ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 29 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ | ᠶᠢᠨ ᠫᠢᠩ ᠲᠦᠷᠦᠭᠦᠬᠡᠨ ᠵᠠᠷᠯᠢᠭ ᠲᠤ ᠭᠠᠷ ᠤᠨ ᠦᠰᠦᠭ ᠵᠢᠷᠤᠵᠤ᠂ ︽ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠯ ᠤᠨ ᠳᠦᠷᠢᠮ︾ | ᠢ ᠨᠡᠶᠢᠲᠡᠯᠡᠪᠡ᠂ 2025 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | ︽ ᠳᠦᠷᠢᠮ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠯ ᠤᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠭᠦᠨᠵᠡᠭᠡᠢ ᠳ᠋ᠦᠩᠨᠡᠵᠦ᠂ ᠰᠢᠨ᠎ᠡ ᠪᠠᠶᠢᠳᠠᠯ ᠳᠣᠣᠷᠠᠬᠢ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠬᠤ ᠠᠵᠢᠯ ᠢ ᠰᠢᠰᠲ᠋ᠧᠮ ᠲᠠᠢ | ᠵᠢᠷᠤᠮᠵᠢᠭᠤᠯᠪᠠ᠂ ᠡᠨᠡ ᠪᠣᠯ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠬᠤ ᠠᠵᠢᠯ ᠢ ᠥᠷᠨᠢᠭᠦᠯᠬᠦ ᠦᠨᠳᠦᠰᠦᠨ ᠬᠠᠤᠯᠢ | ᠲᠣᠭᠲᠠᠭᠠᠯ ᠤᠨ ᠦᠨᠳᠦᠰᠦᠯᠡᠯ ᠮᠥᠨ᠃ | ︽ᠳᠦᠷᠢᠮ︾ ᠨᠢ ᠨᠡᠶᠢᠳᠡ 8 ᠪᠦᠯᠦᠭ 42 ᠵᠦᠢᠯ ᠢᠶᠠᠷ ᠪᠦᠷᠢᠯᠳᠦᠵᠦ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ | ᠰᠢᠨ᠎ᠡ ᠶᠢ ᠡᠭᠦᠳᠴᠦ ᠬᠥᠭᠵᠢᠬᠦ᠂ ᠪᠠᠶᠢᠯᠳᠤᠭᠠᠨ ᠳᠤ ᠬᠠᠨᠳᠤᠭᠤᠯᠵᠤ ᠪᠠᠶᠢᠯᠳᠤᠭᠠᠨ ᠤ ᠪᠡᠯᠡᠳᠬᠡᠯ ᠬᠢᠬᠦ ᠪᠠᠶᠢᠳᠠᠯ ᠤᠨ ᠡᠭᠦᠷᠭᠡ ᠶᠢᠨ ᠬᠡᠷᠡᠭᠴᠡᠭᠡ ᠳᠤ ᠵᠣᠬᠢᠴᠠᠵᠤ᠂ | ᠪᠠᠶᠢᠯᠳᠤᠬᠤ ᠬᠦᠴᠦᠨ ᠡᠨᠡᠬᠦ ᠴᠤᠷ ᠤᠨ ᠭᠠᠭᠴᠠ ᠦᠨᠳᠦᠰᠦᠨ ᠪᠠᠷᠢᠮᠵᠢᠶ᠎ᠠ ᠶᠢ ᠲᠣᠳᠣᠷᠬᠠᠢ ᠲᠣᠭᠲᠠᠭᠠᠵᠤ᠂ ᠴᠡᠷᠢᠭ ᠤᠨ ᠶᠠᠪᠤᠳᠠᠯ ᠤᠨ ᠣᠨᠴᠠᠯᠢᠭ ᠢᠯᠡ ᠲᠣᠳᠣ᠂ | ᠪᠦᠲᠦᠴᠡ ᠶᠢᠨ ᠲᠡᠰ ᠳᠠᠪᠬᠤᠷᠭ᠎ᠠ ᠵᠦᠢ ᠵᠣᠬᠢᠰᠲᠠᠢ᠂ ᠦᠨᠡᠯᠡᠬᠦ ᠪᠠᠷᠢᠮᠵᠢᠶ᠎ᠠ ᠰᠢᠨᠵᠢᠯᠡᠬᠦ ᠤᠬᠠᠭᠠᠨᠴᠢ᠂ ᠤᠯᠤᠰ ᠪᠣᠯᠣᠨ ᠴᠡᠷᠢᠭ ᠠᠩᠭᠢ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠲᠠᠢ ᠨᠢᠭᠲᠠ ᠤᠶᠠᠯᠳᠤᠭᠰᠠᠨ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠬᠤ ᠰᠢᠰᠲ᠋ᠧᠮ ᠢ | ᠪᠠᠶᠢᠭᠤᠯᠪᠠ ︔ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠢ᠂ ᠳᠡᠰ ᠳᠠᠷᠠᠭᠠᠯᠠᠯ ᠨᠢ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠭᠪᠤᠷ ᠢ | ᠪᠠᠶᠢᠭᠤᠯᠪᠠ ︔ ᠱᠠᠩᠨᠠᠯ ᠳᠤ ᠳᠡᠪᠰᠢᠭᠦᠯᠬᠦ᠂ ᠬᠢᠨᠠᠨ ᠲᠣᠭᠲᠠᠭᠠᠬᠤ᠂ ᠱᠠᠩᠨᠠᠯ ᠣᠯᠭᠤᠬᠤ ᠪᠠ ᠣᠨᠳᠣᠣ ᠰᠠᠨᠠᠯ ᠢ ᠰᠢᠢᠳᠪᠦᠷᠢᠯᠡᠬᠦ ᠵᠡᠷᠭᠡ ᠪᠦᠭᠦ ᠶᠠᠪᠤᠴᠠ ᠶᠢᠨ ᠠᠵᠢᠯ ᠢ | ᠵᠢᠷᠤᠮᠵᠢᠭᠤᠯᠪᠠ ︔ ᠰᠤᠷᠲᠠᠯ ᠤᠨ ᠰᠠᠬᠢᠯᠭ᠎ᠠ ᠪᠠᠲᠤ᠂ ᠬᠠᠷᠢᠭᠤᠴᠠᠯᠭ᠎ᠠ ᠲᠤᠯᠭᠠᠵᠤ ᠰᠢᠢᠳᠪᠦᠷᠢᠯᠡᠬᠦ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠵᠡᠷᠭᠡ ᠬᠤᠯᠪᠣᠭᠳᠠᠯ | ᠪᠦᠬᠦᠢ ᠱᠠᠭᠠᠷᠳᠠᠯᠭ᠎ᠠ ᠶᠢ ᠲᠡᠭᠦᠯᠳᠡᠷᠵᠢᠭᠦᠯᠦᠭᠰᠡᠨ ᠪᠥᠭᠡᠳ ᠬᠠᠮᠢᠶ᠎ᠠ ᠪᠦᠬᠦᠢ ᠬᠡᠷᠡᠭᠯᠡᠬᠦ ᠳᠤ ᠲᠣᠬᠢᠷᠠᠬᠤ ᠪᠠᠶᠢᠳᠠᠯ ᠢ ᠲᠣᠳᠣᠷᠬᠠᠶᠢᠯᠠᠪᠠ᠃ ︽ᠳᠦᠷᠢᠮ ︾ ᠢ ᠨᠡᠶᠢᠲᠡᠯᠡᠨ | ᠬᠡᠷᠡᠭᠵᠢᠭᠦᠯᠬᠦ ᠨᠢ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠬᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠳᠦᠷᠢᠮ ᠤᠨ | ᠪᠠᠲᠤᠯᠠᠭ᠎ᠠ ᠬᠠᠩᠭᠠᠵᠤ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ | ᠴᠡᠷᠢᠭ ᠤᠨ ᠶᠠᠪᠤᠳᠠᠯ ᠤᠨ ᠣᠨᠣᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠯᠬᠤᠭ᠎ᠠ ᠶᠢ | ᠲᠦᠷᠭᠡᠳᠬᠡᠵᠦ᠂ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠪᠠᠷ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ | ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃ | |