ᠯᠢ ᠴᠢᠶᠠᠩ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ — ᠳᠤᠮᠳᠠᠳᠤ ᠤᠯᠤᠰ — ᠲᠠᠯᠠᠢ ᠶᠢᠨ ᠪᠤᠯᠤᠩ ᠤᠨ ᠠᠷᠨᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠭᠤᠷᠪᠠᠨ ᠲᠠᠯ᠎ᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠤ ᠦᠭᠡ ᠬᠡᠯᠡᠪᠡ
ᠨᠡᠶᠢᠲᠡᠯᠡᠭᠰᠡᠨ ᠴᠠᠭ᠄
2025/5/30
    ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ    ᠯᠢ ᠴᠢᠶᠠᠩ        ︵ 2025 ᠣᠨ ᠤ 5 ᠳ᠋ᠤᠭᠠᠷ ᠰᠠᠷ᠎ᠠ ᠶᠢᠨ 27 ᠤ ᠡᠳᠦᠷ᠂ ᠺᠦᠸᠠᠯᠠ ᠯᠦᠮᠫᠦ᠋ᠷ ︶ᠬᠦᠨᠳᠦᠲᠦ ᠠᠨᠸᠠᠷ ᠶᠡᠷᠦᠩᠬᠡᠢ ᠰᠠᠶᠢᠳ᠂ᠡᠷᠬᠢᠮ ᠵᠣᠴᠢᠳ᠂ ᠠᠵᠤ ᠠᠬᠤᠶᠢᠯᠠᠯᠲᠠᠳ᠂ ᠠᠪᠠᠭ᠋ᠠᠢ ᠨᠠᠷ᠂ ᠠᠪᠤᠭᠠᠢ ᠨᠠᠷ ᠠ᠋ ᠄  ᠲᠠ ᠪᠥᠬᠦᠨ ᠲᠠᠢ ᠺᠦᠸᠠᠯᠠ ᠯᠦᠮᠫᠦ᠋ᠷ ᠲᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ — ᠳᠤᠮᠳᠠᠳᠤ ᠤᠯᠤᠰ — ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠭᠤᠷᠪᠠᠨ ᠲᠠᠯ᠎ᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠳᠤ ᠪᠠᠨ ᠮᠠᠰᠢ ᠪᠠᠶᠠᠷᠲᠠᠢ ᠪᠠᠶᠢᠨ᠎ᠠ᠃  ᠥᠨᠥᠳᠥᠷ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ — ᠳᠤᠮᠳᠠᠳᠤ ᠤᠯᠤᠰ — ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠲᠦᠷᠦᠭᠦᠴᠦᠳ ᠤᠨ ᠬᠤᠷᠠᠯ ᠠᠮᠵᠢᠯᠲᠠ ᠲᠠᠢ ᠬᠤᠷᠠᠯᠳᠤᠵᠤ᠂ ᠭᠤᠷᠪᠠᠨ ᠲᠠᠯ᠎ᠠ ᠶᠢᠨ ᠬᠠᠨᠢᠲᠠᠨ ᠤ ᠬᠠᠷᠢᠴᠠᠭ᠎ᠠ ᠶᠢ ᠴᠢᠩᠭᠠᠳᠬᠠᠬᠤ ᠶᠢ ᠵᠥᠪᠰᠢᠶᠡᠷᠡᠵᠦ᠂ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ᠃ ᠬᠤᠷᠠᠯ ᠳᠡᠭᠡᠷ᠎ᠡ᠂ ᠡᠯ᠎ᠡ ᠤᠯᠤᠰ ᠤᠨ ᠤᠳᠤᠷᠢᠳᠬᠤ ᠬᠥᠮᠥᠰ ︽ᠠᠵᠠ ᠲᠣᠬᠢᠶᠠᠯ ᠢ ᠬᠠᠮᠲᠤ ᠪᠠᠷ ᠡᠭᠦᠳᠴᠦ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠶ᠎ᠡ︾ ᠭᠡᠬᠦ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠪᠠ᠃ ᠣᠳᠣᠬᠠᠨ ᠳᠠᠬᠢ ᠪᠦᠬᠦ ᠪᠥᠮᠪᠥᠷᠴᠡᠭ ᠤᠨ ᠤᠯᠤᠰ ᠲᠦᠷᠦ ᠠᠵᠤ ᠠᠬᠤᠢ ᠶᠢᠨ ᠲᠥᠯᠥᠪ ᠪᠠᠶᠢᠳᠠᠯ ᠳᠤ ᠶᠠᠭ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠭᠠᠷᠴᠤ᠂ ᠡᠯ᠎ᠡ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠠᠮᠲᠤ ᠶᠢᠨ ᠬᠠᠲᠠᠭᠤ ᠰᠢᠯᠭᠠᠯᠲᠠ ᠢᠯᠡᠳᠲᠡ ᠨᠡᠮᠡᠭᠳᠡᠵᠦ᠂ ᠬᠥᠭᠵᠢᠯᠲᠡ ᠶᠢᠨ ᠠᠵᠠ ᠲᠣᠬᠢᠶᠠᠯ ᠤᠯᠠᠮ ᠢᠶᠠᠷ ᠬᠤᠪᠣᠷ ᠨᠠᠨᠳᠢᠨ ᠪᠣᠯᠵᠤ᠂ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠨᠡᠩ ᠲᠤᠯᠭᠠᠮ᠎ᠠ ᠪᠣᠯᠵᠤ᠂ ᠨᠡᠩ ᠬᠤᠯᠠ ᠶᠢᠨ ᠬᠠᠷᠠᠴᠠ ᠲᠠᠢ ᠪᠠᠶᠢᠬᠤ ᠶᠢ ᠱᠠᠭᠠᠷᠳᠠᠵᠤ ᠪᠠᠶᠢᠨ᠎ᠠ ᠭᠡᠵᠦ ᠣᠯᠠᠨ ᠢᠶᠠᠷ ᠢᠶᠠᠨ ᠦᠵᠡᠵᠡᠭᠡᠵᠦ ᠪᠤᠢ᠃ ᠢᠩᠭᠢᠵᠦ ᠭᠦᠨᠵᠡᠭᠡᠢ ᠰᠤᠳᠤᠯᠤᠨ ᠶᠠᠷᠢᠯᠴᠠᠬᠤ  ᠨᠢ ᠮᠠᠰᠢ ᠤᠳᠬ᠎ᠠ ᠠᠭᠤᠯᠭ᠎ᠠ ᠲᠠᠢ᠂ ᠲᠡᠭᠦᠨ ᠢ ᠪᠠᠨ ᠦᠢᠯᠡᠳᠪᠦᠷᠢ ᠬᠤᠳᠠᠯᠳᠤᠭᠠᠨ ᠤ ᠡᠲᠡᠭᠡᠳ ᠢ ᠪᠠᠭᠲᠠᠭᠠᠭᠰᠠᠨ ᠡᠯ᠎ᠡ ᠲᠠᠯ᠎ᠠ ᠳᠤ ᠬᠦᠷᠲᠡᠯ᠎ᠡ ᠥᠷᠭᠡᠳᠬᠡᠵᠦ᠂ ᠡᠭᠦᠨ ᠤ ᠤᠯᠠᠮ ᠠᠴᠠ ᠨᠡᠩ ᠶᠡᠭᠡ ᠬᠡᠪᠴᠢᠶᠡᠨ ᠳᠤ ᠤᠶᠤᠨ ᠤᠬᠠᠭᠠᠨ ᠪᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠪᠠᠯ ᠵᠣᠬᠢᠨ᠎ᠠ ᠭᠡᠵᠦ ᠪᠢ ᠪᠤᠳᠤᠵᠦ ᠪᠠᠶᠢᠨ᠎ᠠ᠃ ᠡᠨᠡ ᠲᠠᠰᠢᠷᠠᠮ ᠢᠶᠠᠷ ᠲᠠ ᠨᠠᠷ ᠤᠯᠠᠨ ᠲᠠᠢ ᠭᠤᠷᠪᠠᠨ ᠲᠠᠯ᠎ᠠ ᠶᠢᠨ ᠦᠵᠡᠯᠲᠡ ᠪᠠᠨ ᠳᠤᠷᠠᠲᠠᠶ᠎ᠠ ᠬᠤᠪᠢᠶᠠᠯᠴᠠᠶ᠎ᠠ᠃  ᠨᠢᠭᠡᠳᠦᠭᠡᠷ ᠲᠤ᠂ ᠣᠳᠣᠬᠠᠨ ᠤ ᠴᠠᠭ ᠤᠨ ᠪᠠᠶᠢᠳᠠᠯ ᠳᠣᠣᠷ᠎ᠠ᠂ ᠪᠢᠳᠡ ᠬᠠᠲᠠᠭᠤ ᠰᠢᠯᠭᠠᠯᠲᠠ ᠶᠢ ᠬᠠᠮᠲᠤ ᠪᠠᠷ ᠠᠷᠭᠠᠴᠠᠭᠠᠵᠤ ᠴᠢᠳᠠᠭᠰᠠᠨ ᠨᠢ ᠳᠠᠷᠤᠢ ᠠᠵᠠ ᠲᠣᠬᠢᠶᠠᠯ ᠢ ᠡᠭᠦᠳᠴᠦ ᠪᠠᠶᠢᠭ᠎ᠠ ᠶᠠᠪᠤᠳᠠᠯ ᠮᠥᠨ᠃ ᠣᠳᠣᠬᠠᠨ ᠳᠤ᠂ ᠠᠵᠤ ᠠᠬᠤᠢ ᠶᠢᠨ ᠳᠡᠯᠡᠬᠡᠶᠢᠵᠢᠯᠲᠡ ᠶᠠᠭ ᠤᠷᠢᠳᠤ ᠡᠮᠦᠨ᠎ᠡ ᠪᠠᠶᠢᠭ᠎ᠠ ᠦᠭᠡᠢ ᠴᠢᠬᠤᠯᠠ ᠶᠡᠭᠡ ᠳᠠᠭᠠᠷᠢᠯᠲᠠ ᠶᠢ ᠥᠩᠭᠡᠷᠡᠭᠡᠵᠦ᠂ ᠡᠩᠬᠡ ᠲᠠᠶᠢᠪᠤᠩ ᠬᠥᠭᠵᠢᠯᠲᠡ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠵᠡᠷᠭᠡ ᠤᠷᠳᠤ ᠬᠤᠭᠤᠴᠠᠭ᠎ᠠ ᠪᠠᠷ ᠪᠠᠷᠢᠮᠲᠠᠯᠠᠭᠰᠠᠭᠠᠷ ᠢᠷᠡᠭᠰᠡᠨ ᠦᠷᠳᠡᠭ ᠤᠨ ᠣᠨᠣᠯᠵᠢᠬᠤᠨ ᠬᠦᠨᠳᠦ ᠪᠡᠷᠬᠡ ᠬᠠᠲᠠᠭᠤ ᠰᠢᠯᠭᠠᠯᠲᠠ ᠳᠤ ᠤᠴᠠᠷᠠᠵᠤ ᠪᠠᠶᠢᠨ᠎ᠠ᠃ ᠪᠢᠳᠡ ᠡᠳᠡᠭᠡᠷ ᠠᠰᠠᠭᠤᠳᠠᠯ ᠢ ᠬᠠᠮᠲᠤ ᠪᠠᠷ ᠰᠠᠶᠢᠲᠤᠷ ᠠᠷᠭᠠᠴᠠᠭᠠᠬᠤ  ᠨᠢ ᠭᠤᠷᠪᠠᠨ ᠲᠠᠯ᠎ᠠ ᠶᠢᠨ ᠤᠯᠤᠰ ᠤᠳ ᠲᠤ ᠴᠢᠬᠤᠯᠠ ᠠᠵᠠ ᠲᠣᠬᠢᠶᠠᠯ ᠠᠪᠴᠢᠷᠠᠬᠤ ᠪᠣᠯᠣᠨ᠎ᠠ᠃ ᠭᠠᠵᠠᠷ ᠣᠷᠣᠨ ᠤ ᠮᠥᠷᠭᠦᠯᠳᠦᠭᠡᠨ ᠪᠠ ᠡᠰᠡᠷᠭᠦᠴᠡᠯᠳᠦᠯ ᠬᠤᠷᠴᠠᠳᠴᠤ ᠪᠠᠶᠢᠭ᠎ᠠ ᠪᠠᠶᠢᠳᠠᠯ ᠤᠨ ᠡᠮᠦᠨ᠎ᠡ ᠪᠢᠳᠡ ᠢᠲᠡᠭᠡᠯᠴᠡᠭᠡ ᠪᠠᠨ ᠭᠦᠨᠵᠡᠭᠡᠶᠢᠷᠡᠭᠦᠯᠦᠨ᠂ ᠪᠦᠯᠬᠦᠮᠳᠡᠯ ᠢᠶᠠᠨ ᠴᠢᠩᠭᠠᠳᠬᠠᠪᠠᠯ ᠰᠠᠶ᠋ᠢ ᠠᠯᠤᠰ ᠤᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠡᠭᠦᠳᠴᠦ ᠴᠢᠳᠠᠬᠤ ᠶᠤᠮ᠃ ᠥᠩᠭᠡᠷᠡᠭᠰᠡᠨ ᠬᠡᠳᠦᠨ ᠠᠷᠪᠠᠨ ᠵᠢᠯ ᠤᠨ ᠠᠽᠢᠶ᠎ᠠ ᠲᠢᠪ ᠤᠨ ᠲᠦᠷᠭᠡᠨ ᠬᠥᠭᠵᠢᠯᠲᠡ ᠶᠢᠨ ᠥᠩᠭᠡᠷᠡᠯᠲᠡ ᠨᠢ ᠪᠦᠯᠬᠦᠮᠳᠡᠨ ᠢᠲᠡᠭᠡᠯᠴᠡᠬᠦ ᠪᠠ ᠡᠩᠬᠡ ᠲᠣᠭᠲᠠᠭᠤᠨ ᠪᠠᠶᠢᠪᠠᠯ ᠰᠠᠶ᠋ᠢ ᠬᠥᠭᠵᠢᠯ ᠴᠡᠴᠡᠭᠯᠡᠯ ᠢ ᠠᠪᠴᠢᠷᠠᠵᠤ ᠴᠢᠳᠠᠨ᠎ᠠ ᠭᠡᠳᠡᠭ ᠢ ᠭᠦᠨᠵᠡᠭᠡᠢ ᠬᠠᠷᠠᠭᠤᠯᠤᠭᠰᠠᠨ ᠪᠠᠶᠢᠨ᠎ᠠ᠃ ᠡᠯ᠎ᠡ ᠤᠯᠤᠰ ᠪᠣᠯ ᠬᠤᠪᠢ ᠵᠠᠶᠠᠭ᠎ᠠ ᠪᠠᠨ ᠬᠤᠯᠪᠣᠭᠰᠠᠨ ᠪᠦᠬᠦᠯᠢ ᠴᠣᠭᠴᠠ ᠮᠥᠨ᠂ ᠬᠡᠷᠪᠡ ᠢᠲᠡᠭᠡᠯᠴᠡᠭᠡ ᠳᠤᠲᠠᠭᠳᠠᠪᠠᠯ ᠵᠥᠷᠢᠴᠡᠯ ᠡᠭᠦᠰᠦᠨ ᠶᠡᠬᠡᠰᠴᠦ᠂ ᠬᠠᠮᠲᠤᠷᠠᠯᠴᠠᠭ᠎ᠠ ᠬᠢᠬᠦ ᠶᠢᠨ ᠠᠷᠭ᠎ᠠ ᠦᠭᠡᠢ ᠪᠣᠯᠣᠨ᠎ᠠ︔ ᠪᠦᠯᠬᠦᠮᠳᠡᠨ ᠢᠲᠡᠭᠡᠯᠴᠡᠬᠦ ᠪᠠᠨ ᠴᠢᠩᠭᠠᠳᠬᠠᠪᠠᠯ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠠᠷᠢᠯᠴᠠᠨ ᠳᠡᠮᠵᠢᠵᠦ᠂ ᠨᠡᠩ ᠶᠡᠭᠡ ᠬᠡᠪᠴᠢᠶᠡᠨ ᠤ᠂ ᠨᠡᠩ ᠦᠷᠭᠦᠯᠵᠢᠯᠡᠬᠦᠶᠢᠴᠡ ᠥᠨᠳᠥᠷ ᠲᠦᠪᠰᠢᠨᠲᠦ ᠠᠵᠤ ᠠᠬᠤᠢ ᠶᠢᠨ ᠬᠠᠮᠲᠤᠷᠠᠯᠴᠠᠭ᠎ᠠ ᠶᠢ ᠪᠤᠢ ᠪᠣᠯᠭᠠᠵᠤ᠂ ᠤᠷᠳᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠬᠠᠮᠠᠭᠠᠯᠠᠬᠤ ᠦᠵᠡᠯ ᠪᠠ ᠭᠠᠭᠴᠠ ᠲᠠᠯᠠᠲᠤ ᠦᠵᠡᠯ ᠴᠣᠬᠤᠶᠢᠨ ᠥᠨᠳᠡᠶᠢᠵᠦ ᠪᠠᠶᠢᠭ᠎ᠠ ᠦᠶ᠎ᠡ ᠳᠤ ᠪᠢᠳᠡ ᠨᠡᠭᠡᠭᠡᠯᠲᠡ ᠶᠢ ᠥᠷᠭᠡᠳᠬᠡᠬᠦ᠂ ᠬᠤᠷᠢᠭ᠎ᠠ ᠶᠢ ᠠᠷᠢᠯᠭᠠᠬᠤ ᠶᠢ ᠪᠠᠷᠢᠮᠲᠠᠯᠠᠪᠠᠯ ᠰᠠᠶ᠋ᠢ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠡᠭᠦᠳᠴᠦ ᠴᠢᠳᠠᠨ᠎ᠠ᠃ ᠭᠤᠷᠪᠠᠨ ᠲᠠᠯ᠎ᠠ ᠶᠢᠨ ᠤᠯᠤᠰ ᠤᠳ ᠪᠣᠯ ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ ᠬᠦᠷᠳᠡᠭᠴᠢ ᠮᠥᠨ᠂ ᠳᠡᠯᠡᠬᠡᠢ ᠶᠢᠨ ᠵᠠᠬ᠎ᠠ ᠳᠡᠯᠭᠡᠭᠦᠷ ᠲᠤ ᠠᠭᠤᠰᠤᠯᠴᠠᠬᠤ ᠶᠠᠪᠤᠴᠠ ᠳᠤ ᠬᠥᠭᠵᠢᠯᠲᠡ ᠶᠢᠨ ᠮᠠᠰᠢ ᠶᠡᠭᠡ ᠠᠵᠠ ᠲᠣᠬᠢᠶᠠᠯ ᠢ ᠣᠯᠪᠠ ᠃ ᠭᠤᠷᠪᠠᠨ ᠲᠠᠯ᠎ᠠ ᠶᠢᠨ ᠵᠠᠬ᠎ᠠ ᠳᠡᠯᠭᠡᠭᠦᠷ ᠤᠨ ᠬᠤᠯᠪᠣᠯᠳᠤᠨ ᠨᠡᠪᠲᠡᠷᠡᠯᠴᠡᠬᠦ ᠨᠢ ᠪᠦᠬᠦ ᠪᠥᠮᠪᠥᠷᠴᠡᠭ ᠲᠠᠬᠢ ᠬᠡᠪᠴᠢᠶ᠎ᠡ ᠪᠠᠷ ᠬᠠᠮᠤᠭ ᠤᠨ ᠶᠡᠭᠡ ᠣᠷᠣᠨ ᠪᠦᠰᠡ ᠶᠢᠨ ᠵᠠᠬ᠎ᠠ ᠳᠡᠯᠭᠡᠭᠦᠷ ᠤᠨ ᠨᠢᠭᠡ ᠶᠢ ᠪᠦᠷᠢᠯᠳᠦᠭᠦᠯᠵᠦ᠂ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠵᠤ᠂ ᠡᠯ᠎ᠡ ᠤᠯᠤᠰ ᠤᠨ ᠲᠣᠮᠣ ᠵᠠᠬ᠎ᠠ ᠳᠡᠯᠭᠡᠭᠦᠷ ᠢ ᠬᠠᠮᠲᠤ ᠪᠠᠷ ᠪᠠᠶᠢᠭᠤᠯᠬᠤ ᠶᠠᠪᠤᠴᠠ ᠳᠤ ᠪᠠᠨ ᠨᠡᠩ ᠡᠯᠪᠡᠭ ᠠᠰᠢᠭ ᠲᠤᠰᠠ ᠶᠢ ᠬᠠᠮᠲᠤ ᠪᠠᠷ ᠡᠳ᠋ᠯᠡᠬᠦ ᠪᠣᠯᠣᠨ᠎ᠠ ᠃ ︽ᠬᠠᠷᠢᠴᠠᠭ᠎ᠠ ᠪᠠᠨ ᠰᠠᠯᠭᠠᠵᠤ ᠬᠡᠯᠬᠢᠶ᠎ᠡ ᠪᠠᠨ ᠲᠠᠰᠤᠯᠬᠤ︾ ᠪᠠ ︽ᠬᠡᠷᠡᠮ ᠪᠣᠰᠬᠠᠨ ᠬᠤᠷᠢᠭ᠎ᠠ ᠪᠠᠶᠢᠭᠤᠯᠬᠤ ︾ ᠪᠠᠶᠢᠳᠠᠯ ᠣᠯᠠᠰᠢᠷᠠᠭᠰᠠᠨ ᠪᠠᠶᠢᠳᠠᠯ ᠤᠨ ᠡᠮᠦᠨ᠎ᠡ ᠪᠢᠳᠡ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠂ ᠬᠠᠷᠢᠯᠴᠠᠨ ᠡᠷᠴᠢᠮᠵᠢᠭᠦᠯᠬᠦ ᠶᠢ ᠪᠠᠷᠢᠮᠲᠠᠯᠠᠪᠠᠯ ᠰᠠᠶ᠋ᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠵᠠ ᠲᠣᠬᠢᠶᠠᠯ ᠢ ᠡᠭᠦᠳᠴᠦ ᠴᠢᠳᠠᠨ᠎ᠠ᠃ ᠡᠯ᠎ᠡ ᠤᠯᠤᠰ ᠤᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠪᠦᠲᠦᠴᠡ ᠨᠢ ᠪᠦᠷ ᠠᠳᠠᠯᠢ ᠪᠤᠰᠤ ᠪᠠᠶᠢᠳᠠᠭ᠃ ᠤᠯᠠᠨ ᠤᠯᠤᠰ ᠤᠨ ᠠᠵᠤ ᠦᠢᠯᠡᠰ ᠤᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠷ ᠢᠶᠠᠨ ᠪᠤᠰᠤᠳ ᠤᠯᠤᠰ ᠢ ᠡᠷᠴᠢᠮᠵᠢᠭᠦᠯᠵᠦ ᠂ ᠪᠤᠰᠤᠳ ᠤᠯᠤᠰ ᠤᠨ ᠳᠠᠪᠠᠭᠤᠯᠢᠭ ᠢᠶᠠᠷ ᠥᠪᠡᠷ ᠢ ᠪᠠᠨ ᠬᠥᠭᠵᠢᠭᠦᠯᠪᠡᠯ᠂ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠭᠦᠯᠵᠦ᠂ ᠡᠯ᠎ᠡ ᠤᠯᠤᠰ ᠤᠨ ᠠᠵᠤ ᠦᠢᠯᠡᠰ ᠤᠨ ᠦᠢᠯᠡᠳᠦᠯ ᠴᠢᠳᠠᠪᠤᠷᠢ ᠪᠠ ᠦᠷᠭᠦᠯᠵᠢᠯᠡᠬᠦᠶᠢᠴᠡ ᠬᠥᠭᠵᠢᠯᠲᠡ ᠶᠢᠨ ᠬᠥᠳᠡᠯᠭᠡᠭᠴᠢ ᠬᠦᠴᠦᠨ ᠢ ᠨᠡᠮᠡᠭᠳᠡᠭᠦᠯᠵᠦ ᠴᠢᠳᠠᠨ᠎ᠠ᠃  ᠬᠤᠶᠠᠳᠤᠭᠠᠷ ᠲᠤ᠂ ᠳᠤᠮᠳᠠᠳᠤ ᠤᠯᠤᠰ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠤᠳ ᠤᠨ ᠨᠥᠬᠦᠷᠰᠡᠭ ᠬᠠᠮᠲᠤᠷᠠᠯᠴᠠᠭ᠎ᠠ ᠥᠨᠢ ᠤᠳᠠᠭᠠᠨ ᠲᠡᠦᠬᠡ ᠲᠠᠢ ᠪᠠᠶᠢᠵᠤ᠂ ᠨᠡᠩ ᠰᠠᠶᠢᠨ ᠢᠷᠡᠭᠡᠳᠦᠢ ᠲᠠᠢ ᠪᠣᠯᠬᠤ ᠪᠣᠯᠣᠨ᠎ᠠ ᠃ 2000 ᠭᠠᠷᠤᠢ ᠵᠢᠯ ᠤᠨ ᠡᠮᠦᠨ᠎ᠡ ᠳᠤᠮᠳᠠᠳᠤ ᠤᠯᠤᠰ ᠤᠨ ᠠᠩᠬᠠᠳᠠᠭᠴᠢ ᠲᠡᠮᠡᠭᠡᠨ ᠵᠢᠩ ᠳᠤᠮᠳᠠᠳᠤ ᠳᠣᠷᠣᠨᠠᠲᠤ ᠳᠤ ᠬᠦᠷᠴᠦ᠂ ᠠᠩᠬᠠᠳᠠᠭᠴᠢ ᠣᠩᠭᠤᠴᠠᠨ ᠠᠩᠭᠢ ᠡᠮᠦᠨᠡᠲᠦ ᠲᠠᠯᠠᠢ ᠳᠠᠭᠠᠤ ᠣᠷᠣᠨ ᠳᠤ ᠬᠦᠷᠦᠭᠰᠡᠨ ᠠᠴᠠ ᠡᠬᠢᠯᠡᠨ᠂ ᠭᠤᠷᠪᠠᠨ ᠲᠠᠯ᠎ᠠ ᠶᠢᠨ ᠤᠯᠤᠰ ᠤᠳ ᠤᠨ ᠠᠵᠤ ᠠᠬᠤᠢ ᠠᠷᠠᠯᠵᠢᠶ᠎ᠠ ᠪᠠ ᠬᠥᠮᠥᠨ ᠰᠣᠶᠣᠯ ᠤᠨ ᠶᠠᠪᠤᠯᠴᠠᠭ᠎ᠠ 20 ᠭᠠᠷᠤᠢ ᠵᠠᠭᠤᠨ ᠢ ᠳᠠᠪᠠᠵᠤ᠂ ᠢᠮᠠᠭᠲᠠ ᠲᠠᠰᠤᠷᠠᠯᠳᠡ ᠦᠭᠡᠢ ᠦᠷᠭᠦᠯᠵᠢᠯᠡᠵᠦ᠂ ᠶᠠᠪᠤᠬᠤ ᠳᠤᠳᠤᠮ ᠰᠢᠨᠡᠳᠴᠦ ᠢᠷᠡᠪᠡ᠃ ᠲᠡᠦᠬᠡ ᠶᠢᠨ ᠭᠦᠨ ᠵᠤᠵᠠᠭᠠᠨ ᠥᠪ ᠤᠯᠠᠮᠵᠢᠯᠠᠯ ᠠᠴᠠ ᠦᠵᠡᠬᠦ ᠳᠤ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠯᠠᠪᠳᠠᠶ᠎ᠠ ᠦᠷᠭᠦᠯᠵᠢᠯᠡᠨ ᠭᠢᠯᠠᠯᠵᠠᠮ᠎ᠠ ᠠᠮᠵᠢᠯᠲᠠ ᠣᠯᠬᠤ ᠶᠤᠮ ᠃ ᠪᠢᠳᠡ ᠨᠡᠩ ᠭᠦᠢᠴᠡᠳ ᠬᠥᠭᠵᠢᠯᠲᠡ ᠶᠢᠨ ᠣᠷᠣᠨ ᠵᠠᠢ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ ᠤᠯᠤᠰ ᠤᠳ ᠤᠨ ᠶᠡᠷᠦᠩᠬᠡᠢ ᠬᠥᠮᠥᠨ ᠠᠮᠠ ᠪᠠ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢ ᠪᠦᠬᠦ ᠪᠥᠮᠪᠥᠷᠴᠡᠭ ᠤᠨ ᠳᠥᠷᠪᠡᠨ ᠤ ᠨᠢᠭᠡ ᠶᠢ ᠡᠵᠡᠯᠡᠵᠦ ᠪᠠᠶᠢᠭ᠎ᠠ ᠪᠣᠯᠪᠠᠴᠤ᠂ ᠣᠳᠣᠬᠠᠨ ᠳᠤ ᠠᠷᠠᠯᠵᠢᠶᠠᠨ ᠤ ᠶᠡᠷᠦᠩᠬᠡᠢ ᠬᠡᠮᠵᠢᠶ᠎ᠡ ᠨᠢ ᠪᠦᠬᠦ ᠪᠥᠮᠪᠥᠷᠴᠡᠭ ᠤᠨ ᠪᠠᠷᠤᠭ 5% ᠶᠢ ᠯᠠ ᠡᠵᠡᠯᠡᠵᠦ ᠪᠠᠶᠢᠭ᠎ᠠ ᠪᠣᠯᠬᠤᠷ ᠪᠠᠰᠠ ᠮᠠᠰᠢ ᠶᠡᠭᠡ ᠳᠠᠯᠳᠠ ᠬᠦᠴᠦᠨ ᠲᠠᠢ ᠪᠢᠯᠡ᠃ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠦᠷᠭᠦᠯᠵᠢᠯᠡᠨ ᠭᠦᠨᠵᠡᠭᠡᠶᠢᠷᠡᠬᠦ ᠶᠢ ᠳᠠᠭᠠᠯᠳᠤᠨ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠲᠠᠰᠤᠷᠠᠰᠢ ᠦᠭᠡᠢ ᠨᠡᠮᠡᠭᠳᠡᠯ ᠢ ᠪᠣᠢ ᠪᠣᠯᠭᠠᠵᠤ ᠂ ᠡᠯ᠎ᠡ ᠤᠯᠤᠰ ᠤᠨ ᠬᠥᠭᠵᠢᠯᠲᠡ ᠵᠢᠴᠢ ᠠᠵᠤ ᠠᠬᠤᠶᠢᠯᠠᠯ ᠤᠨ ᠪᠤᠶᠢᠵᠢᠯᠲᠠ ᠶᠢ ᠬᠦᠴᠦᠲᠡᠢ ᠠᠬᠢᠭᠤᠯᠬᠤ ᠪᠣᠯᠣᠨ᠎ᠠ᠃ ᠪᠢᠳᠡ ᠨᠡᠩ ᠥᠨᠳᠥᠷ ᠬᠢᠷᠢ ᠲᠦᠪᠰᠢᠨ ᠪᠦᠬᠦᠢ ᠠᠵᠤ ᠠᠬᠤᠢ ᠶᠢᠨ ᠦᠷ᠎ᠡ ᠠᠰᠢᠭ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ ᠤᠯᠤᠰ ᠤᠳ ᠤᠨ ᠬᠦᠴᠦᠨ ᠵᠦᠢᠯ ᠤᠨ ᠰᠠᠭᠠᠳ ᠦᠭᠡᠢ ᠰᠢᠯᠵᠢᠯᠲᠡ ᠪᠠ ᠠᠵᠤ ᠦᠢᠯᠡᠰ ᠤᠨ ᠵᠣᠯᠭᠠᠯᠴᠠᠭ᠎ᠠ ᠬᠠᠮᠵᠢᠯᠴᠠᠭ᠎ᠠ ᠨᠢ ᠥᠪᠡᠷ ᠤᠨ ᠦᠷᠳᠡᠭ ᠢᠶᠠᠷ ᠨᠡᠩ ᠳᠣᠣᠷ᠎ᠠ ᠡᠨᠧᠷᠭᠢ ᠶᠢᠨ ᠡᠬᠢ ᠪᠠᠶᠠᠯᠢᠭ᠂ ᠪᠠᠷᠠᠭᠠᠨ ᠤ ᠭᠦᠢᠯᠭᠡᠭᠡᠨ ᠤ ᠨᠡᠩ ᠥᠨᠳᠥᠷ ᠪᠦᠲᠦᠮᠵᠢᠲᠡᠢ ᠲᠣᠭᠲᠠᠯᠴᠠᠭ᠎ᠠ ᠂ ᠮᠥᠩᠭᠦᠨ ᠭᠦᠢᠯᠭᠡᠭᠡᠨ ᠤ ᠨᠡᠩ ᠳᠥᠭᠦᠮ ᠳᠥᠲᠡ ᠦᠢᠯᠡᠴᠢᠯᠡᠭᠡ᠂ ᠨᠡᠩ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠣᠢ ᠪᠣᠯᠭᠠᠬᠤ ᠶᠢ ᠬᠠᠷᠠᠭᠤᠯᠵᠤ ᠪᠣᠢ ᠂ ᠡᠨᠡ ᠨᠢ ᠭᠤᠷᠪᠠᠨ ᠲᠠᠯ᠎ᠠ ᠶᠢᠨ ᠠᠵᠤ ᠠᠬᠤᠢ ᠶᠢᠨ ᠥᠷᠢᠰᠦᠯᠳᠦᠬᠦ ᠬᠦᠴᠦᠨ ᠪᠠ ᠤᠶᠠᠨ ᠬᠠᠳᠠᠨ ᠴᠢᠨᠠᠷ ᠢ ᠢᠯᠡᠳᠲᠡ ᠳᠡᠭᠡᠭᠰᠢᠯᠡᠭᠦᠯᠵᠦ᠂ ᠨᠡᠩ ᠦᠷ᠎ᠡ ᠠᠰᠢᠭ ᠲᠠᠢ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠬᠦ ᠪᠣᠯᠣᠨ᠎ᠠ᠃ ᠪᠢᠳᠡ ᠨᠡᠩ ᠰᠠᠶᠢᠨ ᠠᠮᠢᠵᠢᠷᠠᠯ ᠤᠨ ᠬᠦᠴᠦᠨ ᠲᠠᠢ ᠰᠢᠨ᠎ᠡ ᠡᠭᠦᠳᠦᠯᠲᠡ ᠶᠢᠨ ᠠᠮᠢ ᠠᠬᠤᠢ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ ᠤᠯᠤᠰ ᠤᠳ ᠤᠨ ᠰᠢᠨ᠎ᠡ ᠡᠭᠦᠳᠦᠯᠲᠡ  ᠨᠢ ᠴᠥᠮ ᠮᠠᠰᠢ ᠬᠥᠭᠵᠢᠶᠡᠨᠲᠡᠢ ᠪᠥᠭᠡᠳ ᠥᠪᠡᠷ ᠥᠪᠡᠷ ᠤᠨ ᠣᠨᠴᠠᠯᠢᠭ ᠲᠠᠢ ᠶᠤᠮ᠃ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠡᠯ᠎ᠡ ᠤᠯᠤᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠰᠣᠯᠢᠯᠴᠠᠭ᠎ᠠ ᠬᠢᠵᠦ ᠬᠠᠷᠢᠯᠴᠠᠨ ᠲᠣᠯᠢᠳᠠᠬᠤ᠂ ᠳᠠᠪᠠᠭᠤᠯᠢᠭ ᠢᠶᠠᠨ ᠠᠭᠤᠰᠤᠯᠴᠠᠭᠤᠯᠤᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠳᠤ ᠰᠤᠳᠤᠯᠤᠨ ᠨᠡᠭᠡᠭᠡᠬᠦ ᠴᠢᠨᠠᠷᠯᠢᠭ ᠲᠤᠯᠭᠠᠭᠤᠷᠢᠯᠠᠯ ᠪᠠ ᠬᠡᠷᠡᠭᠯᠡᠯᠲᠡ ᠶᠢᠨ ᠣᠯᠠᠨ ᠠᠬᠤᠢ ᠪᠠᠶᠢᠳᠠᠯ ᠢ ᠬᠠᠩᠭᠠᠨ ᠥᠭᠴᠦ ᠂ ᠨᠡᠩ ᠤᠯᠠᠨ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠶᠢᠵᠢᠭᠤᠯᠵᠤ᠂ ᠪᠦᠬᠦ ᠪᠥᠮᠪᠥᠷᠴᠡᠭ ᠤᠨ ᠰᠢᠨ᠎ᠡ ᠶᠢ ᠡᠭᠦᠳᠬᠦ ᠲᠥᠯᠥᠪ ᠪᠠᠶᠢᠳᠠᠯ ᠳᠠᠬᠢ ᠭᠤᠷᠪᠠᠨ ᠲᠠᠯ᠎ᠠ ᠶᠢᠨ ᠬᠢᠨ ᠤ ᠪᠣᠳᠠᠲᠤ ᠬᠦᠴᠦᠨ ᠪᠠ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃  ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠢᠯᠡᠷᠡᠭᠡᠳᠦᠢ ᠣᠷᠣᠨ ᠵᠠᠢ ᠬᠢᠵᠠᠭᠠᠷ ᠦᠭᠡᠢ ᠪᠠᠶᠢᠵᠤ ᠂ ᠪᠢᠳᠡ ᠪᠣᠳᠠᠲᠤ ᠠᠵᠢᠯᠯᠠᠭ᠎ᠠ ᠪᠠᠷ ᠢᠷᠡᠭᠡᠳᠦᠢ ᠪᠠᠨ ᠨᠡᠩ ᠰᠠᠶᠢᠲᠤᠷ ᠡᠵᠡᠮᠳᠡᠨ ᠴᠣᠭᠴᠠᠯᠠᠬᠤ ᠴᠢᠬᠤᠯᠠᠲᠠᠢ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠤᠳ ᠯᠤᠭ᠎ᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠬᠠᠮᠲᠤ ᠪᠠᠷ ᠴᠢᠩᠭᠠᠳᠬᠠᠵᠤ᠂ ᠣᠷᠣᠨ ᠪᠦᠰᠡ ᠶᠢᠨ ᠨᠢᠭᠡ ᠴᠣᠭᠴᠠᠵᠢᠯᠲᠠ ᠶᠢᠨ ᠬᠠᠮᠲᠤᠷᠠᠯᠴᠠᠭ᠎ᠠ ᠶᠢ ᠬᠠᠮᠲᠤ ᠪᠠᠷ ᠭᠦᠨᠵᠡᠭᠡᠶᠢᠷᠡᠭᠦᠯᠵᠦ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠪᠠ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠤ ᠵᠡᠷᠭᠡ ᠪᠠᠷ ᠪᠢᠳᠡ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ ᠤᠯᠠᠨ ᠤᠯᠤᠰ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠬᠤ ᠶᠢ ᠠᠬᠢᠭᠤᠯᠬᠤ ᠴᠢᠬᠤᠯᠠᠲᠠᠢ ᠪᠠᠶᠢᠨ᠎ᠠ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ ᠂ ᠪᠢᠳᠡ ᠬᠠᠮᠲᠤ ᠪᠠᠷ ᠲᠡᠷᠢᠭᠦᠨ ᠲᠣᠬᠢᠶᠠᠯ ᠢ ᠠᠮᠵᠢᠵᠤ᠂ ᠳᠡᠭᠡᠳᠦ ᠮᠡᠷᠭᠡᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶᠡᠨ ᠤ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠭᠤᠷᠪᠠᠨ ᠲᠠᠯ᠎ᠠ ᠶᠢᠨ ᠬᠠᠮᠲᠤ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠡ ᠃  ᠭᠤᠷᠪᠠᠳᠤᠭᠠᠷ ᠲᠤ᠂ ᠳᠤᠮᠳᠠᠳᠤ ᠤᠯᠤᠰ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠢᠶᠠᠨ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠳᠤ ᠲᠠᠰᠤᠷᠠᠯᠲᠠ ᠦᠭᠡᠢ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠨ᠎ᠡ᠃ ᠬᠥᠭᠵᠢᠯᠲᠡ ᠶᠢᠨ ᠪᠠᠶᠢᠳᠠᠯ ᠠᠴᠠ ᠠᠪᠴᠤ ᠬᠡᠯᠡᠪᠡᠯ᠂ ᠡᠨᠡ ᠵᠢᠯ ᠠᠴᠠ ᠨᠠᠭᠠᠰᠢ᠂ ᠳᠤᠮᠳᠠᠳᠤ ᠤᠯᠤᠰ ᠤᠨ ᠠᠵᠤ ᠠᠬᠤᠢ ᠦᠷᠭᠦᠯᠵᠢᠯᠡᠨ ᠰᠠᠶᠢᠵᠢᠷᠠᠵᠤ᠂ ᠨᠢᠭᠡᠳᠦᠭᠡᠷ ᠤᠯᠠᠷᠢᠯ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠪᠦᠬᠦ ᠪᠥᠮᠪᠥᠷᠴᠡᠭ ᠤᠨ ᠭᠤᠣᠯ ᠪᠣᠯᠬᠤ ᠠᠵᠤ ᠠᠬᠤᠢ ᠶᠢᠨ ᠴᠣᠭᠴᠠ ᠶᠢᠨ ᠡᠮᠦᠨ᠎ᠡ ᠡᠩᠨᠡᠭᠡᠨ ᠳᠤ ᠣᠷᠣᠵᠠᠢ ᠃ ᠠᠵᠤ ᠦᠢᠯᠡᠳᠪᠦᠷᠢ ᠡᠷᠴᠢᠮᠲᠡᠢ ᠬᠥᠭᠵᠢᠯᠲᠡ ᠪᠠᠨ ᠪᠠᠲᠤᠯᠠᠵᠤ᠂ 1 – 4 ᠳ᠋ᠦ᠋ᠭᠡᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠵᠡᠢ᠃ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠨᠢ ᠭᠠᠳᠠᠭᠠᠳᠤ ᠳᠠᠷᠤᠯᠲᠠ ᠶᠢᠨ ᠳᠣᠣᠷ᠎ᠠ ᠴᠤ ᠨᠡᠯᠢᠶᠡᠳ ᠴᠢᠩᠭ᠎ᠠ ᠤᠶᠠᠨ ᠬᠠᠳᠠᠨ ᠴᠢᠨᠠᠷ ᠲᠠᠢ ᠪᠠᠶᠢᠵᠤ᠂ 1 – 4 ᠳ᠋ᠦ᠋ᠭᠡᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃ ᠰᠢᠨ᠎ᠡ ᠬᠥᠳᠡᠯᠭᠡᠭᠴᠢ ᠡᠨᠧᠷᠭᠢ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠵᠤ᠂ 1 – 4 ᠳ᠋ᠦ᠋ᠭᠡᠷ ᠰᠠᠷ᠎ᠠ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ 11.3% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠪᠠ ᠪᠣᠷᠤᠯᠠᠭᠤᠯᠭ᠎ᠠ ᠴᠥᠮ 400 ᠲᠦᠮᠡ ᠶᠢ ᠳᠠᠪᠠᠵᠤ᠂ ᠣᠶᠤᠨᠴᠢ ᠦᠢᠯᠡᠳᠪᠦᠷᠢ ᠶᠢᠨ ᠪᠦᠷᠬᠦᠴᠡ ᠨᠢ ᠦᠢᠯᠡᠳᠬᠦ ᠦᠢᠯᠡᠰ ᠤᠨ ᠠᠵᠢᠯ ᠲᠦᠷᠦᠯ ᠤᠨ ᠶᠡᠭᠡ ᠲᠦᠷᠦᠯ ᠤᠨ 80% ᠶᠢ ᠳᠠᠪᠠᠪᠠ᠃ ᠡᠳᠡᠭᠡᠷ ᠠᠮᠵᠢᠯᠲᠠ ᠪᠦᠲᠦᠮᠵᠢ ᠨᠢ ᠳᠤᠮᠳᠠᠳᠤ ᠤᠯᠤᠰ ᠤᠨ ᠠᠵᠤ ᠠᠬᠤᠢ ᠶᠢᠨ ᠬᠦᠴᠦᠷᠬᠡᠭ ᠶᠡᠭᠡ ᠲᠣᠭᠲᠠᠭᠤᠨ ᠴᠢᠨᠠᠷ ᠢ ᠭᠦᠢᠴᠡᠳ ᠬᠠᠷᠠᠭᠤᠯᠵᠤ ᠪᠠᠶᠢᠨ᠎ᠠ᠃ ᠶᠠᠭ ᠲᠡᠷᠢᠭᠦᠯᠡᠭᠴᠢ ᠰᠢ ᠶᠢᠨ ᠫᠢᠩ ᠤᠨ ᠵᠢᠭᠠᠵᠤ ᠭᠠᠷᠭᠠᠭᠰᠠᠨ ︽ᠳᠤᠮᠳᠠᠳᠤ ᠤᠯᠤᠰ ᠤᠨ ᠠᠵᠤ ᠠᠬᠤᠢ ᠪᠣᠯ ᠨᠡᠯᠦᠭᠡᠷ ᠶᠡᠭᠡ ᠲᠠᠯᠠᠢ ᠶᠤᠮ ᠂ ᠬᠠᠷᠢᠨ ᠵᠢᠵᠢᠭ ᠴᠥᠭᠦᠷᠥᠮ ᠪᠢᠰᠢ᠃ ︾ ᠭᠡᠳᠡᠭ ᠢᠶᠠᠷ ᠡᠨᠡ ᠬᠦ ᠶᠡᠭᠡ ᠲᠡᠯᠡᠶ ᠨᠢ ᠳᠣᠭᠰᠢᠨ ᠰᠠᠯᠬᠢ ᠰᠢᠷᠦᠭᠦᠨ ᠪᠣᠷᠣᠭᠠᠨ ᠤ ᠰᠢᠯᠭᠠᠯᠲᠠ ᠶᠢ ᠥᠩᠭᠡᠷᠡᠭᠡᠵᠦ ᠂ ᠤᠳᠠᠭ᠎ᠠ ᠪᠦᠷᠢ ᠶᠢᠨ ᠰᠠᠯᠬᠢ ᠳᠠᠪᠠᠯᠭᠠᠨ ᠤ ᠳᠠᠷᠠᠭ᠎ᠠ᠂ ᠨᠠᠩ ᠨᠡᠯᠦᠭᠡᠷ ᠭᠦᠨ ᠂ ᠪᠠᠭᠲᠠᠭᠠᠮᠵᠢᠲᠠᠢ ᠨᠡᠭᠡᠭᠡᠯᠲᠡ ᠲᠠᠢ ᠪᠣᠯᠬᠤ ᠪᠣᠯᠣᠨ᠎ᠠ ᠃  ᠬᠤᠷᠸ᠎ᠠ ᠲᠥᠷᠥ ᠶᠢᠨ ᠪᠣᠳᠣᠯᠭ᠎ᠠ ᠠᠴᠠ ᠠᠪᠴᠤ ᠬᠡᠯᠡᠪᠡᠯ᠂ ᠭᠠᠳᠠᠭᠠᠳᠤ ᠣᠷᠴᠢᠨ ᠨᠥᠬᠦᠴᠡᠯ ᠠᠴᠠ ᠪᠣᠯᠤᠭᠰᠠᠨ ᠲᠦᠭᠰᠢᠭᠦᠷᠢ ᠪᠠ ᠥᠷᠢᠰᠦᠯᠳᠦᠭᠡᠨ ᠤ ᠡᠮᠦᠨ᠎ᠡ᠂ ᠪᠢᠳᠡ ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠯᠭ᠎ᠠ ᠶᠢ ᠲᠣᠳᠣᠷᠬᠠᠢ ᠳᠤᠷᠠᠳᠤᠨ ᠭᠠᠷᠭᠠᠵᠤ᠂ ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠡᠳ᠂ ᠡᠳ᠋ ᠤᠨ ᠵᠠᠰᠠᠭ ᠤᠨ ᠵᠠᠷᠤᠯᠭ᠎ᠠ ᠶᠢᠨ ᠬᠡᠪᠴᠢᠶᠡᠵᠢᠯ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠵᠣᠭᠤᠰ ᠪᠠ ᠮᠥᠩᠭᠦᠨ ᠭᠦᠢᠯᠭᠡᠭᠡᠨ ᠤ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠡᠷᠴᠢᠮ ᠢᠶᠠᠨ ᠢᠯᠡᠳᠲᠡ ᠴᠢᠩᠭᠠᠷᠠᠭᠤᠯᠵᠤ᠂ ᠨᠡᠶᠢᠭᠡᠮ ᠤᠨ ᠶᠡᠷᠦᠩᠬᠡᠢ ᠬᠡᠷᠡᠭᠴᠡᠭᠡ ᠶᠢᠨ ᠥᠷᠭᠡᠳᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠳᠠᠷᠠᠭᠠᠴᠢ ᠶᠢᠨ ᠠᠯᠬᠤᠮ ᠳᠤ᠂ ᠪᠢᠳᠡ ᠪᠠᠰᠠ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠰᠥᠷᠭᠡᠦ ᠦᠶᠡᠯᠡᠯ ᠤᠨ ᠬᠤᠭᠤᠴᠠᠭᠠᠨ ᠳᠠᠬᠢ ᠲᠣᠬᠢᠷᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠢᠷᠡᠭᠡᠳᠦᠢ ᠳᠤ ᠶᠠᠮᠠᠷᠪᠠ ᠥᠷᠢᠰᠦᠯᠳᠦᠭᠡᠨ ᠳᠤ ᠲᠤᠯᠭᠠᠷᠠᠭᠰᠠᠨ ᠴᠤ ᠪᠢᠳᠡᠨ ᠳᠤ ᠳᠤᠮᠳᠠᠳᠤ ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠪᠠᠨ ᠯᠠᠪᠳᠠᠭᠤᠨ ᠢᠶᠠᠷ ᠬᠤᠯᠠ ᠠᠶᠠᠯᠠᠭᠤᠯᠬᠤ ᠪᠠᠲᠤᠯᠠᠬᠤ ᠴᠢᠳᠠᠪᠤᠷᠢ ᠪᠠ ᠢᠲᠡᠭᠡᠯ ᠪᠠᠶᠢᠨ᠎ᠠ ᠃  ᠪᠠᠶᠢᠯᠳᠤᠬᠤ ᠪᠣᠳᠣᠯᠭ᠎ᠠ ᠶᠢᠨ ᠬᠠᠨᠳᠤᠰᠢ ᠠᠴᠠ ᠠᠪᠴᠤ ᠬᠡᠯᠡᠪᠡᠯ᠂ ᠳᠤᠮᠳᠠᠳᠤ ᠤᠯᠤᠰ ᠪᠣᠯ ᠭᠡᠳᠤ ᠶᠡᠭᠡ ᠬᠡᠪᠴᠢᠶᠡᠵᠢᠯ ᠤᠨ ᠠᠵᠤ ᠠᠬᠤᠢ ᠶᠢᠨ ᠴᠣᠭᠴᠠ ᠮᠥᠨ᠂ ᠳᠣᠲᠣᠭᠠᠳᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠂ ᠳᠣᠲᠣᠭᠠᠳᠤ ᠳᠤ ᠪᠠᠨ ᠣᠷᠴᠢᠯᠳᠤᠬᠤᠶᠢᠴᠠ ᠪᠣᠯᠭᠠᠬᠤ ᠪᠣᠯ ᠲᠣᠮᠣ ᠤᠯᠤᠰ ᠤᠨ ᠠᠵᠤ ᠠᠬᠤᠢ ᠶᠢᠨ ᠥᠪᠡᠷᠮᠢᠴᠡ ᠳᠠᠪᠠᠭᠤᠯᠢᠭ ᠮᠥᠨ᠃ ᠪᠢᠳᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠭᠰᠣᠴᠠ ᠪᠠᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ ᠳᠤ ᠨᠡᠩ ᠢᠯᠡᠭᠦᠦ ᠬᠦᠴᠦ ᠲᠠᠯᠪᠢᠵᠤ᠂ ᠳᠤᠮᠳᠠᠳᠤ ᠤᠯᠤᠰ ᠤᠨ ᠠᠵᠤ ᠠᠬᠤᠢ ᠶᠢᠨ ᠳᠣᠲᠣᠭᠠᠳᠤ ᠬᠥᠳᠡᠯᠭᠡᠭᠴᠢ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠪᠠᠶᠢᠨ᠎ᠠ ᠃ ᠪᠢᠳᠡ ᠤᠳᠤ ᠶᠠᠭ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠲᠦᠷᠭᠡᠪᠴᠢᠯᠡᠨ ᠬᠡᠷᠡᠭᠵᠢᠭᠦᠯᠵᠦ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠥᠷᠨᠢᠭᠦᠯᠵᠦ᠂ ᠲᠦᠷᠦ ᠶᠢᠨ ᠪᠣᠳᠣᠯᠭ᠎ᠠ ᠶᠢᠨ ᠡᠬᠢ ᠪᠠᠶᠠᠯᠢᠭ ᠢ ᠬᠡᠷᠡᠭᠯᠡᠭᠡᠨ ᠤ ᠬᠦᠷᠢᠶ᠎ᠡ ᠲᠡᠶᠢᠰᠢ ᠨᠡᠩ ᠢᠯᠡᠭᠦᠦ ᠬᠡᠯᠪᠡᠶᠢᠯᠭᠡᠵᠦ ᠪᠠᠶᠢᠨ᠎ᠠ᠂ ᠡᠨᠡ ᠨᠢ ᠬᠡᠷᠡᠭᠴᠡᠭᠡᠨ ᠤ ᠯᠤᠲᠤ ᠶᠡᠭᠡ ᠲᠠᠯᠳᠠ ᠬᠦᠴᠦᠨ ᠢ ᠪᠠᠳᠠᠷᠠᠭᠤᠯᠬᠤ ᠪᠣᠯᠣᠨ᠎ᠠ᠃ ᠪᠢᠳᠡ ᠪᠠᠰᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠦᠢᠯᠡᠰ ᠤᠨ ᠳᠡᠭᠡᠳᠦ ᠳᠡᠰᠵᠢᠬᠦ ᠂ ᠣᠶᠤᠨᠴᠢᠯᠠᠬᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠪᠠᠶᠢᠨ᠎ᠠ᠂ ᠡᠨᠡ ᠨᠢ ᠪᠠᠰᠠ ᠨᠡᠩ ᠤᠯᠠᠨ ᠰᠢᠨ᠎ᠡ ᠬᠡᠷᠡᠭᠴᠡᠭᠡ ᠶᠢ ᠡᠭᠦᠳᠬᠦ ᠪᠣᠯᠣᠨ᠎ᠠ᠃ ᠳᠤᠮᠳᠠᠳᠤ ᠤᠯᠤᠰ ᠤᠨ ᠠᠵᠤ ᠠᠬᠤᠢ ᠶᠢᠨ ᠥᠷᠭᠡᠨ ᠳᠡᠯᠭᠡᠷ ᠭᠦᠨ ᠭᠦᠨᠵᠡᠭᠡᠢ ᠪᠠᠶᠢᠳᠠᠯ  ᠨᠢ ᠡᠯ᠎ᠡ ᠤᠯᠤᠰ ᠤᠨ ᠴᠢᠨᠠᠷ ᠰᠠᠶᠢᠲᠠᠢ ᠦᠢᠯᠡᠳᠬᠦᠨ ᠳᠤ ᠯᠤᠲᠤ ᠶᠡᠭᠡ ᠵᠠᠬ᠎ᠠ ᠳᠡᠯᠭᠡᠭᠦᠷ ᠬᠠᠩᠭᠠᠵᠤ ᠴᠢᠳᠠᠬᠤ ᠶᠤᠮ᠃ ᠪᠢᠳᠡ ᠥᠨᠳᠥᠷ ᠲᠦᠪᠰᠢᠨ ᠪᠦᠬᠦᠢ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠪᠠ ᠭᠠᠭᠴᠠ ᠲᠠᠯ᠎ᠠ ᠠᠴᠠ ᠨᠡᠭᠡᠭᠡᠯᠲᠡ ᠬᠢᠬᠦ ᠨᠡᠩ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠬᠠᠷᠢᠯᠴᠠᠨ ᠠᠬᠢᠬᠤ ᠶᠢ ᠠᠬᠢᠭᠤᠯᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠ ᠲᠠᠯᠠᠢ ᠶᠢᠨ ᠪᠣᠯᠣᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠵᠢᠴᠢ ᠳᠡᠯᠡᠬᠡᠢ ᠶᠢᠨ ᠡᠯ᠎ᠡ ᠤᠯᠤᠰ ᠤᠨ ᠠᠵᠤ ᠠᠬᠤᠶᠢᠯᠠᠯ ᠳᠤ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠬᠢᠶᠠᠯ ᠢ ᠭᠦᠢᠴᠡᠳ ᠡᠳ᠋ᠯᠡᠭᠦᠯᠬᠦ ᠪᠣᠯᠣᠨ᠎ᠠ ᠃  ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠂  ᠬᠠᠮᠲᠤᠷᠠᠯᠴᠠᠭ᠎ᠠ ᠪᠣᠯ ᠬᠠᠮᠲᠤ ᠶᠢᠨ ᠬᠠᠲᠠᠭᠤ ᠰᠢᠯᠭᠠᠯᠲᠠ ᠶᠢ ᠲᠤᠭᠤᠯᠤᠨ ᠭᠠᠷᠬᠤ ᠴᠣᠷᠢ ᠶᠢᠨ ᠭᠠᠭᠴᠠ ᠵᠥᠪ ᠬᠠᠷᠢᠭᠤᠯᠲᠠ ᠪᠣᠯᠣᠨ᠎ᠠ ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠤᠳ ᠲᠠᠢ ᠬᠠᠮᠲᠤ ᠪᠠᠷ ᠴᠢᠷᠮᠠᠶᠢᠵᠤ᠂ ᠨᠡᠭᠡᠭᠡᠯᠲᠡ ᠬᠠᠮᠲᠤᠷᠠᠯᠴᠠᠭ᠎ᠠ ᠪᠠᠷ ᠤᠯᠠᠮ ᠠᠴᠠ ᠭᠦᠨᠵᠡᠭᠡᠶᠢᠷᠡᠭᠦᠯᠵᠦ ᠪᠠᠶᠢᠭᠠᠳ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠵᠤ᠂ ᠭᠠᠷ ᠬᠤᠯᠪᠣᠨ ᠠᠵᠠ ᠲᠣᠬᠢᠶᠠᠯ ᠢ ᠬᠠᠮᠲᠤ ᠪᠠᠷ ᠡᠭᠦᠳᠴᠦ᠂ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠶ᠎ᠡ ᠃  ᠪᠠᠶᠠᠷᠯᠠᠯ᠎ᠠ︕ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ