ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 4 ᠤ ᠴᠠᠭᠢᠯᠭᠠᠨ ᠮᠡᠳᠡᠭᠡ 6 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠵᠥᠩ ᠨᠠᠨ ᠬᠠᠢ ᠳᠤ ᠪᠧᠯᠤᠷᠦ᠋ᠰᠢᠶ᠎ᠠ ᠶᠢᠨ ᠶᠡᠷᠦᠩᠬᠡᠶᠢᠯᠡᠭᠴᠢ ᠯᠦᠺᠠᠱᠧᠨᠺᠧ ᠲᠠᠢ ᠠᠭᠤᠯᠵᠠᠪᠠ᠃ | | | | | | 6 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠵᠥᠩ ᠨᠠᠨ ᠬᠠᠢ ᠳᠤ ᠪᠧᠯᠤᠷᠦ᠋ᠰᠢᠶ᠎ᠠ ᠶᠢᠨ ᠶᠡᠷᠦᠩᠬᠡᠶᠢᠯᠡᠭᠴᠢ | ᠯᠦᠺᠠᠱᠧᠨᠺᠧ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠯᠦᠺᠠᠱᠧᠨᠺᠧ ᠶᠢᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠳᠠᠬᠢᠨᠲᠠ ᠪᠠᠶᠠᠷ ᠬᠦᠷᠭᠡᠪᠡ᠃ ᠰᠢ ᠶᠢᠨ ᠫᠢᠩ᠂ ᠳᠤᠮᠳᠠᠳᠤ | ᠤᠯᠤᠰ ᠪᠣᠯᠣᠨ ᠪᠧᠯᠤᠷᠦ᠋ᠰᠢᠶ᠎ᠠ ᠪᠣᠯ ᠵᠢᠩᠬᠢᠨᠢ ᠨᠠᠶᠢᠵᠠ᠂ ᠰᠠᠶᠢᠨ ᠬᠠᠨᠢᠲᠠᠨ ᠮᠥᠨ᠃ ᠬᠤᠶᠠᠷ ᠲᠠᠯ᠎ᠠ ᠪᠠᠷ ᠢᠶᠠᠨ ᠦᠨᠡᠨᠴᠢ ᠪᠠᠷ ᠬᠠᠨᠳᠤᠵᠤ᠂ ᠢᠲᠡᠭᠡᠮᠵᠢᠲᠡᠢ | ᠶᠠᠪᠤᠯᠴᠠᠭᠰᠠᠭᠠᠷ ᠢᠷᠡᠵᠠᠢ᠃ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠶᠠᠪᠤᠬᠤ ᠲᠤᠳᠤᠮ ᠪᠠᠲᠤᠵᠢᠵᠤ᠂ ᠤᠯᠤᠰ ᠲᠦᠷᠦ ᠶᠢᠨ ᠢᠲᠡᠭᠡᠯᠴᠡᠭᠡ ᠪᠠᠲᠤᠵᠢᠵᠤ᠂ | ᠡᠯ᠎ᠡ ᠬᠦᠷᠢᠶᠡᠨ ᠤ ᠬᠠᠮᠲᠤᠷᠠᠯᠴᠠᠭ᠎ᠠ ᠪᠦᠭᠦ ᠲᠠᠯ᠎ᠠ ᠪᠠᠷ ᠠᠬᠢᠪᠠ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ | ᠭᠡᠳᠤ ᠶᠢᠨ ᠬᠠᠷᠠᠭᠠᠰᠤ ᠠᠴᠠ ᠳᠤᠮᠳᠠᠳᠤ ᠪᠧᠯᠤᠷᠦ᠋ᠰᠢᠶ᠎ᠠ ᠶᠢᠨ ᠬᠠᠷᠢᠯᠴᠠᠭ᠎ᠠ ᠳᠤ ᠬᠠᠨᠳᠤᠬᠤ ᠪᠠ ᠬᠥᠭᠵᠢᠭᠦᠯᠵᠦ᠂ ᠳᠤᠷᠠᠲᠠᠶ᠎ᠠ ᠪᠧᠯᠤᠷᠦ᠋ᠰᠢᠶ᠎ᠠ ᠶᠢᠨ ᠬᠢᠨ ᠲᠠᠢ | ᠬᠠᠮᠲᠤ ᠪᠠᠷ ᠬᠤᠶᠠᠷ ᠤᠯᠤᠰ ᠤᠨ ᠬᠠᠷᠢᠯᠴᠠᠭ᠎ᠠ ᠪᠣᠯᠣᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ᠃ | ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ | ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠵᠡᠷᠬᠡᠭᠯᠡᠬᠦ ᠬᠠᠷᠭᠢᠰᠯᠠᠬᠤ ᠳᠠᠷᠤᠯᠠᠬᠤ ᠶᠢ | ᠬᠠᠮᠲᠤ ᠪᠠᠷ ᠡᠰᠡᠷᠭᠦᠴᠡᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠶ᠎ᠠ ᠭᠡᠵᠦ ᠵᠢᠭᠠᠵᠤ ᠭᠠᠷᠭᠠᠪᠠ᠃ | ᠯᠦᠺᠠᠱᠧᠨᠺᠧ᠂ ᠡᠨᠡ ᠪᠣᠯ ᠮᠢᠨᠤ 15 ᠳ᠋ᠤᠭᠠᠷ ᠤᠳᠠᠭ᠎ᠠ ᠳᠤᠮᠳᠠᠳᠤ ᠤᠯᠤᠰ ᠲᠤ ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ᠂ ᠤᠳᠠᠭ᠎ᠠ ᠪᠦᠷᠢ ᠳᠤᠮᠳᠠᠳᠤ | ᠤᠯᠤᠰ ᠤᠨ ᠭᠦᠨ ᠵᠤᠵᠠᠭᠠᠨ ᠨᠥᠬᠦᠷᠯᠡᠯ ᠢ ᠦᠨᠡᠨ ᠬᠦ ᠮᠡᠳᠡᠷᠡᠳᠡᠭ᠃ ᠪᠧᠯᠤᠷᠦ᠋ᠰᠢᠶ᠎ᠠ ᠶᠢᠨ ᠬᠢᠨ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ | ᠬᠦᠴᠦᠲᠡᠢ ᠲᠡᠮᠵᠢᠵᠤ ᠬᠠᠪᠰᠤᠷᠤᠬᠰᠠᠨ ᠳᠤ ᠲᠠᠯᠠᠷᠬᠠᠵᠤ᠂ ᠳᠤᠮᠳᠠᠳᠤ ᠤᠯᠤᠰ ᠢ ᠳᠡᠭᠡᠳᠦ ᠬᠡᠮᠵᠢᠶ᠎ᠡ ᠪᠠᠷ ᠢᠲᠡᠭᠡᠵᠦ᠂ ᠳᠤᠮᠳᠠᠳᠤ ᠤᠯᠤᠰ ᠯᠤᠭ᠎ᠠ ᠶᠢᠨ | ᠬᠠᠷᠢᠯᠴᠠᠭ᠎ᠠ ᠶᠢ ᠡᠷᠡᠰ ᠭᠤᠶᠢᠪᠢᠰᠢ ᠦᠭᠡᠢ ᠬᠥᠭᠵᠢᠭᠦᠯᠵᠦ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠢᠳᠡᠪᠬᠢᠲᠡᠢ ᠠᠬᠢᠭᠤᠯᠤᠨ᠎ᠠ᠃ ᠳᠡᠯᠡᠬᠡᠢ ᠶᠢᠨ | ᠬᠡᠷᠡᠭ ᠶᠠᠪᠤᠳᠠᠯ ᠳᠤᠮᠳᠠ᠂ ᠳᠤᠮᠳᠠᠳᠤ ᠤᠯᠤᠰ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ᠂ ᠭᠠᠭᠴᠠ ᠲᠠᠯᠠᠲᠤ ᠦᠵᠡᠯ ᠪᠣᠯᠣᠨ ᠵᠠᠯᠬᠠᠭᠠᠯ ᠳᠠᠷᠤᠯᠲᠠ | ᠦᠵᠡᠭᠦᠯᠭᠦ ᠶᠢ ᠡᠰᠡᠷᠭᠦᠴᠡᠵᠦ᠂ ᠳᠡᠯᠡᠬᠡᠢ ᠳ᠋ᠠᠬᠢᠨ ᠳᠤ ᠦᠯᠢᠭᠡᠷ ᠳᠠᠭᠤᠷᠢᠶᠠᠯ ᠦᠵᠡᠭᠦᠯᠪᠡ᠃ ᠪᠧᠯᠤᠷᠦ᠋ᠰᠢᠶ᠎ᠠ ᠶᠢᠨ ᠬᠢᠨ ᠪᠢᠰᠢᠷᠡᠵᠦ ᠪᠠᠶᠢᠬᠤ ᠪᠠᠨ ᠭᠦᠨ᠎ᠡ ᠢᠯᠡᠳᠬᠡᠵᠦ | ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | |