ ᠬᠤᠪᠢᠶᠠᠨ ᠵᠢᠯᠤᠭᠤᠳᠬᠤ ᠪᠠᠨ ᠴᠢᠩᠭᠠᠳᠬᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠬᠤᠯᠪᠣᠭᠳᠠᠯ ᠪᠦᠬᠦᠢ | ᠥᠭᠡᠷᠡᠴᠢᠯᠡᠯᠲᠡ ᠶᠢᠨ ᠵᠦᠢᠯᠡᠰ ᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠲᠠᠯᠪᠢᠵᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ | ᠬᠡᠷᠡᠭᠲᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠ ᠲᠤᠷᠰᠢᠯᠭ᠎ᠠ ᠶᠢ ᠲᠡᠷᠡ ᠬᠡᠪ ᠢᠶᠠᠷ ᠨᠢ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠠᠶᠢᠯᠳᠤᠬᠤ ᠪᠣᠳᠣᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | |