ᠥᠪᠥᠷ ᠪᠠᠶᠢᠭᠤᠯᠤᠯᠲᠠ ᠪᠠᠷᠢᠮᠵᠢᠶ᠎ᠠ ᠵᠠᠬᠢᠳᠠᠯ ﹇ 2025 ﹈ 138 ᠳ᠋ᠤᠭᠠᠷ ᠲᠣᠭᠠᠲᠤ | | ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄ | ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠦᠨ᠎ᠡ ᠦᠷᠲᠡᠭ ᠤᠨ ᠵᠦᠪᠯᠡᠯᠭᠡ ᠥᠭᠬᠦ | ᠦᠢᠯᠡᠰ ᠤᠨ ᠢᠲᠡᠭᠡᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ ︾ ︵ ᠦᠪᠦᠷ ᠪᠠᠶᠢᠭᠤᠯᠤᠯᠲᠠ ᠪᠠᠷᠢᠮᠵᠢᠶ᠎ᠠ ﹇2024﹈ 191 ᠳ᠋ᠤᠭᠡᠷ ᠲᠣᠭᠠᠲᠤ ︶ ᠶᠢ | ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠦᠨ᠎ᠡ ᠦᠷᠲᠡᠭ ᠤᠨ ᠵᠦᠪᠯᠡᠯᠭᠡ ᠥᠭᠬᠦ ᠦᠢᠯᠡᠰ | ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ ᠂ ᠪᠠᠶᠢᠭᠤᠯᠤᠭᠰᠠᠨ ᠦᠨ᠎ᠡ ᠶᠢᠨ ᠵᠦᠪᠯᠡᠯᠭᠡ ᠥᠭᠬᠦ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠵᠢᠷᠤᠮᠵᠢᠭᠤᠯᠵᠤ᠂ ᠪᠠᠶᠢᠭᠤᠯᠤᠭᠰᠠᠨ ᠦᠨ᠎ᠡ ᠶᠢᠨ ᠵᠦᠪᠯᠡᠯᠭᠡ ᠥᠭᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ᠪᠦᠬᠦ | ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠦᠨ᠎ᠡ ᠦᠷᠲᠡᠭ ᠤᠨ ᠵᠦᠪᠯᠡᠯᠭᠡ ᠥᠭᠬᠦ ᠦᠢᠯᠡᠰ ᠤᠨ ᠢᠲᠡᠭᠡᠮᠵᠢ ᠶᠢᠨ ᠦᠨᠡᠯᠡᠯᠲᠡ ᠶᠢᠨ ᠠᠵᠢᠯ ᠢ | ᠰᠠᠶᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠢᠲᠡᠭᠡᠮᠵᠢ ᠶᠢᠨ ᠦᠨᠡᠯᠡᠯᠲᠡ ᠶᠢᠨ ᠠᠵᠢᠯ ᠪᠣᠯ ᠢᠨᠵᠧᠨᠧᠷᠢᠩ ᠤᠨ ᠦᠨ᠎ᠡ ᠦᠷᠲᠡᠭ ᠤᠨ ᠵᠦᠪᠯᠡᠯᠭᠡ ᠥᠭᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠬᠤ᠂ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠴᠢᠬᠤᠯᠠ ᠭᠠᠷᠳᠠᠴᠠ ᠪᠣᠯᠤᠨ᠎ᠠ᠃ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ | ᠪᠣᠯ ᠪᠠᠰᠠ ᠴᠤ ᠪᠠᠶᠢᠭᠤᠯᠣᠭᠰᠠᠨ ᠦᠨ᠎ᠡ ᠦᠷᠲᠡᠭ ᠤᠨ ᠵᠦᠪᠯᠡᠯᠭᠡ ᠥᠭᠬᠦ ᠪᠠᠶᠢᠭᠤᠯᠤᠮᠵᠢ ᠪᠣᠯᠤᠨ ᠳᠠᠩᠰᠠᠯᠠᠭᠤᠯᠤᠭᠰᠠᠨ ᠪᠠᠶᠢᠭᠤᠯᠤᠭᠰᠠᠨ ᠦᠨ᠎ᠡ ᠶᠢᠨ | ᠢᠨᠵᠧᠨᠧᠷ ᠤᠨ ᠠᠵᠢᠯ ᠡᠷᠬᠢᠯᠡᠬᠦ ᠪᠠ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢᠨ ᠴᠢᠬᠤᠯᠠ ᠦᠨᠳᠦᠰᠦᠯᠡᠯ ᠪᠣᠯᠤᠨ᠎ᠠ᠃ ᠡᠯ᠎ᠡ ᠱᠠᠲᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠶ ᠨᠢᠭᠡᠴᠢ ᠪᠠ ᠠᠵᠢᠯᠲᠠᠨ ᠨᠢ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠶᠢᠭᠤᠯᠤᠭᠰᠠᠨ ᠦᠨ᠎ᠡ ᠦᠷᠲᠡᠭ ᠤᠨ ᠵᠥᠪᠯᠡᠯᠭᠡ | ᠥᠭᠬᠦ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠪᠠᠶᠢᠭᠤᠯᠤᠯᠲᠠ ᠪᠠᠷᠢᠮᠵᠢᠶ᠎ᠠ ﹇2024﹈ 191 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠢᠨᠵᠧᠨᠧᠷᠢᠩ ᠤᠨ ᠪᠠᠶᠢᠭᠤᠯᠤᠭᠰᠠᠨ ᠦᠨ᠎ᠡ ᠦᠷᠲᠡᠭ ᠤᠨ ᠵᠥᠪᠯᠡᠯᠭᠡ ᠥᠭᠬᠦ ᠠᠵᠤ ᠠᠬᠤᠶᠢᠯᠠᠯ ᠪᠠ ᠳᠠᠩᠰᠠᠯᠠᠭᠤᠯᠤᠭᠰᠠᠨ ᠪᠠᠶᠢᠭᠤᠯᠣᠭᠰᠠᠨ ᠦᠨ᠎ᠡ ᠶᠢᠨ | ᠢᠨᠵᠧᠨᠧᠷ ᠤᠨ ᠢᠲᠡᠭᠡᠮᠵᠢ ᠶᠢᠨ ᠦᠨᠡᠯᠡᠯᠲᠡ ᠶᠢᠨ ᠬᠠᠮᠢᠶ᠎ᠠ ᠪᠥᠬᠦᠶ ᠠᠵᠢᠯ ᠢ ᠱᠠᠯᠠᠪᠳᠠᠨ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠤᠨ ᠬᠠᠷᠠᠯᠲᠠ᠂ | ᠡᠭᠦᠷᠭᠡ ᠶᠢᠨ ᠠᠵᠢᠯ ᠤᠨ ᠬᠤᠪᠢᠶᠠᠷᠢᠯᠠᠯ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠦᠨᠡᠯᠡᠯᠲᠡ ᠶᠢᠨ ᠠᠵᠢᠯ ᠤᠨ ᠡᠮᠬᠢ ᠵᠢᠷᠤᠮ ᠲᠠᠢ | ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠂ ᠳᠡᠭᠡᠳᠦ ᠲᠤᠤᠷᠠᠳᠤ ᠱᠠᠳᠤ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ ᠂ ᠱᠠᠯᠠᠪᠳᠠᠭᠤᠯᠤᠨ ᠵᠢᠯᠣᠭᠤᠳᠬᠤ ᠪᠠᠨ | ᠦᠷᠭᠦᠯᠵᠢᠯᠡᠨ ᠴᠢᠩᠭᠠᠳᠬᠠᠵᠤ ᠂ ᠢᠨᠵᠧᠨᠧᠷᠢᠩ ᠤᠨ ᠪᠠᠶᠢᠭᠤᠯᠤᠭᠰᠠᠨ ᠦᠨ᠎ᠡ ᠦᠷᠲᠡᠭ ᠤᠨ ᠵᠥᠪᠯᠡᠯᠭᠡ ᠥᠭᠬᠦ ᠠᠵᠢᠯ ᠲᠦᠷᠦᠯ ᠤᠨ ᠭᠤᠣᠯ ᠴᠣᠭᠴᠠ ᠶᠢ | ᠬᠦᠳᠦᠯᠦᠨ ᠵᠢᠯᠣᠭᠤᠳᠴᠤ ᠪᠠᠶᠢᠭᠠᠳ ᠢᠲᠡᠭᠡᠮᠵᠢ ᠶᠢᠨ ᠦᠨᠡᠯᠡᠯᠲᠡ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ᠮᠠᠨ ᠤ ᠣᠷᠣᠨ ᠤ | ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠶᠢᠭᠤᠯᠤᠭᠰᠠᠨ ᠦᠨ᠎ᠡ ᠦᠷᠲᠡᠭ ᠤᠨ ᠵᠥᠪᠯᠡᠯᠭᠡ ᠥᠭᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ | ᠬᠤᠶᠠᠷ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠠᠷᠢᠯᠭ᠎ᠠ ᠶᠢᠨ ᠪᠠᠶᠢᠭᠤᠯᠤᠭᠰᠠᠨ | ᠦᠨ᠎ᠡ ᠶᠢᠨ ᠵᠦᠪᠯᠡᠯᠭᠡ ᠥᠭᠬᠦ ᠦᠢᠯᠡᠰ ᠤᠨ ᠢᠲᠡᠭᠡᠮᠵᠢ ᠶᠢᠨ ᠦᠨᠡᠯᠡᠯᠲᠡ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠢᠨᠠᠬᠤ᠂ ᠰᠢᠢᠳᠪᠦᠷᠢᠯᠡᠬᠦ ᠂ ᠳᠡᠭᠡᠭᠰᠢ | ᠮᠡᠳᠡᠭᠦᠯᠬᠦ᠂ ᠬᠡᠷᠡᠭᠯᠡᠬᠦ᠂ ᠬᠠᠮᠢᠶᠠᠷᠬᠤ ᠵᠡᠷᠭᠡ ᠬᠤᠯᠪᠣᠭᠳᠠᠯ ᠪᠦᠬᠦᠢ ᠳᠦᠷᠢᠮ ᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃ ᠲᠤᠰ ᠵᠠᠰᠠᠭ | ᠵᠠᠬᠢᠷᠭᠠᠨ ᠤ ᠣᠷᠣᠨ ᠤ ᠢᠨᠵᠧᠨᠧᠷᠢᠩ ᠤᠨ ᠪᠠᠶᠢᠭᠤᠯᠤᠭᠰᠠᠨ ᠦᠨ᠎ᠡ ᠦᠷᠲᠡᠭ ᠤᠨ ᠵᠦᠪᠯᠡᠯᠭᠡ ᠦᠭᠬᠦ ᠦᠢᠯᠡᠰ ᠤᠨ ᠢᠲᠡᠭᠡᠮᠵᠢ ᠶᠢᠨ ᠳᠠᠩᠰᠠ ᠡᠪᠬᠡᠮᠡᠯ ᠢ | ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠢᠲᠡᠭᠡᠯ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ | ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠥᠷᠨᠢᠭᠦᠯᠦᠨ᠎ᠡ᠃ ᠡᠳᠦᠷ ᠲᠤᠲᠤᠮ ᠤᠨ ᠠᠵᠢᠯ ᠢ ᠳᠣᠤᠷᠠᠬᠢ ᠱᠠᠭᠠᠷᠳᠠᠯᠭ᠎ᠠ ᠶᠣᠰᠣᠭᠠᠷ ᠪᠠᠶᠢᠩᠭᠤᠵᠢᠭᠤᠯᠤᠨ ᠥᠷᠨᠢᠭᠦᠯᠦᠨ᠎ᠡ᠄ | ︵ᠨᠢᠭᠡ︶ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠢᠨᠵᠧᠨᠧᠷᠢᠩ ᠤᠨ ᠪᠠᠶᠢᠭᠤᠯᠤᠭᠰᠠᠨ ᠦᠨ᠎ᠡ ᠦᠷᠲᠡᠭ ᠤᠨ ᠵᠦᠪᠯᠡᠯᠭᠡ ᠥᠭᠬᠦ ᠦᠢᠯᠡᠰ ᠤᠨ ᠢᠲᠡᠭᠡᠮᠵᠢ ᠶᠢᠨ ᠮᠡᠳᠡᠭᠡ ᠵᠠᠩᠭᠢ ᠪᠤᠶ ᠪᠣᠯᠤᠭᠰᠠᠨ | ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠴᠤᠭᠯᠠᠭᠤᠯᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠮᠠᠭᠠᠳᠯᠠᠨ ᠲᠣᠭᠲᠠᠭᠠᠭᠰᠠᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠦᠷᠲᠡᠭ ᠤᠨ ᠵᠦᠪᠯᠡᠯᠭᠡ ᠶᠢᠨ ᠦᠢᠯᠡᠰ ᠤᠨ ᠢᠲᠡᠭᠡᠮᠵᠢ ᠶᠢᠨ ᠮᠡᠳᠡᠭᠡ | ᠵᠠᠩᠭᠢ ᠶᠢ ᠠᠳᠠᠯᠢ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠣᠶᠢᠯᠠᠭᠠᠵᠤ ᠮᠡᠳᠡᠭᠰᠡᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠠᠤᠯᠢ ᠲᠣᠭᠲᠠᠭᠠᠯ ᠶᠣᠰᠣᠭᠠᠷ ᠬᠢᠨᠠᠨ ᠲᠣᠳᠣᠯᠠᠬᠤ ᠶᠢᠨ ᠬᠠᠮᠲᠤ | ᠴᠤᠭᠯᠠᠭᠤᠯᠵᠤ ᠣᠷᠣᠭᠤᠯᠬᠤ ᠬᠡᠷᠡᠭᠲᠡᠶ᠃ | ︵ᠬᠤᠶᠠᠷ ︶ ᠦᠨᠳᠦᠰᠦᠨ ᠮᠡᠳᠡᠭᠡ ᠵᠠᠩᠭᠢ ᠶᠢ ᠢᠨᠵᠧᠨᠧᠷᠢᠩ ᠤᠨ ᠪᠠᠶᠢᠭᠤᠯᠤᠭᠰᠠᠨ ᠦᠨ᠎ᠡ ᠦᠷᠲᠡᠭ ᠤᠨ ᠵᠦᠪᠯᠡᠯᠭᠡ ᠥᠭᠬᠦ ᠦᠢᠯᠡᠰ ᠪᠤᠶᠤ | ᠳᠠᠩᠰᠠᠯᠠᠭᠤᠯᠤᠭᠰᠠᠨ ᠪᠠᠶᠢᠭᠤᠯᠤᠭᠰᠠᠨ ᠦᠨ᠎ᠡ ᠶᠢᠨ ᠢᠨᠵᠧᠨᠧᠷ ᠠᠴᠠ ᠢᠲᠡᠭᠡᠮᠵᠢ ᠶᠢᠨ ᠦᠨᠡᠯᠡᠯᠲᠡ ᠶᠢᠨ ᠱᠠᠭᠠᠷᠳᠠᠯᠭ᠎ᠠ ᠶᠣᠰᠣᠭᠠᠷ ᠲᠡᠮᠳᠡᠭᠯᠡᠨ ᠭᠤᠶᠤᠴᠢᠯᠠᠨ | ᠮᠡᠳᠡᠭᠦᠯᠵᠦ᠂ ᠬᠤᠰᠢᠭᠤ ᠰᠢᠶᠠᠨ ︵ᠬᠤᠲᠠ ᠲᠣᠭᠤᠷᠢᠭ︶ ᠂ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ᠂ ᠬᠠᠮᠢᠶᠠᠷᠬᠤ ᠡᠷᠬᠡ ᠮᠡᠳᠡᠯ ᠬᠢᠨᠠᠨ ᠬᠠᠷᠭᠤᠭᠤᠯᠣᠭᠰᠠᠨ | ᠶᠣᠰᠣᠭᠠᠷ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠣᠭᠰᠠᠨ ᠤ ᠳᠠᠷᠠᠭ᠎ᠠ ᠦᠨᠡᠮᠰᠢᠭᠦᠯᠬᠦ ᠬᠡᠷᠡᠭᠲᠡᠶ᠃ | ︵ᠭᠤᠷᠪᠠ ︶ ᠢᠲᠡᠭᠡᠮᠵᠢ ᠨᠡᠮᠡᠭᠳᠡᠭᠦᠯᠬᠦ ᠮᠡᠳᠡᠭᠡ ᠵᠠᠩᠭᠢ ᠶᠢ ᠢᠨᠵᠧᠨᠧᠷᠢᠩ ᠤᠨ ᠪᠠᠶᠢᠭᠤᠯᠤᠭᠰᠠᠨ ᠦᠨ᠎ᠡ ᠦᠷᠲᠡᠭ ᠤᠨ ᠵᠦᠪᠯᠡᠯᠭᠡ ᠥᠭᠬᠦ ᠦᠢᠯᠡᠰ ᠪᠤᠶᠤ | ᠳᠠᠩᠰᠠᠯᠠᠭᠤᠯᠤᠭᠰᠠᠨ ᠪᠠᠶᠢᠭᠤᠯᠣᠭᠰᠠᠨ ᠦᠨ᠎ᠡ ᠶᠢᠨ ᠢᠨᠵᠧᠨᠧᠷ ᠠᠴᠠ ᠢᠲᠡᠭᠡᠮᠵᠢ ᠶᠢᠨ ᠦᠨᠡᠯᠡᠯᠲᠡ ᠶᠢᠨ ᠪᠠᠷᠢᠮᠵᠢᠶ᠎ᠠ ᠶᠢᠨ ᠠᠭᠤᠯᠭ᠎ᠠ ᠶᠢᠨ ᠶᠣᠰᠣᠭᠠᠷ ᠣᠷᠣᠭᠤᠯᠵᠤ᠂ | ᠭᠤᠶᠣᠴᠢᠯᠠᠨ ᠮᠡᠳᠡᠭᠦᠯᠬᠦ ᠶᠢᠨ ᠬᠠᠮᠲᠤ ᠵᠣᠬᠢᠬᠤ ᠭᠡᠷᠡᠴᠢ ᠮᠠᠲ᠋ᠧᠷᠢᠶᠠᠯ ᠢᠶᠠᠨ ᠲᠤᠰᠢᠶᠠᠵᠤ ᠂ ᠢᠨᠵᠧᠨᠧᠷᠢᠩ ᠤᠨ ᠪᠠᠶᠢᠭᠤᠯᠤᠭᠰᠠᠨ ᠦᠨ᠎ᠡ ᠦᠷᠲᠡᠭ ᠤᠨ ᠵᠦᠪᠯᠡᠯᠭᠡ | ᠥᠭᠬᠦ ᠦᠢᠯᠡᠰ ᠤᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ ᠲᠣᠭᠤᠷᠢᠭ︶ ᠂ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠱᠠᠲᠤ ᠳᠠᠷᠠᠭᠠᠯᠠᠨ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠳᠠᠬᠢᠨ ᠬᠢᠨᠠᠭᠤᠯᠵᠤ | ᠨᠣᠲᠠᠯᠠᠭᠤᠯᠣᠨᠠ ᠃ | ︵ᠳᠥᠷᠪᠡ︶ ᠢᠲᠡᠭᠡᠯ ᠢᠶᠠᠨ ᠠᠯᠳᠠᠭᠰᠠᠨ ᠮᠡᠳᠡᠭᠡ ᠵᠠᠩᠭᠢ ᠶᠢ ᠰᠢᠢᠳᠪᠦᠷᠢᠯᠡᠬᠦ ᠲᠣᠭᠲᠠᠭᠠᠯ ᠭᠠᠷᠭᠠᠭᠰᠠᠨ ᠪᠤᠶᠤ ᠢᠲᠡᠭᠡᠯ ᠢᠶᠠᠨ ᠠᠯᠳᠠᠭᠰᠠᠨ ᠮᠡᠳᠡᠭᠡ ᠵᠠᠩᠭᠢ | ᠭᠠᠷᠤᠭᠰᠠᠨ ᠭᠠᠵᠠᠷ ᠤᠨ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠴᠤᠭᠯᠠᠭᠤᠯᠤᠨ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠳᠠᠬᠢᠨ ᠬᠢᠨᠠᠵᠤ ᠨᠣᠲᠠᠯᠠᠬᠤ ᠬᠡᠷᠡᠭᠲᠡᠢ ᠃ ᠬᠤᠰᠢᠭᠤ ᠰᠢᠶᠠᠨ ︵ ᠬᠤᠲᠠ ᠲᠣᠭᠤᠷᠢᠭ︶ ᠂ | ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠢᠲᠡᠭᠡᠯ ᠢᠶᠠᠨ ᠠᠯᠳᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠦᠨᠡᠮᠰᠢᠬᠦ ᠪᠢᠴᠢᠭ ᠬᠠᠷ᠎ᠠ ᠶᠢ ᠦᠢᠯᠡᠳᠦᠨ ᠲᠠᠷᠬᠠᠭᠰᠠᠨ ᠪᠤᠶᠤ ᠬᠦᠯᠢᠶᠡᠨ ᠠᠪᠤᠭᠰᠠᠨ ᠤ ᠳᠠᠷᠠᠭ᠎ᠠ 5 | ᠠᠵᠢᠯᠯᠠᠬᠤ ᠡᠳᠦᠷ ᠤᠨ ᠳᠣᠲᠣᠷ᠎ᠠ ᠢᠲᠡᠭᠡᠯ ᠢᠶᠠᠨ ᠠᠯᠳᠠᠭᠰᠠᠨ ᠭᠤᠤᠯ ᠴᠣᠭᠴᠠ ᠳᠤ ᠮᠡᠳᠡᠭᠳᠡᠬᠦ ᠬᠡᠷᠡᠭᠲᠡᠶ᠃ | ︵ᠲᠠᠪᠤ ︶ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠢᠨᠵᠧᠨᠧᠷᠢᠩ ᠤᠨ ᠪᠠᠶᠢᠭᠤᠯᠤᠭᠰᠠᠨ ᠦᠨ᠎ᠡ ᠦᠷᠲᠡᠭ ᠤᠨ ᠵᠦᠪᠯᠡᠯᠭᠡ ᠥᠭᠬᠦ ᠦᠢᠯᠡᠰ ᠪᠣᠯᠤᠨ | ᠳᠠᠩᠰᠠᠯᠠᠭᠤᠯᠤᠭᠰᠠᠨ ᠪᠠᠶᠢᠭᠤᠯᠣᠭᠰᠠᠨ ᠦᠨ᠎ᠡ ᠶᠢᠨ ᠢᠨᠵᠧᠨᠧᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠵᠦᠪᠯᠡᠯᠭᠡ ᠥᠭᠬᠦ | ᠲᠤᠬᠠᠶᠢᠯᠠᠭᠰᠠᠨ ᠠᠵᠢᠯ ᠦᠷᠨᠢᠭᠦᠯᠦᠭᠰᠡᠨ ᠪᠠᠶᠢᠪᠠᠯ ᠂ ᠪᠠᠶᠢᠭᠤᠯᠣᠭᠰᠠᠨ ᠦᠨ᠎ᠡ ᠶᠢᠨ ᠵᠦᠪᠯᠡᠯᠭᠡ ᠶᠢᠨ ᠲᠦᠷᠦᠯ ᠵᠦᠢᠯ ᠢ ᠪᠣᠳᠠᠲᠠᠶ ᠬᠠᠮᠢᠶᠠᠷᠴᠤ ᠪᠦᠬᠦᠢ ᠬᠤᠰᠢᠭᠤ | ᠰᠢᠶᠠᠨ ︵ᠬᠤᠲᠠ ᠲᠣᠭᠤᠷᠢᠭ︶ ᠂ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠴᠣᠭᠯᠠᠭᠤᠯᠵᠤ ᠬᠢᠨᠠᠨ ᠬᠠᠷᠭᠤᠭᠤᠯᠬᠤ ᠶᠢ ᠬᠠᠷᠢᠭᠤᠴᠠᠨ᠎ᠠ ᠃ | ᠭᠤᠷᠪᠠ ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠳᠣᠲᠣᠷᠠᠬᠢ ᠠᠵᠤ ᠠᠬᠤᠶᠢᠯᠠᠯ ᠪᠠ ᠳᠠᠩᠰᠠᠯᠠᠭᠤᠯᠤᠭᠴᠢ ᠶᠢ | ᠵᠣᠬᠢᠶᠠᠨ ᠪᠠᠶᠢᠭᠤᠯᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠠᠩᠬ᠎ᠠ ᠤᠳᠠᠭ᠎ᠠ ᠳᠡᠭᠡᠭᠰᠢ ᠮᠡᠳᠡᠭᠦᠯᠵᠦ᠂ 2024 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ ᠨᠠᠭᠠᠰᠢ ᠪᠣᠶ ᠪᠣᠯᠤᠭᠰᠠᠨ ᠪᠥᠬᠦ ᠬᠠᠮᠢᠶ᠎ᠠ ᠪᠥᠬᠦᠶ ᠮᠡᠳᠡᠭᠡ ᠵᠠᠩᠭᠢ ᠶᠢ ᠣᠷᠣᠭᠤᠯᠬᠤ ᠶᠢᠨ ᠬᠠᠮᠲᠤ᠂ ᠮᠡᠳᠡᠭᠡ ᠵᠠᠩᠭᠢ ᠶᠢᠨ ᠪᠦᠷᠢᠨ ᠪᠦᠲᠦᠨ ᠴᠢᠨᠠᠷ ᠪᠠ | ᠣᠨᠣᠪᠴᠢᠲᠤ ᠴᠢᠨᠠᠷ ᠢ ᠪᠠᠲᠤᠯᠠᠵᠤ᠂ ᠳᠡᠭᠡᠭᠰᠢ ᠮᠡᠳᠡᠭᠦᠯᠬᠦ ᠴᠠᠭ ᠤᠨ ᠬᠢᠵᠠᠭᠠᠷ ᠨᠢ 6 ᠳ᠋ᠤᠭᠠᠷ ᠰᠠᠷ᠎ᠠ ᠶᠢᠨ 15 ᠤ ᠡᠳᠦᠷ ᠪᠣᠯᠣᠨ᠎ᠠ ᠃ | ᠳᠥᠷᠪᠡ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨᠲᠤ ᠪᠠᠷᠢᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ︵http᠄ | //110.70.26᠄ 81/webser/app/index.htm1︶ ᠲᠤ ᠳᠠᠩᠰᠠᠯᠠᠭᠤᠯᠬᠤ ᠪᠠᠷ ᠳᠠᠮᠵᠢᠭᠤᠯᠤᠨ ᠂ ︽ᠢᠨᠵᠧᠨᠧᠷᠢᠩ ᠤᠨ ᠪᠠᠶᠢᠭᠤᠯᠤᠭᠰᠠᠨ ᠦᠨ᠎ᠡ | ᠦᠷᠲᠡᠭ ᠤᠨ ᠬᠠᠮᠢᠶᠠᠷᠤᠯᠲᠠ︾ ᠶᠢᠨ ᠬᠡᠰᠡᠭ ᠢ ᠲᠣᠪᠴᠢᠳᠠᠨ ᠲᠤᠬᠠᠶᠢᠯᠠᠭᠰᠠᠨ ᠠᠵᠢᠯ ᠢᠶᠠᠨ ᠶᠠᠪᠣᠭᠳᠠᠭᠤᠯᠬᠤ ᠬᠡᠷᠡᠭᠲᠡᠶ᠃ ᠡᠯ᠎ᠡ ᠱᠠᠲᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠨᠢᠭᠡᠴᠢ ᠨᠦᠭᠦᠳ ᠲᠤᠰᠬᠠᠢ | ᠬᠥᠮᠥᠨ ᠲᠣᠭᠲᠠᠭᠠᠵᠤ ᠢᠲᠡᠭᠡᠮᠵᠢ ᠶᠢᠨ ᠮᠡᠳᠡᠭᠡ ᠵᠠᠩᠭᠢ ᠶᠢ ᠣᠷᠣᠭᠤᠯᠬᠤ᠂ ᠬᠢᠨᠠᠨ ᠬᠠᠷᠭᠤᠭᠤᠯᠬᠤ ᠵᠡᠷᠭᠡ ᠢᠲᠡᠭᠡᠮᠵᠢ ᠶᠢᠨ ᠦᠨᠡᠯᠡᠯᠲᠡ ᠶᠢᠨ ᠬᠠᠮᠢᠶ᠎ᠠ ᠪᠦᠬᠦᠢ | ᠠᠵᠢᠯ ᠢ ᠪᠣᠳᠠᠲᠠᠢ ᠬᠠᠷᠢᠭᠤᠴᠠᠭᠤᠯᠤᠨ᠎ᠠ᠃ | ᠲᠠᠪᠤ᠂ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠪᠤᠰᠤᠳᠴᠢ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ ᠠᠵᠢᠯ ᠢᠶᠠᠨ ᠥᠷᠨᠢᠭᠦᠯᠵᠦ᠂ ᠮᠡᠳᠡᠭᠡ ᠵᠠᠩᠭᠢ ᠶᠢ ᠦᠨᠡᠨ ᠪᠣᠳᠠᠲᠠᠢ᠂ ᠣᠨᠣᠪᠴᠢᠲᠠᠢ᠂ ᠪᠦᠷᠢᠨ | ᠪᠦᠲᠦᠨ ᠣᠷᠣᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠳᠤᠮᠳᠠᠬᠢ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ ᠂ ᠢᠲᠡᠭᠡᠮᠵᠢ ᠶᠢᠨ ᠦᠨᠡᠯᠡᠯᠲᠡ ᠶᠢᠨ | ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠢᠲᠡᠭᠡᠮᠵᠢ ᠪᠠᠷ ᠰᠠᠭᠤᠷᠢ | ᠪᠣᠯᠭᠠᠭᠰᠠᠨ ᠰᠢᠨ᠎ᠡ ᠬᠡᠯᠪᠡᠷᠢ ᠶᠢᠨ ᠢᠨᠵᠧᠨᠧᠷᠢᠩ ᠤᠨ ᠪᠠᠶᠢᠭᠤᠯᠤᠭᠰᠠᠨ ᠦᠨ᠎ᠡ ᠦᠷᠲᠡᠭ ᠤᠨ ᠵᠥᠪᠯᠡᠯᠭᠡ ᠥᠭᠬᠦ ᠦᠢᠯᠡᠰ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃ | ᠵᠢᠷᠭᠤᠭ᠎ᠠ᠂ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠢᠲᠡᠭᠡᠮᠵᠢ ᠶᠢᠨ ᠦᠨᠡᠯᠡᠯᠲᠡ ᠶᠢᠨ ᠠᠵᠢᠯ ᠳᠤ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ | ᠲᠣᠭᠲᠠᠭᠠᠯ ᠠᠴᠠ ᠵᠥᠷᠢᠴᠡᠨ ᠠᠵᠢᠯᠯᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠳᠣᠯᠤᠭ᠎ᠠ᠂ ᠡᠯ᠎ᠡ ᠬᠤᠯᠪᠣᠭᠳᠠᠯ ᠪᠦᠬᠦᠢ ᠠᠵᠢᠯ ᠲᠥᠷᠥᠯ ᠤᠨ ᠨᠡᠶᠢᠭᠡᠮᠯᠢᠭ ᠤᠳ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ᠂ ᠢᠲᠡᠭᠡᠮᠵᠢ ᠶᠢᠨ ᠦᠨᠡᠯᠡᠯᠲᠡ ᠶᠢᠨ ᠤᠬᠠᠭᠤᠯᠭ᠎ᠠ ᠶᠢᠨ | ᠠᠵᠢᠯᠯᠠᠭ᠎ᠠ ᠶᠢ ᠬᠠᠮᠵᠢᠯᠴᠠᠨ ᠥᠷᠨᠢᠭᠦᠯᠵᠦ᠂ ᠭᠡᠰᠢᠭᠦᠨ ᠨᠢᠭᠡᠴᠢ ᠶᠢ ᠵᠣᠬᠢᠶᠠᠨ ᠪᠠᠶᠢᠭᠤᠯᠤᠨ ᠢᠲᠡᠭᠡᠮᠵᠢ ᠶᠢᠨ ᠦᠨᠡᠯᠡᠯᠲᠡ ᠶᠢᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠰᠤᠷᠤᠯᠴᠠᠭᠤᠯᠵᠤ᠂ ᠭᠡᠰᠢᠭᠦᠨ ᠨᠢᠭᠡᠴᠢ ᠶᠢ ᠬᠥᠲᠥᠯᠦᠨ ᠵᠢᠯᠣᠭᠤᠳᠬᠤ ᠪᠠ ᠰᠢᠮᠳᠠᠭᠤᠯᠵᠤ ᠪᠠᠶᠢᠭᠠᠳ ᠢᠲᠡᠭᠡᠮᠵᠢ ᠶᠢᠨ ᠦᠨᠡᠯᠡᠯᠲᠡ ᠶᠢᠨ ᠮᠡᠳᠡᠭᠡ | ᠵᠠᠩᠭᠢ ᠶᠢ ᠴᠠᠭ ᠲᠤᠬᠠᠶ ᠳᠤ ᠨᠢ ᠂ ᠪᠦᠷᠢᠨ ᠪᠦᠲᠦᠨ᠂ ᠣᠨᠣᠪᠴᠢᠲᠠᠶ ᠲᠠᠭᠯᠠᠨ ᠮᠡᠳᠡᠭᠦᠯᠵᠦ᠂ ᠳᠡᠭᠡᠭᠰᠢ ᠮᠡᠳᠡᠭᠦᠯᠬᠦ ᠱᠠᠭᠠᠷᠳᠠᠯᠭ᠎ᠠ ᠶᠢᠨ ᠬᠤᠭᠤᠴᠠᠭᠠᠨ ᠳᠠᠬᠢ | ᠭᠡᠰᠢᠭᠦᠨ ᠨᠢᠭᠡᠴᠢ ᠶᠢᠨ ᠲᠥᠷᠥᠯ ᠵᠦᠢᠯ ᠢ ᠳᠠᠭᠠᠭᠠᠨ ᠠᠪᠤᠭᠰᠠᠨ ᠪᠠᠶᠢᠳᠠᠯ ᠳᠤ ᠴᠢᠭᠯᠡᠭᠦᠯᠦᠨ ᠪᠠᠶᠢᠳᠠᠯ ᠢ ᠣᠶᠢᠯᠠᠭᠠᠵᠤ᠂ ᠢᠲᠡᠭᠡᠮᠵᠢ ᠶᠢᠨ ᠦᠨᠡᠯᠡᠯᠲᠡ ᠶᠢᠨ | ᠠᠵᠢᠯ ᠳᠤ ᠠᠵᠢᠯ ᠲᠥᠷᠥᠯ ᠤᠨ ᠳᠣᠲᠣᠭᠠᠳᠤ ᠶᠢᠨ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ | ᠨᠠᠢᠮᠠ᠂ ᠡᠯ᠎ᠡ ᠠᠶᠢᠮᠠᠭ ᠬᠤᠲᠠ ᠵᠢᠴᠢ ᠮᠠᠨᠵᠤᠤᠷ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠢᠲᠡᠭᠡᠮᠵᠢ ᠶᠢᠨ ᠦᠨᠡᠯᠡᠯᠲᠡ ᠶᠢᠨ ᠠᠵᠢᠯᠲᠠᠨ ᠤ ᠬᠠᠮᠢᠶ᠎ᠠ ᠪᠥᠬᠦᠶ ᠮᠡᠳᠡᠭᠡ ᠵᠠᠩᠭᠢ ᠶᠢ 5 ᠳ᠋ᠤᠭᠠᠷ ᠰᠠᠷ᠎ᠠ ᠶᠢᠨ | 13 ᠤ ᠡᠳᠦᠷ ᠠᠴᠠ ᠡᠮᠦᠨ᠎ᠡ ᠮᠠᠨ ᠤ ᠲᠢᠩᠬᠢᠮ ᠤᠨ ᠪᠠᠷᠢᠮᠵᠢᠶ᠎ᠠ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ ᠲᠤ | ᠮᠡᠳᠡᠭᠦᠯᠦᠨ᠎ᠡ᠃ ᠢᠲᠡᠭᠡᠮᠵᠢ ᠶᠢᠨ ᠦᠨᠡᠯᠡᠯᠲᠡ ᠶᠢᠨ ᠠᠵᠢᠯᠲᠠᠨ ᠳᠤ ᠬᠤᠪᠢᠷᠠᠯᠲᠠ ᠭᠠᠷᠤᠭᠰᠠᠨ ᠪᠣᠯ ᠂ ᠬᠤᠪᠢᠷᠠᠯᠲᠠ ᠭᠠᠷᠣᠭᠰᠠᠨ ᠤ ᠳᠠᠷᠠᠭᠠᠬᠢ ᠠᠵᠢᠯᠲᠠᠨ ᠤ ᠮᠡᠳᠡᠭᠡ | ᠵᠠᠩᠭᠢ ᠶᠢ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠬᠡᠷᠡᠭᠲᠡᠶ᠃ | | ᠬᠠᠷᠢᠯᠴᠠᠬᠤ ᠬᠥᠮᠦᠨ᠄ ᠠᠨ ᠲᠢᠶᠠᠨ ᠶᠧ᠂ ᠭᠦᠸᠧ ᠬᠤᠸᠠ ᠶᠢᠩ | ᠬᠠᠷᠢᠯᠴᠠᠬᠤ ᠤᠲᠠᠰᠤ᠄ 0471 - 6962133᠂ 15561018125 | 0471 - 6913090᠂ 18686036803 | ᠢᠮᠧᠯ᠄ nmgjstkjc@163.com | ᠮᠡᠷᠭᠡᠵᠢᠯ ᠤᠨ ᠦᠢᠯᠡᠴᠢᠯᠡᠭᠡᠨ ᠤ ᠬᠠᠷᠢᠯᠴᠠᠬᠤ ᠬᠥᠮᠦᠨ᠄ ᠵᠣᠣ ᠴᠤᠤ ᠴᠢᠶᠦ᠋ᠨ᠂ ᠬᠠᠷᠢᠯᠴᠠᠬᠤ ᠤᠲᠠᠰᠤ᠄ 16604716656 | | 2025 ᠣᠨ ᠤ 5 ᠳ᠋ᠤᠭᠠᠷ ᠰᠠᠷ᠎ᠠ ᠶᠢᠨ 9 ᠤ ᠡᠳᠦᠷ | |