ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠭᠢᠯᠭᠠᠨ ᠮᠡᠳᠡᠭᠡ 6 ᠰᠠᠷ᠎ᠠ ᠶᠢᠨ 1 ᠤ ᠡᠳᠦᠷ ᠬᠡᠪᠯᠡᠭᠳᠡᠭᠰᠡᠨ 11 ᠳ᠋ᠦ᠋ᠭᠡᠷ | ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ | ᠪᠦᠲᠦᠭᠡᠨ ᠪᠠᠶᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠭᠤᠷᠢ | ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ | ᠪᠤᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ᠂ 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠲᠡᠮᠡᠴᠡᠯ ᠤᠨ ᠬᠠᠷᠠᠯᠲᠠ ᠶᠢ ᠲᠣᠭᠲᠠᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ | ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ | ᠳᠠᠭᠠᠭᠤᠯᠬᠤ ᠬᠦᠴᠦᠨ᠂ ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠠᠶᠢᠪᠠᠯ ᠵᠣᠬᠢᠨ᠎ᠠ᠃ ᠡᠶᠢᠮᠦᠷᠬᠦᠦ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ᠂ ᠡᠷᠬᠡᠪᠰᠢ ᠦᠨᠳᠦᠰᠦ ᠶᠢ ᠪᠠᠬᠢᠵᠢᠭᠦᠯᠵᠦ ᠰᠦᠭ ᠰᠦᠨᠡᠰᠦ ᠶᠢ ᠱᠤᠭᠤᠬᠤ ᠦᠵᠡᠯ | ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠢᠰᠲ᠋ᠧᠮ᠂ ᠲᠥᠪ ᠭᠤᠣᠯᠴᠢ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠤᠨ ᠰᠢᠰᠲ᠋ᠧᠮ᠂ ᠥᠪᠡᠷ ᠢ ᠪᠠᠨ | ᠬᠦᠴᠦᠷᠬᠡᠭᠵᠢᠭᠦᠯᠵᠦ ᠭᠠᠷᠮᠠᠭᠠᠢ ᠠᠮᠵᠢᠯᠲᠠ ᠪᠦᠲᠦᠮᠵᠢ ᠣᠯᠣᠭᠰᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ᠂ ᠦᠢᠯᠡᠳᠪᠦᠷᠢᠯᠡᠯ ᠵᠢᠭᠠᠨ | ᠰᠤᠷᠭᠠᠯᠲᠠ ᠶᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ᠂ ᠲᠦᠭᠡᠮᠡᠯ ᠬᠠᠷᠠᠭᠠᠯᠵᠠᠯᠲᠤ ᠨᠠᠰᠤᠨ ᠲᠤᠷᠰᠢᠲᠠ ᠶᠢᠨ ᠰᠤᠷᠭᠠᠨ | ᠬᠥᠮᠦᠵᠢᠯ ᠤᠨ ᠰᠢᠰᠲ᠋ᠧᠮ᠂ ᠰᠢᠨ᠎ᠡ ᠶᠢ ᠡᠭᠦᠳᠴᠦ ᠬᠥᠲᠥᠯᠥᠨ ᠳᠠᠭᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠰᠢᠰᠲ᠋ᠧᠮ᠂ ᠬᠡᠪ | ᠪᠣᠯᠪᠠᠰᠤᠷᠠᠯ ᠰᠢᠯᠢᠳᠡᠭ ᠰᠠᠶᠢᠨ ᠪᠠᠭᠰᠢ ᠶᠢᠨ ᠡᠩᠨᠡᠭᠡ ᠶᠢᠨ ᠰᠢᠰᠲ᠋ᠧᠮ᠂ ᠨᠡᠭᠡᠭᠡᠯᠲᠡᠲᠡᠢ ᠬᠠᠷᠢᠯᠴᠠᠨ ᠲᠣᠯᠢ ᠪᠤᠯᠭᠠᠬᠤ ᠤᠯᠠᠨ ᠤᠯᠤᠰ ᠤᠨ ᠬᠠᠮᠲᠤᠷᠠᠯᠴᠠᠭᠠᠨ ᠤ | ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ | ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ᠂ ᠠᠷᠠᠳ ᠲᠦᠮᠡᠨ ᠤ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠦᠭᠦ | ᠲᠠᠯ᠎ᠠ ᠪᠠᠷ ᠡᠵᠡᠮᠳᠡᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ᠂ | ᠮᠡᠳᠡᠯᠭᠡ ᠶᠢᠨ ᠰᠤᠷᠤᠯᠴᠠᠯᠭ᠎ᠠ ᠪᠠ ᠪᠦᠭᠦ ᠲᠠᠯ᠎ᠠ ᠶᠢᠨ ᠬᠥᠭᠵᠢᠯᠲᠡ ᠶᠢᠨ ᠬᠠᠷᠢᠴᠠᠭ᠎ᠠ᠂ ᠴᠢᠳᠠᠪᠤᠷᠢᠲᠠᠨ ᠢ ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ | ᠬᠠᠩᠭᠠᠬᠤ ᠶᠢᠨ ᠬᠠᠷᠢᠴᠠᠭ᠎ᠠ᠂ ᠡᠮᠬᠢ ᠵᠢᠷᠤᠮ ᠲᠠᠢ ᠪᠠᠶᠢᠯᠭᠠᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠬᠠᠷᠢᠴᠠᠭ᠎ᠠ᠂ ᠳᠤᠮᠳᠠᠳᠤ ᠤᠯᠤᠰ ᠤᠨ ᠡᠬᠡ | ᠭᠠᠵᠠᠷ ᠲᠤ ᠦᠨᠳᠦᠰᠦᠯᠡᠬᠦ ᠪᠠ ᠤᠯᠠᠨ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠬᠤ ᠶᠢᠨ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠲᠣᠭᠲᠠᠭᠰᠠᠨ ᠬᠤᠭᠤᠴᠠᠭᠠᠨ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠭᠦᠷᠭᠡ ᠬᠦᠨᠳᠦ ᠪᠠᠶᠢᠨ᠎ᠠ᠂ | ᠴᠠᠭ ᠪᠢᠳᠡᠨ ᠢ ᠬᠦᠯᠢᠶᠡᠬᠦ ᠦᠭᠡᠢ᠃ ᠨᠢᠭᠡᠳᠦᠭᠡᠷ ᠲᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠡᠷᠡᠰ ᠭᠤᠶᠢᠪᠢᠰᠢ ᠦᠭᠡᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢᠶᠠᠷ ᠬᠥᠮᠥᠨ ᠢ | ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ ᠡᠭᠦᠳᠦᠯᠲᠡ ᠶᠢᠨ | ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠰᠢᠰᠲ᠋ᠧᠮᠵᠢᠭᠰᠡᠨ ᠣᠨᠣᠯᠵᠢᠨ | ᠶᠣᠰᠣᠵᠢᠭᠰᠠᠨ ᠰᠤᠳᠤᠯᠭᠠᠨ ᠲᠠᠶᠢᠯᠪᠤᠷᠢᠯᠠᠯᠲᠠ ᠶᠢ ᠴᠢᠩᠭᠠᠳᠬᠠᠵᠤ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ᠂ ᠤᠤᠭᠠᠯ | ᠡᠭᠦᠳᠦᠯᠲᠡ ᠶᠢᠨ ᠴᠢᠨᠠᠷᠲᠠᠢ ᠤᠨᠤᠯ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠪᠡᠶ᠎ᠡ ᠪᠠᠨ | ᠳᠠᠭᠠᠭᠠᠭᠰᠠᠨ ᠮᠡᠳᠡᠯᠭᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ ᠪᠠ ᠰᠦᠯᠵᠢᠶ᠎ᠡ ᠪᠠᠷ ᠬᠥᠮᠥᠨ ᠢ ᠬᠥᠮᠥᠵᠢᠭᠦᠯᠬᠦ | ᠣᠷᠣᠨ ᠵᠠᠢ ᠪᠠ ᠵᠢᠭᠰᠠᠭᠠᠯ ᠤᠨ ᠭᠠᠵᠠᠷ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ | ᠴᠢᠳᠠᠪᠤᠷᠢᠲᠠᠨ ᠳᠤ ᠦᠵᠡᠭᠦᠯᠭᠦ ᠰᠤᠷᠭᠠᠨ ᠬᠥᠮᠦᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠠᠬᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ | ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠭᠵᠢᠯᠲᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠬᠥᠲᠥᠯᠥᠮᠵᠢ ᠪᠤᠯᠭᠠᠵᠤ᠂ ᠶᠡᠭᠡ ᠳᠡᠭᠡᠳᠦ ᠰᠤᠷᠭᠠᠭᠤᠯᠢ ᠶᠢᠨ | ᠬᠢᠴᠢᠶᠡᠯ ᠲᠥᠷᠥᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠬᠦ ᠬᠡᠷᠡᠭᠲᠡᠢ᠃ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ | ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠭᠤᠷᠪᠠᠳᠤᠭᠠᠷ ᠲᠤ᠂ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠪᠠ | ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠴᠢᠨᠠᠷ᠂ ᠬᠦᠷᠦᠯᠴᠡᠬᠦ ᠴᠢᠨᠠᠷ᠂ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ | ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ | ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ︽ᠬᠤᠶᠠᠷ ᠢ ᠬᠥᠩᠭᠡᠷᠡᠭᠦᠯᠦᠭᠰᠡᠨ︾ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠯᠳᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠨᠠᠰᠤᠨ ᠲᠤᠷᠰᠢᠲᠠ ᠶᠢᠨ ᠰᠤᠷᠤᠯᠴᠠᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠳᠥᠷᠪᠡᠳᠦᠭᠡᠷ ᠲᠤ᠂ ᠰᠢᠨ᠎ᠡ | ᠴᠠᠭ ᠦᠶ᠎ᠡ ᠶᠢᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ ᠪᠣᠶᠢᠵᠢᠭᠤᠯᠬᠤ ᠬᠡᠷᠡᠭᠲᠡᠢ᠃ ᠰᠤᠷᠭᠠᠨ ᠬᠥᠮᠥᠵᠢᠯᠲᠡᠨ ᠤ ᠵᠣᠷᠢᠭ | ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢ ᠬᠥᠮᠥᠵᠢᠭᠦᠯᠵᠦ ᠪᠤᠯᠪᠠᠰᠤᠷᠠᠭᠤᠯᠬᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠭᠰᠢ ᠶᠢᠨ | ᠬᠠᠮᠢᠶᠠᠷᠤᠯᠲᠠ ᠪᠣᠯᠣᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ᠪᠠᠭᠰᠢ ᠶᠢᠨ ᠤᠯᠤᠰ ᠲᠥᠷᠥ ᠶᠢᠨ | ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠨᠠᠷ ᠲᠤ ᠡᠷᠬᠢᠮ ᠳᠡᠭᠡᠳᠦ ᠨᠡᠶᠢᠭᠡᠮ ᠤᠨ | ᠨᠡᠷ᠎ᠡ ᠬᠦᠨᠳᠦ ᠬᠦᠷᠲᠡᠭᠡᠵᠦ᠂ ᠨᠡᠶᠢᠭᠡᠮ ᠨᠡᠶᠢᠲᠡ ᠳᠤ ᠬᠠᠮᠤᠭ ᠠᠴᠠ ᠬᠦᠨᠳᠦᠳᠬᠡᠭᠳᠡᠬᠦ ᠠᠵᠢᠯ ᠮᠡᠷᠭᠡᠵᠢᠯ ᠤᠨ ᠨᠢᠭᠡ ᠪᠤᠯᠭᠠᠬᠤ ᠬᠡᠷᠡᠭᠲᠡᠢ᠃ ᠲᠠᠪᠤᠳᠤᠭᠠᠷ ᠲᠤ᠂ ᠪᠦᠭᠦ | ᠪᠥᠮᠪᠥᠷᠴᠡᠭ ᠲᠤ ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠭᠠᠳᠠᠭᠠᠳᠤ | ᠨᠡᠭᠡᠭᠡᠯᠲᠡ ᠶᠢ ᠭᠦᠨᠵᠡᠭᠡᠢ ᠠᠬᠢᠭᠤᠯᠵᠤ᠂ ︽ᠭᠠᠳᠠᠭᠠᠳᠤ ᠠᠴᠠ ᠣᠷᠣᠭᠤᠯᠵᠤ ᠠᠪᠴᠢᠷᠠᠬᠤ︾ ᠪᠠ ︽ᠭᠠᠳᠠᠭᠠᠳᠤ ᠳᠤ ᠭᠠᠷᠴᠤ ᠶᠠᠪᠤᠬᠤ︾ ᠶᠢ ᠨᠢᠭᠡᠳᠦᠯᠲᠡᠢ | ᠲᠥᠯᠥᠪᠵᠢᠭᠦᠯᠦᠨ᠂ ᠰᠤᠷᠭᠠᠨ ᠬᠥᠮᠦᠵᠢᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ ᠪᠠ ᠦᠭᠡ ᠬᠡᠯᠡᠬᠦ ᠡᠷᠬᠡ ᠶᠢ ᠲᠠᠰᠤᠷᠠᠯᠲᠠ ᠦᠭᠡᠢ | ᠳᠡᠭᠡᠭᠰᠢᠯᠡᠭᠦᠯᠭᠦ ᠬᠡᠷᠡᠭᠲᠡᠢ᠃ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠳᠤᠮᠳᠠᠳᠤ ᠤᠯᠤᠰ ᠤᠨ ᠬᠦᠴᠦᠨ ᠢ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠶᠢᠨ | ᠦᠨᠳᠦᠰᠦᠲᠡᠨ ᠤ ᠬᠦᠰᠡᠭᠰᠡᠭᠡᠷ ᠢᠷᠡᠭᠰᠡᠨ ᠰᠠᠶᠢᠨ ᠰᠠᠶᠢᠬᠠᠨ ᠬᠦᠰᠡᠯ ᠡᠷᠡᠮᠡᠯᠵᠡᠯ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠤᠰᠢᠭᠤᠴᠢ ᠡᠭᠦᠷᠭᠡ᠂ | ᠪᠠᠲᠤ ᠪᠠᠬᠢ ᠰᠠᠭᠤᠷᠢ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠮᠥᠨ᠃ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠢ ᠤᠷᠤᠭᠰᠢᠯᠠᠵᠤ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ | ᠴᠢᠬᠤᠯᠠᠴᠢᠯᠠᠪᠠ᠃ | |