ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 4 ᠤ ᠴᠠᠭᠢᠯᠭᠠᠨ ᠮᠡᠳᠡᠭᠡ 6 ᠰᠠᠷ᠎ᠠ ᠶᠢᠨ 4 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠯᠢ ᠽᠠᠢ ᠮᠢᠩ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠺᠤᠷᠢᠶᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠺᠤᠷᠢᠶᠠ ᠪᠣᠯ ᠴᠢᠬᠤᠯᠠ ᠬᠥᠷᠰᠢ ᠤᠯᠤᠰ ᠪᠥᠭᠡᠳ ᠬᠠᠮᠲᠤᠷᠠᠯᠴᠠᠭᠠᠨ ᠤ ᠬᠠᠨᠢᠲᠠᠨ ᠮᠥᠨ᠃ ᠬᠠᠷᠢᠯᠴᠠᠭ᠎ᠠ ᠪᠠᠶᠢᠭᠤᠯᠤᠭᠰᠠᠨ 33 | ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠦᠵᠡᠯ ᠤᠬᠠᠮᠰᠠᠷ ᠤᠨ ᠭᠡᠯᠪᠡᠷᠢ ᠪᠣᠯᠣᠨ ᠨᠡᠶᠢᠭᠡᠮ ᠤᠨ ᠪᠠᠶᠢᠭᠤᠯᠤᠯ ᠤᠨ ᠵᠥᠷᠢᠶ᠎ᠡ ᠶᠢ ᠳᠠᠪᠠᠵᠤ᠂ ᠭᠠᠷ ᠬᠤᠯᠪᠣᠨ | ᠬᠠᠮᠲᠤ ᠪᠠᠷ ᠤᠷᠤᠭᠰᠢᠯᠠᠵᠤ᠂ ᠬᠠᠷᠢᠯᠴᠠᠨ ᠠᠮᠵᠢᠯᠲᠠ ᠪᠦᠲᠦᠮᠵᠢ ᠣᠯᠭᠤᠬᠤ ᠶᠢ ᠠᠬᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠲᠣᠭᠲᠠᠭᠤᠨ ᠡᠷᠡᠭᠦᠯ | ᠬᠥᠭᠵᠢᠯᠲᠡ ᠶᠢ ᠪᠡᠶᠡᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠭᠠᠵᠠᠷ ᠣᠷᠣᠨ ᠤ | ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢ ᠳᠤᠮᠳᠠᠳᠤ ᠺᠤᠷᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠣᠳᠣᠬᠠᠨ ᠳᠤ᠂ | ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠠᠬᠢ | ᠲᠣᠬᠲᠠᠭᠠᠯᠲᠦ ᠪᠤᠰᠤ ᠡᠯᠧᠮᠧᠨ᠋ᠲ ᠨᠡᠮᠡᠭᠳᠡᠵᠦ ᠪᠠᠶᠢᠨ᠎ᠠ᠃ ᠪᠦᠭᠦ ᠪᠥᠮᠪᠥᠷᠴᠡᠭ ᠪᠠ ᠭᠠᠵᠠᠷ ᠣᠷᠣᠨ ᠤ ᠴᠢᠬᠤᠯᠠ ᠤᠯᠤᠰ ᠪᠣᠯᠤᠭᠰᠠᠨ ᠤ ᠬᠤᠪᠢ ᠳᠤ᠂ ᠳᠤᠮᠳᠠᠳᠤ | ᠤᠯᠤᠰ ᠳᠤᠷᠠᠲᠠᠶ᠎ᠠ ᠺᠤᠷᠢᠶᠠ ᠶᠢᠨ ᠬᠢᠨ ᠲᠠᠢ ᠬᠠᠮᠲᠤ ᠪᠠᠷ᠂ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠲᠤ ᠰᠠᠬᠢᠵᠤ᠂ ᠡᠶᠡᠯᠳᠡᠭ ᠬᠥᠷᠰᠢ ᠶᠢᠨ ᠨᠥᠭᠦᠷᠰᠡᠭ | ᠴᠢᠭᠯᠡᠯ ᠢ ᠪᠠᠲᠤᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠷᠠᠯᠲᠠ ᠶᠢ ᠪᠠᠷᠢᠮᠲᠠᠯᠠᠵᠤ᠂ ᠳᠤᠮᠳᠠᠳᠤ ᠺᠤᠷᠢᠶᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠤᠷᠤᠭᠰᠢ ᠬᠥᠭᠵᠢᠬᠦ ᠶᠢ ᠬᠠᠮᠲᠤ ᠪᠠᠷ ᠠᠬᠢᠭᠤᠯᠵᠤ᠂ ᠬᠤᠶᠠᠷ ᠤᠯᠤᠰ ᠤᠨ | ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ | |