ᠤᠰᠤ ᠠᠷᠪᠢᠯᠠᠬᠤ ᠪᠠᠷ ᠬᠥᠭᠵᠢᠯᠲᠡ ᠶᠢᠨ ᠣᠷᠣᠨ ᠵᠠᠶ ᠶᠢ ᠦᠷᠭᠡᠳᠬᠡᠵᠦ ᠥᠪᠥᠷ ᠮᠣᠩᠭᠤᠯ ᠤᠨ ᠤᠰᠤ ᠠᠷᠪᠢᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2025/5/6
    4 ᠳ᠋ᠦ᠋ᠭᠡᠷ ᠰᠠᠷ᠎ᠠ ᠶᠢᠨ 23 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ ᠡᠷᠬᠢᠯᠡᠭᠰᠡᠨ ︽︿ᠵᠢᠷᠭᠤᠭᠠᠨ ᠠᠵᠢᠯᠯᠠᠭ᠎ᠠ﹀ ᠶᠢ ᠭᠦᠨᠵᠡᠭᠡᠶ ᠥᠷᠨᠢᠭᠦᠯᠵᠦ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ—︽ᠤᠰᠤ ᠠᠷᠪᠢᠯᠠᠬᠤ ᠠᠵᠢᠯᠯᠠᠭ᠎ᠠ︾ ᠶᠢᠨ ᠲᠤᠰᠬᠠᠶ ᠲᠠᠯᠠᠪᠤᠷ ᠠᠴᠠ ᠣᠶᠢᠯᠠᠭᠠᠭᠰᠠᠨ ᠢᠶᠠᠷ᠂ 2025 ᠣᠨ ᠤ ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠤᠨ 194.29 ᠲᠦᠮᠡᠨ ᠮᠥ ᠰᠢᠨ᠎ᠡ ᠪᠠᠷ ᠪᠠᠶᠢᠭᠤᠯᠣᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠨᠢᠭᠡᠨᠲᠡ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ  ᠨᠢ 97% ᠪᠣᠯᠣᠨ᠎ᠠ᠂ 127 ᠲᠦᠮᠡᠨ ᠮᠥ ᠦᠭᠡᠷᠡᠴᠢᠯᠡᠨ ᠳᠡᠭᠡᠭᠰᠢᠯᠡᠭᠦᠯᠬᠦ ᠥᠨᠳᠥᠷ ᠪᠦᠲᠦᠮᠵᠢᠲᠡᠶ ᠤᠰᠤ ᠠᠷᠪᠢᠯᠠᠬᠤ ᠢᠨᠵᠧᠨᠧᠷᠢᠩ ᠢ ᠨᠢᠭᠡᠨᠲᠡ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ  ᠨᠢ 85% ᠳᠤ ᠬᠦᠷᠴᠦ᠂ ᠭᠤᠤᠯᠳᠠᠯᠭ᠎ᠠ ᠲᠠᠢ ᠬᠡᠷᠡᠭᠵᠢᠭᠦᠯᠬᠦ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 22 ᠲᠥᠷᠥᠯ ᠵᠦᠢᠯ ᠢ ᠨᠢᠭᠡᠨᠲᠡ 12 ᠠᠵᠢᠯ ᠡᠬᠢᠯᠡᠭᠦᠯᠵᠦ᠂ ᠭᠤᠣᠯᠳᠠᠯᠭ᠎ᠠ ᠲᠠᠢ ᠬᠡᠷᠡᠭᠵᠢᠭᠦᠯᠬᠦ 27 ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠨᠢᠭᠡᠨᠲᠡ 3 ᠠᠵᠢᠯ ᠡᠬᠢᠯᠡᠭᠦᠯᠵᠦ᠂ 20 ᠭᠠᠯ ᠴᠠᠬᠢᠯᠭᠠᠨ ᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠨᠢᠭᠡᠨᠲᠡ 8 ᠠᠵᠢᠯ ᠡᠬᠢᠯᠡᠭᠦᠯᠪᠡ᠃ ᠥᠪᠥᠷ ᠮᠣᠩᠭᠤᠯ  ᠨᠢ ᠤᠰᠤ ᠠᠷᠪᠢᠯᠠᠬᠤ ᠪᠠᠷ ᠬᠥᠭᠵᠢᠯᠲᠡ ᠶᠢᠨ ᠣᠷᠣᠨ ᠵᠠᠢ ᠶᠢ ᠦᠷᠭᠡᠳᠬᠡᠵᠦ᠂ ᠤᠰᠤ ᠠᠷᠪᠢᠯᠠᠬᠤ ᠪᠣᠭᠤᠮᠲᠠ ᠰᠢᠪᠲᠤᠯᠠᠬᠤ ᠳᠠᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠪᠡ᠃    2025 ᠣᠨ ᠳᠤ᠂ ᠥᠪᠥᠷ ᠮᠣᠩᠭᠤᠯ ᠤᠰᠤ ᠠᠷᠪᠢᠯᠠᠬᠤ ᠠᠵᠢᠯᠯᠠᠭ᠎ᠠ ᠶᠢ ︽ᠵᠢᠷᠭᠤᠭᠠᠨ ᠠᠵᠢᠯᠯᠠᠭ᠎ᠠ︾ ᠶᠢᠨ ᠴᠢᠬᠤᠯᠠ ᠶᠡᠭᠡ ᠪᠠᠶᠢᠷᠢᠯᠠᠭᠤᠯᠤᠯᠲᠠ ᠳᠤ ᠣᠷᠣᠭᠤᠯᠵᠤ᠂ ᠤᠰᠤ ᠠᠷᠪᠢᠯᠠᠬᠤ ᠶᠢ ᠬᠥᠭᠵᠢᠯᠲᠡ ᠶᠢᠨ ᠪᠥᠬᠦ ᠲᠠᠯ᠎ᠠ ᠳᠤ ᠬᠤᠯᠪᠣᠭᠳᠠᠬᠤ ᠴᠢᠬᠤᠯᠠ ᠠᠵᠢᠯ ᠪᠣᠯᠭᠠᠵᠤ᠂ ᠤᠰᠤ ᠵᠠᠰᠠᠵᠦ ᠣᠰᠣ ᠬᠠᠮᠢᠶᠠᠷᠬᠤ ᠶᠢ ᠤᠷᠢᠳ ᠡᠮᠦᠨ᠎ᠡ ᠪᠠᠶᠢᠭ᠎ᠠ ᠦᠭᠡᠢ ᠴᠢᠬᠤᠯᠠ ᠪᠠᠶᠢᠷᠢᠨ ᠳᠤ ᠲᠠᠯᠪᠢᠪᠠ᠃ 2 ᠳ᠋ᠤᠭᠠᠷ ᠰᠠᠷ᠎ᠠ ᠶᠢᠨ 15 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ᠂ ᠤᠰᠤ ᠠᠷᠪᠢᠯᠠᠬᠤ ᠠᠵᠢᠯᠯᠠᠭ᠎ᠠ ᠳᠤ ︽ᠪᠡᠶ᠎ᠡ ᠶᠢ ᠨᠢ ᠬᠡᠮᠵᠢᠵᠦ ᠬᠤᠪᠴᠠᠰᠤ ᠡᠰᠭᠡᠵᠦ ︾᠂ ︽ᠬᠠᠷᠠᠯᠲᠠ - ᠡᠭᠦᠷᠭᠡ - ᠪᠠᠲᠤᠯᠠᠭ᠎ᠠ ︾ ᠭᠤᠷᠪᠠ ᠶᠢ ᠨᠢᠭᠡ ᠴᠣᠭᠴᠠᠵᠢᠭᠤᠯᠤᠨ ᠬᠡᠷᠡᠭᠵᠢᠭᠦᠯᠬᠦ ᠪᠣᠷᠣ ᠲᠥᠯᠥᠪ ᠢ ᠪᠠᠶᠢᠭᠤᠯᠵᠤ᠂ 9 ᠲᠠᠯ᠎ᠠ ᠶᠢᠨ 30 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠳᠤ ᠬᠤᠯᠪᠣᠭᠳᠠᠵᠠᠶ᠃    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ 2025 ᠣᠨ ᠳᠤ᠂ ᠥᠪᠥᠷ ᠮᠣᠩᠭᠤᠯ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 12% ᠠᠴᠠ ᠳᠡᠭᠡᠭᠰᠢ ᠪᠠᠭᠤᠷᠠᠭᠤᠯᠪᠠ ᠂ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠢᠯᠡᠳᠬᠡᠮᠵᠢ ᠶᠢ 0.59 ᠠᠴᠠ ᠳᠡᠭᠡᠭᠰᠢ ᠳᠤ ᠬᠦᠷᠦᠭᠦᠯᠵᠦ᠂ ᠠᠵᠦ ᠦᠢᠯᠡᠳᠪᠦᠷᠢ ᠶᠢᠨ ᠲᠦᠮᠡᠨ ᠲᠦᠭᠦᠷᠢᠭ ᠤᠨ ᠨᠡᠮᠡᠭᠳᠡᠯ ᠦᠷᠲᠡᠭ ᠤᠨ ᠣᠰᠣ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 13% ᠠᠴᠠ ᠳᠡᠭᠡᠭᠰᠢ ᠪᠠᠭᠤᠷᠠᠭᠤᠯᠪᠠ᠂ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠦ ᠬᠤᠬᠢᠷᠠᠭᠰᠠᠨ ᠨᠣᠷᠮ᠎ᠠ ᠶᠢ 9% ᠶᠢᠨ ᠳᠣᠲᠣᠷ᠎ᠠ ᠬᠢᠵᠠᠭᠠᠷᠯᠠᠬᠤ ᠪᠠᠷ ᠴᠢᠷᠮᠠᠶᠢᠪᠠ ᠂ ᠲᠠᠬᠢᠯᠲᠠ ᠣᠰᠣᠨ ᠤ ᠠᠰᠢᠭᠯᠠᠯᠲᠠ ᠶᠢᠨ ᠨᠣᠷᠮ᠎ᠠ ᠶᠢ 48% ᠠᠴᠠ ᠳᠡᠭᠡᠭᠰᠢ ᠳᠤ ᠬᠦᠷᠦᠭᠦᠯᠵᠦ᠂ ᠡᠩ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 7.68 ᠳ᠋ᠦᠩᠰᠢᠭᠤᠷ ᠪᠣᠰᠤᠭ᠎ᠠ ᠳᠥᠷᠪᠡᠯᠵᠢᠨ  ᠮᠧᠲᠷ ᠠᠴᠠ ᠳᠡᠭᠡᠭᠰᠢ ᠳᠤ ᠬᠦᠷᠦᠭᠦᠯᠦᠨ᠎ᠡ᠃    ᠥᠪᠥᠷ ᠮᠣᠩᠭᠤᠯ ᠤᠨ ᠤᠰᠤ ᠠᠷᠪᠢᠯᠠᠬᠤ ᠠᠵᠢᠯᠯᠠᠭ᠎ᠠ ᠨᠢ ︽ᠬᠠᠮᠢᠶᠠᠷᠬᠤ᠂ ᠠᠷᠪᠢᠯᠠᠬᠤ᠂ ᠵᠠᠰᠠᠬᠤ᠂ ᠨᠡᠮᠡᠭᠳᠡᠭᠦᠯᠬᠦ᠂ ᠠᠮᠢᠳᠤᠯᠢᠭ ᠪᠣᠯᠭᠠᠬᠤ︾ 5 ᠶᠡᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠪᠡ ᠃ ︽ ᠬᠠᠮᠢᠶᠠᠷᠬᠤ ︾ ᠳᠤ ᠂ ᠠᠵᠢᠯ ᠲᠥᠷᠥᠯ᠂ ᠠᠶᠢᠮᠠᠭ ᠬᠤᠲᠠ ᠬᠤᠪᠢᠶᠠᠨ ᠤᠰᠤ ᠠᠷᠪᠢᠯᠠᠬᠤ ᠵᠢᠭᠠᠯᠲᠠ ᠲᠤᠭ᠎ᠠ ᠬᠢᠭᠡᠳ ᠬᠠᠷᠠᠯᠲᠠ ᠶᠢ ᠲᠣᠭᠲᠠᠭᠠᠬᠤ ᠪᠠᠷ ᠳᠠᠮᠵᠢᠭᠤᠯᠤᠨ ᠂ ᠪᠠᠰᠠ ᠤᠰᠤ ᠠᠷᠪᠢᠯᠠᠬᠤ ᠬᠠᠷᠠᠯᠲᠠᠲᠤ ᠡᠭᠦᠷᠭᠡ ᠶᠢ ᠬᠤᠰᠢᠭᠤ ᠰᠢᠶᠠᠨ ᠳᠤ ᠬᠦᠷᠲᠡᠯ᠎ᠡ ᠵᠠᠳᠠᠯᠵᠤ᠂ ᠤᠰᠤ ᠠᠪᠴᠤ ᠬᠡᠷᠡᠭᠯᠡᠬᠦ ᠶᠢ ᠬᠢᠨᠠᠨ ᠬᠡᠮᠵᠢᠬᠦ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠴᠢᠩᠳᠠᠯᠠᠪᠠ ᠃ ︽ᠠᠷᠪᠢᠯᠠᠬᠤ︾ ᠳᠤ ᠂ ᠲᠠᠷᠢᠶᠠᠯᠠᠩ ᠤᠨ ᠲᠠᠯ᠎ᠠ ᠪᠠᠷ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠠᠷᠢᠮᠠᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠭᠤᠤᠯ ᠤᠨ ᠲᠤᠬᠤᠢ ᠶᠢᠨ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠳᠤ ᠵᠠᠷᠣᠴᠠᠭᠤᠯᠬᠤ ᠤᠰᠤᠨ ᠤ ᠬᠡᠮᠵᠢᠶ᠎ᠡ ᠶᠢ 10 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠴᠢᠩᠭ᠎ᠠ ᠬᠢᠵᠠᠭᠠᠷᠯᠠᠪᠠ᠂ ᠠᠵᠤ ᠦᠢᠯᠡᠳᠪᠦᠷᠢ ᠳᠡᠭᠡᠷ᠎ᠡ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠪᠡ᠂ ᠬᠤᠲᠠ ᠬᠥᠳᠡᠭᠡ ᠶᠢᠨ ᠣᠰᠣ ᠬᠠᠩᠭᠠᠬᠤ ᠬᠠᠭᠤᠴᠢᠨ ᠬᠠᠭᠤᠴᠢᠷᠠᠭᠰᠠᠨ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠵᠦ᠂ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 2025 ᠣᠨ ᠳᠤ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ ᠨᠣᠷᠮ᠎ᠠ ᠶᠢ 85% ᠳᠤ ᠬᠦᠷᠲᠡᠯ᠎ᠡ ᠳᠡᠭᠡᠭᠰᠢᠯᠡᠭᠦᠯᠦᠨ᠎ᠡ ᠂ ᠠᠮᠢ ᠠᠬᠤᠢ ᠶᠢᠨ ᠲᠠᠯ᠎ᠠ ᠪᠠᠷ ᠤᠰᠤ ᠪᠠᠷ ᠨᠣᠭᠤᠭᠠᠷᠠᠭᠤᠯᠣᠯᠲᠠ ᠶᠢ ᠲᠣᠭᠲᠠᠭᠠᠵᠤ ᠣᠰᠣ ᠠᠷᠪᠢᠯᠠᠬᠤ ᠣᠢ ᠰᠢᠭᠤᠢ ᠡᠪᠡᠰᠦ ᠪᠡᠯᠴᠢᠭᠡᠷ ᠂ ᠴᠡᠴᠡᠷᠯᠢᠭ ᠤᠨ ᠨᠣᠭᠤᠭᠠᠷᠠᠭᠤᠯᠤᠯᠲᠠ ᠳᠤ ᠲᠠᠬᠢᠯᠲᠠ ᠣᠰᠣ ᠶᠢ ᠣᠷᠢᠳ ᠢᠶᠠᠷ ᠬᠡᠷᠡᠭᠯᠡᠨ᠎ᠡ᠃ ︽ᠵᠠᠰᠠᠬᠤ ︾ ᠳᠤ ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠦᠷᠭᠦᠯᠵᠢᠯᠡᠨ ᠵᠠᠰᠠᠵᠤ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠪᠠ ᠣᠷᠳᠣᠰ ᠤᠨ ᠳᠡᠨᠵᠢ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ 2025 ᠣᠨ ᠤ ᠡᠴᠦᠰ ᠲᠤ ᠳᠠᠭᠠᠭᠠᠴᠠ ᠠᠴᠠ ᠬᠡᠲᠦᠷᠡᠲᠡᠯ᠎ᠡ ᠲᠠᠲᠠᠭᠰᠠᠨ ᠣᠰᠤᠨ ᠤ ᠬᠡᠮᠵᠢᠶ᠎ᠡ ᠶᠢ 3.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠪᠠᠭᠠᠰᠬᠠᠬᠤ ᠪᠠᠷ ᠪᠡᠶᠡᠯᠡᠭᠦᠯᠦᠨ᠎ᠡ᠃ ︽ᠨᠡᠮᠡᠭᠳᠡᠭᠦᠯᠬᠦ︾ ᠳᠤ ᠂ ᠳᠠᠬᠢᠯᠲᠠ ᠤᠰᠤ᠂ ᠠᠭᠤᠷᠬᠠᠢ ᠶᠢᠨ ᠬᠤᠳᠳᠤᠭ ᠤᠨ ᠤᠰᠤ ᠵᠡᠷᠭᠡ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ ᠰᠠᠶᠢᠲᠤᠷ ᠬᠡᠷᠡᠭᠯᠡᠵᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠠᠬᠢᠯᠲᠠ ᠤᠰᠤᠨ ᠤ ᠴᠢᠨᠠᠷ ᠢ ᠳᠡᠭᠡᠭᠰᠢᠯᠡᠭᠦᠯᠦᠨ᠂ ᠳᠠᠬᠢᠯᠲᠠ ᠤᠰᠤ ᠶᠢ ᠠᠰᠢᠭᠯᠠᠬᠤ ᠵᠠᠮ ᠮᠦᠷ ᠢ ᠥᠷᠭᠡᠳᠬᠡᠵᠦ᠂ 2025 ᠣᠨ ᠤ ᠰᠡᠭᠦᠯᠴᠢ ᠪᠠᠷ ᠬᠠᠲᠤᠨ ᠭᠤᠣᠯ ᠤᠨ ᠰᠠᠪᠠ ᠭᠠᠵᠠᠷ ᠤᠨ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠵᠦ᠂ ᠪᠥᠬᠦ ᠣᠷᠣᠨ ᠤ ᠠᠭᠤᠷᠬᠠᠢ ᠶᠢᠨ ᠬᠤᠳᠳᠤᠭ ᠤᠨ ᠤᠰᠤᠨ ᠤ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠶᠢ ᠪᠡᠶᠡᠯᠡᠭᠦᠯᠦᠨ᠎ᠡ᠃ ︽ᠠᠮᠢᠳᠤᠯᠢᠭ ᠪᠣᠯᠭᠠᠬᠤ ︾ ᠳᠤ ᠂ ᠤᠰᠤ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠵᠤ᠂ ᠤᠰᠤ ᠠᠷᠪᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠵᠡᠷᠭᠡ ᠶᠢ ᠴᠢᠩᠭᠠᠳᠬᠠᠪᠠ ᠃    ᠤᠰᠤ ᠠᠷᠪᠢᠯᠠᠬᠤ ᠠᠵᠢᠯᠯᠠᠭ᠎ᠠ  ᠨᠢ ᠦᠢᠯᠡᠳᠦᠯᠭᠡᠵᠢᠭᠦᠯᠦᠮᠡᠭᠴᠡ ᠦᠷ᠎ᠡ ᠪᠦᠲᠦᠮᠵᠢ ᠣᠯᠪᠠ᠃ 2025 ᠣᠨ ᠤ ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠤᠨ 12 ᠠᠶᠢᠮᠠᠭ ᠬᠤᠲᠠ ᠴᠦᠮ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠡᠨᠧᠷᠭᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠴᠦ ᠠᠵᠢᠯᠯᠠᠭᠠᠨ ᠤ ᠲᠤᠰᠬᠠᠶ ᠲᠥᠰᠦᠯ ᠢ ᠲᠣᠭᠲᠠᠭᠠᠨ ᠳᠠᠷᠤᠮᠠᠯᠯᠠᠨ ᠲᠠᠷᠬᠠᠭᠠᠵᠠᠢ ᠂ ᠬᠤᠲᠠ ᠪᠠᠯᠭᠠᠰᠤᠨ ᠤ ᠤᠰᠤ ᠠᠷᠪᠢᠯᠠᠬᠤ ᠲᠤᠰᠬᠠᠶ ᠵᠦᠢᠯ ᠤᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠬᠡᠮᠵᠢᠯᠲᠡ ᠶᠢᠨ ᠪᠡᠯᠡᠳᠬᠡᠮᠵᠢ ᠶᠢᠨ ᠤᠭᠰᠠᠷᠠᠬᠤ ᠲᠥᠷᠥᠯ ᠵᠦᠢᠯ ᠵᠢᠴᠢ ᠤᠭᠰᠠᠷᠠᠭᠰᠠᠨ ᠲᠤᠭ᠎ᠠ ᠬᠡᠮᠵᠢᠶ᠎ᠡ ᠶᠢ ᠪᠥᠬᠦ ᠲᠠᠯ᠎ᠠ ᠪᠠᠷ ᠪᠠᠶᠢᠴᠠᠭᠠᠨ᠎ᠠ᠂ ︽ᠣᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠣᠭᠠᠷ ᠬᠤᠭᠤᠴᠠᠭᠠᠨ ᠤ ᠲᠦᠯᠦᠪᠵᠢᠭᠦᠯᠭᠡ ︵2021-2023︶ ᠶᠢᠨ ᠣᠰᠣᠨ ᠤ ᠡᠬᠢ ᠪᠠᠶᠠᠯᠢᠭ ᠤᠨ ᠨᠣᠲᠠᠯᠠᠯᠲᠠ ᠶᠢ ᠴᠣᠬᠤᠯᠠᠪᠣᠷᠢᠯᠠᠵᠦ᠂ ᠡᠯ᠎ᠡ ᠭᠠᠵᠠᠷ ᠤᠨ ᠬᠢᠨ ᠣᠰᠣ ᠪᠠᠷ ᠨᠣᠭᠤᠭᠠᠷᠠᠭᠤᠯᠣᠯᠲᠠ ᠶᠢ ᠲᠣᠭᠲᠠᠭᠠᠬᠤ ᠶᠢᠨ ᠲᠣᠭᠤᠷᠢᠨ ᠳᠤ ᠭᠠᠩ ᠬᠠᠭᠰᠠᠷᠭᠠᠨ ᠲᠠᠢ ᠲᠡᠮᠡᠴᠡᠵᠦ ᠣᠶᠢᠵᠢᠭᠤᠯᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠵᠢᠭᠠᠨ ᠵᠢᠯᠣᠭᠤᠳᠪᠠ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠣᠨ᠎ᠠ᠂ ᠲᠦᠪ ᠤᠨ ᠣᠰᠣᠨ ᠠᠰᠢᠭᠯᠠᠯᠲᠠ ᠶᠢᠨ ᠬᠦᠭᠵᠢᠯᠲᠡ ᠶᠢᠨ ᠪᠡᠯᠡ ᠮᠦᠩᠬᠦ ᠶᠢ 3751 ᠲᠦᠮᠡᠨ ᠲᠦᠭᠦᠷᠢᠭ ᠲᠣᠬᠢᠷᠠᠭᠤᠯᠵᠦ᠂ ᠪᠣᠭᠤᠲᠣ ᠬᠤᠲᠠ ᠶᠢᠨ ᠲᠠᠬᠢᠯᠲᠠ ᠣᠰᠣ ᠶᠢ ᠠᠰᠢᠭᠯᠠᠵᠤ ᠲᠣᠬᠢᠷᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠬᠤ᠂ 7633 ᠲᠦᠮᠡᠨ ᠲᠦᠭᠦᠷᠢᠭ ᠢ ᠪᠦᠬᠦ ᠣᠷᠣᠨ ᠤ ᠤᠰᠤ ᠲᠠᠲᠠᠬᠤ ᠶᠢ ᠬᠡᠮᠵᠢᠵᠦ ᠬᠢᠨᠠᠨ ᠬᠡᠮᠵᠢᠬᠦ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠣᠯᠲᠠ ᠳᠤ ᠬᠡᠷᠡᠭᠯᠡᠵᠦ᠂ 14.3 ᠳ᠋ᠦᠩᠰᠢᠭᠤᠷ ᠲᠦᠭᠦᠷᠢᠭ ᠤᠨ ᠨᠡᠶᠢᠭᠡᠮ ᠤᠨ ᠬᠦᠷᠦᠩᠭᠡ ᠶᠢ ᠣᠰᠤ ᠠᠷᠪᠢᠯᠠᠬᠤ ᠦᠭᠡᠷᠡᠴᠢᠯᠡᠯᠲᠡ ᠳᠤ ᠲᠠᠲᠠᠨ ᠣᠷᠣᠭᠤᠯᠪᠠ᠂ ᠠᠶᠢᠮᠠᠭ ᠬᠤᠲᠠ ᠠᠯᠣᠰᠯᠠᠭᠰᠠᠨ ᠣᠰᠤᠨ ᠤ ᠡᠷᠬᠡ ᠶᠢ ᠰᠢᠯᠵᠢᠭᠦᠯᠦᠨ ᠦᠭᠬᠦ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠤᠨ ᠲᠦᠷᠦᠬᠦᠦ ᠪᠦᠯᠦᠭ ᠤᠨ ᠣᠰᠣ ᠠᠷᠪᠢᠯᠠᠬᠤ ᠬᠡᠮᠵᠢᠶ᠎ᠡ 5300 ᠲᠦᠮᠡᠨ ᠪᠣᠰᠤᠭ᠎ᠠ ᠳᠦᠷᠪᠡᠯᠵᠢᠨ ᠮᠧᠲᠷ ᠲᠤ ᠬᠦᠷᠴᠦ ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠶᠢ ᠪᠡᠶᠡᠯᠡᠭᠦᠯᠪᠡ ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ