ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠪᠠᠨ ᠭᠦᠢᠴᠡᠳᠬᠡᠭᠰᠡᠨ ᠨᠢ ᠭᠦᠢᠴᠡᠳ ᠦᠭᠡᠢ᠂ ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠶᠢ | ᠡᠵᠡᠯᠡᠭᠰᠡᠨ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ᠵᠠᠭᠠᠯᠳᠤᠬᠤ ᠠᠷᠭ᠎ᠠ ᠵᠠᠮ ᠢ ᠰᠠᠭᠠᠳ | ᠦᠭᠡᠢ ᠨᠠᠪᠲᠠᠷᠡᠭᠦᠯᠵᠦ᠂ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠡᠳᠦᠭᠡ ᠪᠥᠬᠦ ᠣᠷᠣᠨ ᠤ ᠡᠯ᠎ᠡ ᠭᠠᠵᠠᠷ ᠤᠨ ᠠᠳᠠᠯ | ᠠᠬᠤᠢ ᠶᠢᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢᠨ ᠢᠯᠡᠴᠢᠯᠡᠨ ᠮᠡᠳᠡᠭᠦᠯᠬᠦ ᠤᠳᠠᠰᠤ ᠪᠣᠯᠣᠨ ᠵᠠᠭᠠᠯᠳᠤᠬᠤ ᠢᠮᠧᠯ ᠢ ᠨᠡᠶᠢᠭᠡᠮ ᠳᠤ ᠨᠢᠭᠡᠳᠦᠯᠲᠡᠢ ᠨᠡᠶᠢᠳᠡᠯᠡᠶ᠎ᠡ᠃ | ᠥᠪᠡᠷᠲᠡᠭᠡᠨ ᠵᠠᠰᠠᠬᠤ ᠣᠷᠣᠨ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠬᠦ ᠤᠳᠠᠰᠤ ᠪᠠ ᠵᠠᠭᠠᠯᠳᠤᠬᠤ ᠢᠮᠧᠯ ᠤᠨ ᠠᠷᠭ᠎ᠠ ᠮᠠᠶ᠋ᠢᠭ ᠢᠶᠠᠷ ᠬᠠᠮᠢᠶ᠎ᠠ ᠪᠦᠬᠦᠢ | ᠠᠰᠠᠭᠤᠳᠠᠯ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠨ᠎ᠠ᠃ ᠵᠠᠭᠠᠯᠳᠤᠬᠤ ᠢᠯᠡᠴᠢᠯᠡᠨ ᠮᠡᠳᠡᠭᠦᠯᠬᠦ ᠳᠤ ᠳᠣᠣᠷᠠᠬᠢ ᠠᠭᠤᠯᠭ᠎ᠠ ᠨᠤᠭᠤᠳ ᠢ | ᠬᠠᠩᠭᠠᠬᠤ ᠬᠡᠷᠡᠭᠲᠡᠢ᠄ ᠵᠠᠭᠠᠯᠳᠤᠭᠳᠤᠭᠴᠢ ᠶᠢᠨ ᠦᠨᠳᠦᠰᠦᠨ ᠮᠡᠳᠡᠭᠡ ᠵᠠᠩᠭᠢ ︵ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠵᠡᠷᠭᠡ︶᠂ ᠲᠤᠰᠬᠠᠬᠤ ᠠᠰᠠᠭᠤᠳᠠᠯ | ᠵᠡᠷᠭᠡ ᠮᠡᠳᠡᠭᠡ ᠵᠠᠩᠭᠢ ᠶᠢ ᠬᠠᠩᠭᠠᠵᠤ᠂ ᠵᠠᠭᠠᠯᠳᠤᠭᠴᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠢ ᠪᠤᠰᠤᠳᠴᠢ ᠦᠨᠡᠨ ᠪᠣᠳᠠᠲᠠᠢ ᠮᠠᠲ᠋ᠧᠷᠢᠶᠠᠯ | ᠪᠠ ᠭᠡᠷᠡᠴᠢ ᠪᠠᠷᠢᠮᠲᠠ ᠶᠢ ᠬᠠᠩᠭᠠᠬᠤ ᠶᠢ ᠵᠣᠷᠢᠭᠵᠢᠭᠤᠯᠤᠨ᠎ᠠ᠃ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠬᠦ ᠶᠢ ᠰᠠᠨᠠᠭᠠᠴᠢᠯᠠᠵᠤ᠂ ᠡᠯ᠎ᠡ ᠨᠢᠭᠡᠴᠢ ᠶᠢᠨ ᠬᠢᠨ | ᠵᠠᠭᠠᠯᠳᠤᠭᠴᠢ ᠶᠢᠨ ᠨᠢᠭᠤᠴᠠ ᠶᠢ ᠬᠠᠮᠠᠭᠠᠯᠠᠨ᠎ᠠ᠃ | ᠤᠲᠠᠰᠤ ᠶᠢ ᠭᠥᠯᠢᠶᠡᠨ ᠠᠪᠬᠤ ᠡᠳᠦᠷ ᠬᠤᠭᠤᠴᠠᠭ᠎ᠠ᠄ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 2026 ᠣᠨ ᠤ 12 ᠳ᠋ᠤᠭᠠᠷ ᠰᠠᠷ᠎ᠠ ᠶᠢᠨ 31 ᠤ | ᠡᠳᠦᠷ ᠪᠣᠯᠲᠠᠯ᠎ᠠ᠃ | ᠤᠲᠠᠰᠤ ᠶᠢ ᠭᠥᠯᠢᠶᠡᠨ ᠠᠪᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ᠂ ᠭᠥᠯᠢᠶᠡᠨ ᠠᠪᠬᠤ ᠴᠠᠭ ᠢ ᠲᠤᠬᠠᠢ ᠶᠢᠨ ᠭᠠᠵᠠᠷ ᠤᠨ ᠪᠣᠳᠠᠲᠠᠢ | ᠠᠵᠢᠯᠯᠠᠬᠤ ᠴᠠᠭ ᠢᠶᠠᠷ ᠪᠠᠷᠢᠮᠵᠢᠶ᠎ᠠ ᠪᠣᠯᠭᠠᠨ᠎ᠠ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠪᠠᠨ ᠭᠦᠢᠴᠡᠳᠬᠡᠭᠰᠡᠨ ᠨᠢ ᠭᠦᠢᠴᠡᠳ | ᠦᠭᠡᠢ᠂ ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠡᠵᠡᠯᠡᠭᠰᠡᠨ ᠵᠡᠷᠭᠡ ᠠᠰᠠᠭᠤᠳᠠᠯ ᠢ ᠵᠠᠭᠠᠯᠳᠤᠬᠤ ᠢᠯᠡᠴᠢᠯᠡᠨ ᠮᠡᠳᠡᠭᠦᠯᠬᠦ ᠤᠳᠠᠰᠤ. xlsx | 2025 ᠣᠨ ᠤ 5 ᠳ᠋ᠤᠭᠠᠷ ᠰᠠᠷ᠎ᠠ ᠶᠢᠨ 22 ᠤᠨ ᠡᠳᠦᠷ | | | |