ᠪᠦᠷᠢᠨ ᠪᠦᠲᠦᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ — ᠪᠤᠭᠤᠲᠤ ᠬᠤᠳᠠ ᠶᠢᠨ ᠽᠢ ᠢ ᠨᠡᠶᠢᠭᠡᠮ ᠲᠣᠭᠤᠷᠢᠭ
ᠨᠡᠶᠢᠲᠡᠯᠡᠭᠰᠡᠨ ᠴᠠᠭ᠄
2025/5/26
    ᠽᠢ ᠢ ᠨᠡᠶᠢᠭᠡᠮ ᠲᠣᠭᠤᠷᠢᠭ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠴᠢᠩᠱᠠᠨ ᠲᠣᠭᠤᠷᠢᠭ ᠲᠤ ᠪᠠᠶᠢᠷᠢᠯᠠᠵᠤ᠂ ᠬᠠᠷᠢᠶᠠᠳᠦ 5 ᠤᠷᠤᠨ ᠰᠠᠭᠤᠴᠠ ᠶᠢᠨ ᠲᠣᠭᠤᠷᠢᠭ ᠲᠠᠢ᠃ ᠡᠭᠦᠨ ᠳᠤ᠂ ᠴᠢᠯᠦᠭᠡᠲᠦ ᠵᠠᠮ 2 ᠳ᠋ᠤᠭᠠᠷ ᠨᠣᠮᠧᠷᠲᠤ ᠨᠡᠶᠢᠭᠡᠮ ᠲᠤᠭᠤᠷᠢᠭ ᠢ 1956 ᠣᠨ ᠳᠤ ᠪᠠᠶᠢᠭᠤᠯᠵᠤ᠂ ᠴᠢᠩᠱᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠣᠨ ᠵᠢᠯ ᠢᠶᠠᠷ ᠬᠠᠮᠤᠭ ᠡᠷᠲᠡ᠂ ᠣᠳᠣᠬᠠᠨ ᠳᠤ ᠬᠠᠳᠠᠭᠠᠯᠠᠭᠳᠠᠵᠤ ᠪᠠᠶᠢᠭ᠎ᠠ ᠲᠡᠦᠬᠡ ᠰᠣᠶᠣᠯ ᠤᠨ ᠳᠦᠷᠰᠦ ᠪᠠᠶᠢᠳᠠᠯ ᠢᠶᠠᠷ ᠨᠡᠯᠢᠶᠡᠳ ᠪᠦᠷᠢᠨ ᠪᠦᠲᠦᠨ ᠬᠠᠭᠤᠴᠢᠨ ᠤᠷᠤᠨ ᠰᠠᠭᠤᠴᠠ ᠶᠢᠨ ᠲᠣᠭᠤᠷᠢᠭ ᠪᠣᠯᠣᠨ᠎ᠠ᠂ 60 ᠨᠠᠰᠤᠨ ᠠᠴᠠ ᠳᠡᠭᠡᠭᠰᠢᠬᠢ ᠰᠠᠭᠤᠭᠠᠯᠢ ᠡᠷᠦᠬᠡ 43% ᠶᠢ ᠡᠵᠡᠯᠡᠵᠦ᠂ 80 ᠨᠠᠰᠤᠨ ᠠᠴᠠ ᠳᠡᠭᠡᠭᠰᠢᠬᠢ ᠨᠢ 19% ᠣᠷᠴᠢᠮ ᠬᠦᠷᠴᠦ᠂ ᠵᠠᠯᠠᠭᠤᠴᠤᠳ ᠤᠨ ᠡᠵᠡᠯᠡᠬᠦ ᠬᠡᠮᠵᠢᠶ᠎ᠡ ᠨᠡᠯᠢᠶᠡᠳ ᠪᠠᠭ᠎ᠠ ᠪᠠᠶᠢᠵᠤ᠂ ︽ᠬᠤᠶᠠᠷ ᠨᠠᠰᠤᠲᠠᠨ ᠤ ᠠᠰᠠᠭᠤᠳᠠᠯ︾ ᠡᠳᠦᠷ ᠢᠷᠡᠬᠦᠶ᠎ᠡ ᠬᠦᠨᠳᠦ ᠨᠣᠴᠢᠲᠠᠢ ᠪᠣᠯᠵᠤ ᠪᠠᠶᠢᠨ᠎ᠠ᠃ ᠨᠠᠰᠤᠲᠠᠶᠢᠴᠤᠳ ᠢ ᠥᠲᠡᠯᠪᠡᠯ ᠠᠰᠠᠷᠠᠮᠵᠢ ᠲᠠᠢ᠂ ᠲᠦᠰᠢᠭ ᠲᠤᠯᠭᠠᠭᠤᠷᠢ ᠲᠠᠢ᠂ ᠪᠠᠶᠠᠷ ᠴᠡᠩᠭᠡᠯ ᠲᠠᠢ ᠠᠮᠢᠳᠤᠷᠠᠭᠤᠯᠬᠤ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠮᠤᠭ ᠤᠨ ᠲᠤᠯᠭᠠᠮ᠎ᠠ ᠬᠦᠰᠡᠯ ᠡᠷᠡᠮᠡᠯᠵᠡᠯ ᠪᠤᠯᠵᠠᠢ᠃    ︽ᠽᠢ ᠢ ᠨᠡᠶᠢᠭᠡᠮ ᠲᠣᠭᠤᠷᠢᠭ ᠲᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠬᠤᠭᠤᠯᠠᠨ ᠭᠡᠷ᠂ ᠨᠡᠶᠢᠭᠡᠮ ᠲᠣᠭᠤᠷᠢᠭ ᠤᠨ ᠡᠷᠡᠭᠦᠯᠵᠢᠯ ᠰᠤᠪᠢᠯᠠᠯᠲᠠ ᠤᠬᠢᠶᠠᠯᠭ᠎ᠠ   ᠶᠢᠨ ᠦᠢᠯᠡᠴᠢᠯᠡᠭᠡᠨ ᠤ ᠲᠥᠪ᠂ ᠬᠡᠳᠦ ᠳᠡᠯᠭᠡᠭᠦᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠣᠬᠢᠷᠠᠭᠤᠯᠵᠠᠢ︾ ᠭᠡᠵᠦ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠪᠡ᠃     ᠲᠠᠨᠢᠯᠴᠠᠭᠤᠯᠤᠭᠰᠠᠨ ᠢᠶᠠᠷ᠂ ᠨᠡᠶᠢᠭᠡᠮ ᠲᠣᠭᠤᠷᠢᠭ ᠤᠨ ᠬᠢᠨ ᠤᠤᠯ ᠤᠨ ᠪᠠᠶᠢᠭᠰᠠᠨ ᠰᠠᠭᠤᠷᠢ ᠲᠥᠬᠦᠭᠡᠷᠦᠮᠵᠢ ᠪᠠᠨ ᠨᠢᠭᠡᠳᠦᠯᠲᠡᠢ ᠲᠥᠯᠥᠪᠯᠡᠵᠦ᠂ ᠡᠪᠳᠡᠷᠬᠡᠢ ᠬᠠᠭᠤᠴᠢᠨ ᠭᠡᠷ ᠪᠠᠶᠢᠰᠢᠩ ᠢ ᠨᠤᠷᠠᠭᠠᠵᠤ ᠭᠠᠷᠭᠠᠭᠰᠠᠨ ᠬᠤᠭᠤᠰᠤᠨ ᠭᠠᠵᠠᠷ ᠲᠤ 2500 ᠲᠡᠭᠰᠢ ᠳᠥᠷᠪᠡᠯᠵᠢᠨ ᠮᠧᠲᠷ ᠲᠠᠯᠠᠪᠠᠶ ᠪᠦᠬᠦᠢ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠥᠪ᠂ ᠨᠠᠮ ᠣᠯᠠᠨ ᠲᠦᠮᠡᠨ ᠤ ᠦᠢᠯᠡᠴᠢᠯᠡᠭᠡᠨ ᠤ ᠥᠷᠲᠡᠭᠡ᠂ ᠡᠷᠡᠭᠦᠯ ᠮᠡᠨᠳᠦ ᠶᠢᠨ ᠪᠡᠶ᠎ᠡ ᠤᠬᠢᠶᠠᠬᠤ ᠲᠥᠪ ᠵᠡᠷᠭᠡ ᠳᠥᠷᠪᠡᠨ ᠲᠠᠯ᠎ᠠ ᠶᠢᠨ ᠶᠡᠷᠦᠩᠬᠡᠶᠢᠯᠡᠭᠰᠡᠨ ᠴᠣᠭᠴᠠ ᠶᠢ ᠰᠢᠨ᠎ᠡ ᠪᠠᠷ ᠪᠠᠶᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠲᠡᠰ ᠲᠡᠪᠰᠢᠭᠦᠯᠪᠡ᠃     ︽ᠴᠡᠩᠭᠡᠯᠳᠦ ᠣᠷᠣᠨ ᠰᠠᠭᠤᠴᠠ︾ ᠨᠢ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠦᠢᠯᠡᠴᠢᠯᠡᠭᠡᠨ ᠤ ᠲᠥᠪ ᠢᠶᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠬᠤᠳᠠᠯᠳᠤᠨ ᠠᠪᠬᠤ ᠳᠤ ᠲᠤᠰᠠᠯᠠᠬᠤ᠂ ᠬᠤᠭᠤᠯᠠ ᠢᠳᠡᠬᠦ᠂ ᠰᠦᠢᠳᠬᠡᠯ ᠲᠤᠰᠢᠶᠠᠬᠤ᠂ ᠴᠡᠪᠡᠷᠯᠡᠬᠦ ᠳᠤ ᠲᠤᠰᠠᠯᠠᠬᠤ ᠵᠡᠷᠭᠡ ᠣᠯᠠᠨ ᠵᠦᠢᠯ ᠤᠨ ᠦᠢᠯᠡᠴᠢᠯᠡᠭᠡ ᠬᠠᠩᠭᠠᠨ᠎ᠠ︔ ︽ᠪᠠᠶᠠᠰᠬᠤᠯᠠᠩᠳᠦ ᠠᠰᠠᠷᠠᠮᠵᠢ︾ ᠨᠢ ᠶᠢᠰᠦᠨ ᠶᠡᠭᠡ ᠭᠡᠷ ᠪᠦᠯᠢ ᠶᠢᠨ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠨᠠᠰᠤᠲᠠᠶᠢᠴᠤᠳ ᠲᠤ ᠨᠠᠷᠢᠯᠢᠭᠵᠢᠭᠤᠯᠤᠭᠰᠠᠨ ᠦᠢᠯᠡᠴᠢᠯᠡᠭᠡ ᠬᠠᠩᠭᠠᠨ᠎ᠠ︔ ︽ᠪᠠᠶᠠᠰᠬᠤᠯᠠᠩᠳᠦ ᠰᠤᠪᠢᠯᠠᠯᠳᠠ︾ ᠨᠢ ᠡᠷᠡᠭᠦᠯ ᠮᠡᠨᠳᠦ ᠶᠢᠨ ᠪᠡᠶ᠎ᠡ ᠤᠬᠢᠶᠠᠬᠤ ᠲᠥᠪ ᠢ ᠪᠠᠶᠢᠭᠤᠯᠵᠤ᠂ ᠡᠷᠡᠭᠦᠯ ᠮᠡᠨᠳᠦ ᠶᠢᠨ ᠬᠠᠮᠢᠶᠠᠷᠤᠯᠲᠠ᠂ ᠡᠮᠴᠢᠯᠡᠭᠡ ᠡᠷᠡᠭᠦᠯᠵᠢᠯ᠂ ᠬᠡᠦᠬᠡᠳ ᠤᠨ ᠡᠷᠡᠭᠦᠯᠵᠢᠯ ᠵᠡᠷᠭᠡ ᠦᠢᠯᠡᠴᠢᠯᠡᠭᠡ ᠶᠢ ᠬᠠᠩᠭᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠲᠤᠰᠬᠠᠶᠢᠵᠢᠭᠰᠠᠨ ᠣᠨᠴᠠᠯᠢᠭᠲᠤ ᠪᠡᠶ᠎ᠡ ᠤᠬᠢᠶᠠᠬᠤ ᠦᠢᠯᠡᠴᠢᠯᠡᠭᠡ ᠶᠢ ᠬᠠᠩᠭᠠᠨ᠎ᠠ︔ ︽ᠨᠠᠶᠢᠷᠰᠠᠭ ᠬᠦᠷᠰᠢ︾ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠥᠷᠲᠡᠭᠡ ᠪᠣᠯ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠴᠡᠷᠢᠭ ᠤᠨ ᠮᠡᠷᠭᠡᠵᠢᠯ ᠤᠨ ᠦᠵᠡᠭᠦᠯᠦᠯᠭᠡ ᠶᠢᠨ ᠲᠢᠩᠬᠢᠮ᠂ ᠠᠬᠠᠮᠠᠳ ᠴᠡᠷᠢᠭ ᠤᠨ ᠬᠢᠴᠢᠶᠡᠯ ᠤᠨ ᠲᠠᠩᠬᠢᠮ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠪᠣᠯᠣᠨ᠎ᠠ᠃     ᠡᠵᠡᠩᠨᠡᠯᠲᠡ ᠶᠢᠨ ᠲᠠᠯ᠎ᠠ ᠶᠢᠨ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢᠨ ᠣᠯᠠᠨ ᠡᠰᠢᠲᠦ᠂ ᠬᠠᠮᠤᠷᠬᠤ ᠬᠡᠪᠴᠢᠶ᠎ᠡ ᠪᠠᠷ ᠥᠷᠭᠡᠨ ᠵᠡᠷᠭᠡ ᠳᠠᠪᠠᠭᠤᠯᠢᠭ ᠢ ᠠᠰᠢᠭᠯᠠᠨ᠂ ᠨᠡᠶᠢᠭᠡᠮ ᠲᠣᠭᠤᠷᠢᠭ ᠠᠴᠠ ᠨᠠᠰᠤᠵᠢᠯ ᠤᠨ ᠠᠰᠠᠷᠠᠮᠵᠢ᠂ ᠬᠤᠳᠠᠯᠳᠤᠭᠠᠨ ᠤ ᠬᠡᠲᠦ ᠳᠡᠯᠭᠡᠭᠦᠷ᠂ ᠠᠳᠠᠯ ᠠᠬᠤᠢ ᠶᠢᠨ ᠦᠢᠯᠡᠴᠢᠯᠡᠭᠡ᠂ ᠡᠮᠴᠢᠯᠡᠭᠡ ᠵᠡᠷᠭᠡ ᠴᠢᠨᠠᠷ ᠰᠠᠶᠢᠲᠠᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠨᠢᠭᠡ ᠨᠠᠰᠤᠲᠠᠨ ᠨᠢᠭᠡ ᠨᠢᠯᠬᠠᠰ︾ ᠪᠠᠷ ᠭᠤᠣᠯ ᠴᠣᠭᠴᠠ ᠪᠣᠯᠭᠠᠭᠰᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠪᠠᠭᠠᠴᠤᠳ ᠬᠡᠦᠬᠡᠳ ᠢ ᠨᠠᠶᠢᠳᠠᠨ ᠬᠠᠮᠢᠶᠠᠷᠤᠭᠤᠯᠬᠤ᠂ ᠡᠷᠡᠭᠦᠯ ᠮᠡᠨᠳᠦ ᠶᠢᠨ ᠹᠢᠽᠢᠺ ᠵᠠᠰᠠᠯ᠂ ᠬᠤᠪᠴᠠᠰᠤ ᠬᠤᠨᠠᠷ ᠤᠨ ᠤᠬᠢᠶᠠᠯᠭ᠎ᠠ ᠵᠡᠷᠭᠡ 20 ᠭᠠᠷᠤᠢ ᠵᠦᠢᠯ ᠤᠨ ᠦᠢᠯᠡᠴᠢᠯᠡᠭᠡ ᠬᠠᠩᠭᠠᠨ᠎ᠠ᠃ ︽2023 ᠣᠨ ᠤ 4 ᠳ᠋ᠤᠭᠡᠷ ᠰᠠᠷ᠎ᠠ ᠳᠤ᠂ ᠨᠡᠶᠢᠭᠡᠮ ᠲᠣᠭᠤᠷᠢᠭ ᠤᠨ ᠬᠢᠨ ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠪᠠᠭᠠᠴᠤᠳ ᠬᠡᠦᠬᠡᠳ ᠢ ᠨᠠᠶᠢᠳᠠᠨ ᠬᠠᠮᠢᠶᠠᠷᠤᠭᠤᠯᠬᠤ ᠠᠩᠭᠢ ᠪᠠᠶᠢᠭᠤᠯᠤᠨ᠂ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠭᠠᠷᠭᠠᠵᠤ᠂ ᠨᠠᠶᠢᠳᠠᠨ ᠬᠠᠮᠢᠶᠠᠷᠤᠭᠤᠯᠤᠭᠰᠠᠨ ᠬᠥᠮᠥᠨ ᠤ ᠲᠤᠭ᠎ᠠ 150 ᠭᠠᠷᠤᠢ ᠪᠣᠯᠵᠤ᠂ ᠭᠡᠷ ᠤᠨ ᠠᠬᠠᠮᠠᠳ ᠤᠨ ᠵᠣᠪᠠᠨᠢᠯ ᠢ ᠠᠷᠢᠯᠭᠠᠪᠠ︾ ᠭᠡᠵᠦ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠵᠠᠢ᠃    ᠰᠠᠭᠤᠭᠠᠯᠢ ᠠᠷᠠᠳ ᠢ ᠰᠠᠭᠤᠭᠠᠯᠢ ᠠᠷᠠᠳ ᠤᠨ ᠲᠣᠭᠤᠷᠢᠭ ᠤᠨ ᠲᠤᠳᠤᠷ᠎ᠠ ᠳᠥᠭᠦᠮ ᠳᠥᠲᠡ ᠴᠢᠨᠠᠷ ᠰᠠᠶᠢᠲᠠᠢ ᠦᠢᠯᠡᠴᠢᠯᠡᠭᠡ ᠶᠢ ᠡᠳ᠋ᠯᠡᠭᠦᠯᠬᠦ ᠶᠢᠨ ᠲᠥᠯᠥᠭᠡ᠂ ᠽᠢ ᠢ ᠨᠡᠶᠢᠭᠡᠮ ᠲᠣᠭᠤᠷᠢᠭ 30 ᠰᠠᠭᠤᠳᠠᠯ᠂ 20 ᠬᠤᠪᠴᠠᠰᠤ ᠬᠠᠳᠡᠭᠠᠬᠤ ᠵᠢᠶᠠᠰᠠ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ 40᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ 48 ᠰᠢᠨ᠎ᠡ ᠪᠠᠷ ᠨᠡᠮᠡᠵᠦ᠂ ︽ᠭᠡᠷ ᠪᠦᠯᠢ᠂ ᠨᠡᠶᠢᠭᠡᠮ ᠲᠣᠭᠤᠷᠢᠭ︾ ᠬᠠᠷᠢᠯᠴᠠᠨ‌ᠨᠥ᠋ᠬᠦᠪᠦᠷᠢᠯᠡᠬᠦ᠂ ︽ᠰᠦᠯᠵᠢᠶᠡᠨ ᠳᠡᠭᠡᠷ᠎ᠡ᠂ ᠰᠦᠯᠵᠢᠶᠡᠨ ᠠᠴᠠ ᠭᠠᠳᠠᠨᠠᠬᠢ︾ ᠶᠢ ᠵᠣᠯᠭᠠᠭᠤᠯᠤᠭᠰᠠᠨ᠂ ᠬᠠᠮᠢᠶ᠎ᠠ ᠪᠦᠬᠦᠢ ᠠᠵᠤ ᠦᠢᠯᠡᠰ ᠢ ᠠᠭᠤᠰᠤᠯᠴᠠᠭᠤᠯᠤᠭᠰᠠᠨ ︽ᠤᠯᠠᠨ ᠢ ᠳᠠᠭᠠᠭᠤᠯᠤᠨ ᠬᠠᠮᠲᠤᠷᠠᠨ ᠬᠥᠳᠡᠯᠦᠯᠴᠡᠬᠦ︾ ᠦᠢᠯᠡᠴᠢᠯᠡᠭᠡᠨ ᠤ ᠵᠠᠭᠪᠤᠷ ᠢ ᠪᠦᠬᠦ ᠬᠦᠴᠦᠨ ᠢᠶᠠᠷ ᠢᠶᠠᠨ ᠴᠤᠭᠴᠠᠯᠠᠪᠠ᠃     ᠡᠭᠦᠨ ᠠᠴᠠ ᠭᠠᠳᠠᠨ᠎ᠠ᠂ ᠰᠠᠭᠤᠭᠠᠯᠢ ᠠᠷᠠᠳ ᠤᠨ ᠠᠵᠢᠯᠯᠠᠭᠠᠨ ᠤ ᠭᠠᠵᠠᠷ ᠢ ᠨᠡᠩ ᠰᠠᠶᠢᠨ ᠥᠷᠭᠡᠳᠬᠡᠬᠦ ᠶᠢᠨ ᠲᠥᠯᠥᠭᠡ᠂ ᠽᠢ ᠢ ᠨᠡᠶᠢᠭᠡᠮ ᠲᠣᠭᠤᠷᠢᠭ ᠠᠴᠠ ᠰᠢᠲᠠᠷ᠎ᠠ ᠶᠢᠨ ᠲᠠᠰᠤᠭ᠂ ᠪᠥᠵᠢᠭ ᠤᠨ ᠲᠠᠰᠤᠭ᠂ ᠤᠷᠠᠨ ᠪᠢᠴᠢᠯᠭᠡ ᠤᠷᠠᠨ ᠵᠢᠷᠤᠭ ᠤᠨ ᠲᠠᠰᠤᠭ᠂ ᠫᠢᠩᠫᠠᠩ ᠪᠥᠮᠪᠦᠭᠡ ᠶᠢᠨ ᠲᠠᠰᠤᠭ᠂ ᠴᠢᠴᠢᠭᠦᠷ ᠪᠥᠮᠪᠦᠭᠡ ᠶᠢᠨ ᠲᠠᠰᠤᠭ᠂ ᠲᠣᠣᠷ ᠪᠥᠮᠪᠦᠭᠡ ᠶᠢᠨ ᠲᠠᠯᠠᠪᠤᠷ᠂ ᠰᠠᠭᠰᠤᠨ ᠪᠥᠮᠪᠦᠭᠡ ᠶᠢᠨ ᠲᠠᠯᠠᠪᠤᠷ᠂ ᠥᠲᠥᠨ ᠪᠥᠮᠪᠦᠭᠡ ᠶᠢᠨ ᠲᠠᠯᠠᠪᠤᠷ᠂ ᠬᠡᠦᠬᠡᠳ ᠤᠨ ᠨᠠᠭᠠᠳᠤᠮ ᠤᠨ ᠲᠠᠯᠠᠪᠤᠷ᠂ ᠪᠡᠶ᠎ᠡ ᠴᠢᠭᠢᠷᠠᠭᠵᠢᠭᠤᠯᠬᠤ ᠲᠠᠯᠠᠪᠠᠶ ᠵᠡᠷᠭᠡ ᠶᠢ ᠭᠠᠷᠭᠠᠭᠰᠠᠨ ᠪᠠᠶᠢᠨ᠎ᠠ᠃ ᠤᠯᠠᠮᠵᠢᠯᠠᠯᠲᠤ ᠪᠠᠶᠠᠷ ᠤᠨ ᠡᠳᠦᠷ ᠤᠨ ᠠᠵᠠ ᠲᠣᠬᠢᠶᠠᠯ ᠢ ᠠᠰᠢᠭᠯᠠᠨ᠂ ᠴᠠᠭᠠᠨ ᠰᠠᠷ᠎ᠠ ᠶᠢᠨ ᠲᠣᠬᠤᠨᠢᠭᠤᠯᠤᠯ᠂ ᠦᠨᠳᠦᠰᠦᠲᠡᠨ ᠤ ᠪᠦᠯᠬᠦᠮᠳᠡᠯ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠪᠡᠯᠭᠡᠯᠡᠬᠦ᠂ ᠽᠦᠩᠽᠢ ᠶᠢᠨ ᠬᠠᠶᠢᠷ᠎ᠠ ᠰᠡᠳᠬᠢᠯᠭᠡ ᠭᠡᠷ ᠪᠦᠯᠢ ᠶᠢᠨ ᠬᠢᠨ ᠢ ᠳᠣᠲᠣᠨᠣᠴᠢᠯᠠᠬᠤ᠂ ᠡᠪᠦᠯ ᠤᠨ ᠲᠤᠶᠢᠯ ᠬᠥᠷᠰᠢ ᠵᠡᠷᠭᠡᠯᠡᠳᠡᠭᠡ ᠶᠢᠨ ᠪᠠᠩᠰᠢ ᠶᠢᠨ ᠳᠠᠶᠢᠯᠠᠯᠭ᠎ᠠ᠂ ᠫᠢᠩᠫᠠᠩ ᠪᠥᠮᠪᠦᠭᠡ ᠶᠢᠨ ᠤᠷᠤᠯᠳᠤᠭᠠᠨ᠂ ᠴᠠᠭᠠᠨ ᠰᠠᠷ᠎ᠠ ᠶᠢ ᠤᠭᠲᠤᠬᠤ ᠤᠷᠠᠨ ᠪᠢᠴᠢᠯᠭᠡ ᠤᠷᠠᠨ ᠵᠢᠷᠤᠭ ᠤᠨ ᠨᠠᠶᠢᠷ ᠵᠡᠷᠭᠡ ᠠᠵᠢᠯᠯᠠᠭ᠎ᠠ ᠶᠢ 30 ᠭᠠᠷᠤᠢ ᠲᠠᠯᠠᠪᠠᠢ ᠥᠷᠨᠢᠭᠦᠯᠵᠦ᠂ ᠰᠠᠭᠤᠭᠠᠯᠢ ᠠᠷᠠᠳ ᠲᠤ ᠤᠯᠠᠨ ᠵᠦᠢᠯ ᠬᠡᠯᠪᠡᠷᠢ ᠶᠢᠨ ᠰᠣᠶᠣᠯ ᠪᠡᠶ᠎ᠡ ᠶᠢᠨ ᠲᠠᠮᠢᠷ ᠤᠨ ᠨᠠᠶᠢᠷ ᠢ ᠬᠦᠷᠳᠡᠭᠡᠵᠦ᠂ ᠡᠶ᠎ᠡ ᠵᠣᠬᠢᠴᠠᠩᠭᠤᠢ ᠢᠳᠡᠪᠬᠢᠲᠡᠢ ᠡᠷᠡᠭᠦᠯ ᠰᠠᠷᠠᠭᠤᠯ ᠠᠮᠢᠳᠤᠷᠠᠯ ᠤᠨ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠪᠠ᠃  
ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ