5 ᠳ᠋ᠤᠭᠠᠷ ᠰᠠᠷ᠎ᠠ ᠶᠢᠨ 29 ᠤ ᠡᠳᠦᠷ᠂ ᠪᠥᠬᠦ ᠣᠷᠣᠨ ᠤ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠶᠠᠰᠤ ᠴᠢᠨᠠᠷ ᠠᠮᠤᠷ ᠲᠦᠪᠰᠢᠨ ᠤ | ᠠᠵᠢᠯ ᠤᠨ ᠬᠤᠷᠠᠯ ᠵᠢᠴᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠬᠢᠨᠠᠨ ᠰᠢᠯᠭᠠᠯᠲᠠ ᠶᠢᠨ ᠠᠵᠢᠯ ᠤᠨ ᠬᠤᠷᠠᠯ ᠣᠷᠳᠣᠰ ᠬᠤᠲᠠ ᠳᠤ | ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠂ ᠲᠠᠢ ᠹᠠ | ᠰᠢᠶᠠᠩ ᠵᠢᠦ ᠷᠦᠩ ᠹᠦ᠋᠂ ᠡᠵᠡᠨ ᠬᠤᠷᠤᠭ᠎ᠠ ᠬᠤᠰᠢᠭᠤᠨ ᠤ ᠺᠠᠶᠢᠶᠤᠸᠠᠨ ᠲᠠᠯᠠᠪᠠᠢ ᠵᠡᠷᠭᠡ ᠪᠠᠶᠢᠭᠤᠯᠵᠤ ᠪᠠᠶᠢᠭ᠎ᠠ ᠲᠦᠷᠦᠯ ᠵᠦᠢᠯ ᠪᠣᠯᠣᠨ ᠣᠷᠳᠣᠰ ᠤᠨ ᠨᠢᠰᠬᠡᠯ ᠤᠨ | ᠪᠠᠭᠤᠳᠠᠯ ᠤᠨ ᠰᠠᠭᠤᠷᠢ ᠲᠥᠬᠦᠭᠡᠷᠦᠮᠵᠢ ᠶᠢᠨ ᠭᠠᠯ ᠤᠨᠲᠠᠷᠠᠭᠠᠬᠤ ᠬᠢᠨᠠᠨ ᠰᠢᠯᠭᠠᠯᠲᠠ ᠶᠢᠨ ᠲᠦᠷᠦᠯ ᠵᠦᠢᠯ ᠢ ᠲᠣᠭᠤᠷᠢᠨ ᠦᠵᠡᠵᠦ᠂ ᠭᠡᠷ ᠪᠠᠶᠢᠰᠢᠩ ᠬᠤᠳᠠ ᠶᠢᠨ | ᠶᠠᠪᠤᠳᠠᠯ ᠤᠨ ᠢᠨᠵᠧᠨᠧᠷᠢᠩ ᠤᠨ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ᠂ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠬᠢᠨᠠᠨ | ᠰᠢᠯᠭᠠᠯᠲᠠ ᠶᠢᠨ ᠠᠵᠢᠯ ᠤᠨ ᠲᠤᠷᠰᠢᠯᠭ᠎ᠠ ᠶᠢᠨ ᠲᠣᠭᠤᠷᠢᠨ ᠳᠤ ᠰᠠᠨᠠᠯ ᠰᠣᠯᠢᠯᠴᠠᠪᠠ᠃ | ᠬᠤᠷᠠᠯ ᠠᠴᠠ᠂ 2025 ᠣᠨ ᠤ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠠᠷᠠᠯᠲᠠ ᠡᠭᠦᠷᠭᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠵᠢᠯ ᠤᠨ ᠬᠠᠷᠠᠯᠲᠠ ᠪᠠᠨ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠠᠶᠤᠯᠭᠦᠢ | ᠦᠢᠯᠡᠳᠪᠦᠷᠢᠯᠡᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠬᠤ ᠬᠥᠮᠥᠰ ᠪᠣᠯᠣᠨ ︽ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠭᠴᠢ︾ | ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ ᠴᠢᠩᠭ᠎ᠠ ᠠᠳᠬᠤᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠪᠣᠯᠣᠨ ︽ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠭᠴᠢ︾᠂ ᠣᠨᠴᠠ ᠲᠦᠷᠦᠯ ᠤᠨ ᠠᠵᠢᠯ ᠬᠢᠭᠰᠡᠳ ᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠᠶᠢᠳᠠᠯ ᠢ | ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃ ᠬᠦᠨᠳᠦ ᠶᠡᠭᠡ ᠠᠳᠡᠯ ᠤᠨ ᠬᠡᠮ ᠰᠣᠭᠤᠭ ᠢ ᠬᠥᠳᠡᠯᠦᠩᠭᠦᠢ ᠪᠠᠷ ᠴᠡᠪᠡᠷᠯᠡᠨ ᠠᠷᠢᠯᠭᠠᠬᠤ ᠶᠢ ᠦᠷᠭᠦᠯᠵᠢᠯᠡᠨ | ᠠᠬᠢᠭᠤᠯᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠬᠦᠨᠳᠦ ᠶᠡᠭᠡ ᠬᠡᠮ ᠰᠣᠭᠤᠭ ᠢ ᠳᠠᠷᠤᠶᠢᠬᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠴᠡᠭᠴᠡᠯᠡᠨ | ᠰᠠᠶᠢᠵᠢᠷᠠᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠨᠢᠭᠡ ᠶᠢ ᠴᠡᠪᠡᠷᠯᠡᠨ ᠠᠷᠢᠯᠭᠠᠬᠤ ᠬᠡᠷᠡᠭᠲᠡᠢ᠃ ᠪᠠᠷᠢᠯᠭ᠎ᠠ ᠶᠢᠨ ᠡᠷᠭᠦᠭᠦᠯ | ᠮᠠᠰᠢᠨ ᠤ ᠬᠡᠷᠡᠭᠯᠡᠯᠲᠡ ᠶᠢ ᠳᠠᠩᠰᠠᠯᠠᠬᠤ ᠪᠠ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠳᠤ | ᠬᠢᠨᠠᠯᠲᠠ ᠲᠠᠯᠪᠢᠬᠤ ᠠᠵᠢᠯᠲᠠᠨ ᠤ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠨᠡᠮᠯᠡᠯ ᠢ ᠡᠯᠧᠺᠲᠷᠤᠨᠴᠢᠯᠡᠨ ᠰᠣᠯᠢᠵᠤ ᠣᠯᠭᠤᠬᠤ ᠠᠵᠢᠯ ᠢ ᠠᠬᠢᠭᠤᠯᠵᠤ᠂ | ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠢ ᠪᠠᠷᠢᠮᠵᠢᠶᠠᠵᠢᠭᠤᠯᠬᠤ᠂ ᠲᠣᠭᠠᠵᠢᠭᠤᠯᠬᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠰᠢᠨ᠎ᠡ ᠪᠠᠷ | ᠪᠠᠶᠢᠭᠤᠯᠬᠤ ᠣᠷᠣᠨ ᠰᠠᠭᠤᠴᠠ ᠶᠢᠨ ᠢᠨᠵᠧᠨᠧᠷᠢᠩ ᠤᠨ ᠨᠡᠪᠴᠢᠵᠦ ᠭᠤᠭᠤᠵᠢᠬᠤ᠂ ᠠᠩ ᠭᠠᠷᠬᠤ᠂ ᠳᠤᠯᠠᠭᠠᠨ ᠢ ᠬᠠᠮᠠᠭᠠᠯᠠᠬᠤ ᠶᠠᠰᠤ ᠴᠢᠨᠠᠷ ᠵᠡᠷᠭᠡ ᠠᠮᠠᠷᠬᠠᠨ | ᠡᠭᠦᠰᠬᠦ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠶᠢ ᠥᠷᠨᠢᠭᠦᠯᠵᠦ᠂ ︽ᠡᠳᠦᠷ ᠲᠤᠲᠤᠮ ᠤᠨ ᠲᠣᠭᠤᠷᠢᠨ ᠪᠠᠶᠢᠴᠠᠭᠠᠬᠤ + ᠵᠦᠷᠢᠶᠡᠴᠢᠯᠡᠭᠰᠡᠨ ᠬᠢᠨᠠᠯᠲᠠ | ᠬᠠᠮᠢᠶᠠᠷᠤᠯᠲᠠ︾ ᠶᠢᠨ ᠲᠣᠭᠲᠠᠴᠠ ᠶᠢ ᠪᠠᠶᠢᠭᠤᠯᠵᠤ᠂ ᠣᠷᠣᠨ ᠰᠠᠭᠤᠴᠠ ᠶᠢᠨ ᠢᠨᠵᠧᠨᠧᠷᠢᠩ ᠤᠨ ︽ᠥᠮᠴᠢᠲᠡᠨ ᠤ ᠨᠡᠭᠡᠭᠡᠯᠲᠡ ᠶᠢᠨ ᠡᠳᠦᠷ︾ ᠢ ᠳᠡᠯᠭᠡᠷᠡᠭᠦᠯᠦᠨ | ᠬᠡᠷᠡᠭᠵᠢᠭᠦᠯᠬᠦ ᠬᠡᠷᠡᠭᠲᠡᠢ᠃ ᠬᠤᠲᠠ ᠪᠠᠯᠭᠠᠰᠤ ᠶᠢᠨ ᠣᠷᠣᠨ ᠰᠠᠭᠤᠴᠠ ᠪᠠ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠭᠡᠷ ᠪᠠᠶᠢᠰᠢᠩ ᠤᠨ ᠭᠠᠵᠠᠷ | ᠬᠥᠳᠡᠯᠦᠯᠲᠡ ᠶᠢ ᠳᠠᠭᠠᠭᠠᠬᠤ ᠦᠨᠡᠯᠡᠨ ᠵᠢᠱᠢᠯᠲᠡ ᠵᠢᠴᠢ ᠪᠠᠬᠢᠵᠢᠭᠦᠯᠬᠦ ᠠᠵᠢᠯ ᠢ ᠲᠦᠯᠬᠢᠨ ᠠᠬᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠭᠠᠮᠰᠢᠭ ᠲᠤ ᠬᠤᠯᠪᠣᠭᠳᠠᠬᠤ ᠠᠶᠤᠯ ᠲᠦᠭᠰᠢᠭᠦᠷᠢ ᠶᠢᠨ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠵᠠᠰᠠᠬᠤ ᠠᠷᠭ᠎ᠠ ᠬᠡᠮᠵᠢᠶ᠎ᠡ ᠶᠢ ᠰᠤᠳᠤᠯᠤᠨ᠂ ᠳᠠᠯᠳᠠ ᠬᠡᠮ ᠢ ᠠᠯᠬᠤᠮ ᠠᠯᠬᠤᠮ ᠢᠶᠠᠷ ᠠᠷᠢᠯᠭᠠᠬᠤ ᠬᠡᠷᠡᠭᠲᠡᠢ᠃ ᠭᠡᠷ | ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠪᠠ ᠭᠠᠯ ᠨᠣᠴᠣᠭᠠᠵᠤ ᠠᠵᠢᠯᠯᠠᠬᠤ ︽ᠶᠠᠪᠤᠳᠠᠯ︾ ᠢ | ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠬᠤᠷᠠᠯ ᠠᠴᠠ ᠂ ᠭᠠᠯ ᠤᠨᠲᠠᠷᠠᠭᠠᠬᠤ ᠶᠢ ᠬᠢᠨᠠᠨ ᠰᠢᠯᠭᠠᠬᠤ ᠮᠡᠷᠭᠡᠵᠢᠯ ᠤᠨ ᠲᠤᠯᠭᠠᠭᠤᠷᠢᠯᠠᠯ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠬᠢᠨᠠᠨ ᠰᠢᠯᠭᠠᠬᠤ ᠴᠤᠪᠤᠷᠠᠯ ᠢ ᠵᠢᠷᠤᠮᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠠᠰ | ᠲᠥᠷᠥᠯ ᠬᠤᠪᠢᠶᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠭᠠᠯ ᠤᠨᠲᠠᠷᠠᠭᠠᠬᠤ ᠶᠢ ᠰᠢᠯᠭᠠᠨ ᠠᠪᠬᠤ | ᠳᠡᠩᠰᠡᠯᠡᠨ ᠲᠡᠮᠳᠡᠭᠯᠡᠬᠦ ᠰᠤᠭᠤᠴᠢᠨ ᠪᠠᠶᠢᠴᠠᠭᠠᠬᠤ ᠬᠠᠷᠢᠴᠠᠯ ᠢ ᠳᠡᠭᠡᠭᠰᠢᠯᠡᠭᠦᠯᠦᠨ᠂ ᠡᠩ ᠤᠨ ᠲᠥᠷᠥᠯ ᠵᠦᠢᠯ ᠳᠤ ᠠᠮᠠᠯᠠᠯᠲᠠ ᠶᠢᠨ ᠳᠦᠷᠢᠮ ᠤᠨ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠢ᠃ ︽ᠬᠠᠷᠢᠶ᠎ᠠ ᠭᠠᠵᠠᠷ ᠤᠨ ᠬᠢᠨ ᠵᠠᠰᠠᠬᠤ᠂ ᠰᠠᠯᠠᠭ᠎ᠠ ᠮᠥᠴᠢᠷ ᠤᠳ ᠬᠠᠮᠵᠢᠯᠴᠠᠬᠤ︾ ᠶᠡᠷᠦᠩᠬᠡᠢ ᠵᠠᠷᠴᠢᠮ ᠢ ᠪᠠᠷᠢᠮᠲᠠᠯᠠᠨ᠂ ᠭᠠᠯ | ᠤᠨᠲᠠᠷᠠᠭᠠᠬᠤ ᠬᠢᠨᠠᠨ ᠰᠢᠯᠭᠠᠯᠲᠠ ᠶᠢᠨ ᠦᠯᠡᠳᠡᠭᠳᠡᠵᠦ ᠢᠷᠡᠭᠰᠡᠨ ᠲᠥᠷᠥᠯ ᠵᠦᠢᠯ ᠢ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ᠃ ᠬᠢᠨᠠᠭᠰᠠᠨ ᠦᠭᠡᠢ ᠪᠠᠷ ᠤᠷᠢᠳᠠᠪᠠᠷ | ᠪᠠᠶᠢᠭᠤᠯᠬᠤ᠂ ᠰᠢᠯᠭᠠᠭᠰᠠᠨ ᠦᠭᠡᠢ ᠪᠠᠷ ᠤᠷᠢᠳᠠᠪᠠᠷ ᠬᠡᠷᠡᠭᠯᠡᠬᠦ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠵᠡᠷᠭᠡ ᠲᠣᠪᠣᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠯ ᠤᠨᠲᠠᠷᠠᠭᠠᠬᠤ ᠶᠢᠨ ᠬᠢᠨᠠᠨ ᠰᠢᠯᠭᠠᠯᠲᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠢ ᠴᠡᠭᠴᠡᠯᠡᠨ | ᠵᠠᠰᠠᠬᠤ ᠠᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ | ᠭᠡᠷ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ | ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | |