ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠡᠷᠬᠡ᠎ᠶ᠋ᠢ ᠨᠢᠭᠡᠳᠦᠯᠲᠡᠶ ᠨᠤᠲᠠᠯᠠᠨ ᠲᠣᠭ᠍ᠲᠠᠭᠠᠵᠤ ᠳᠠᠩᠰᠠᠯᠠᠬᠤ ᠠᠵᠢᠯ ᠱᠠᠲᠤ ᠦᠶ᠎ᠡ᠎ᠶ᠋ᠢᠨ ᠴᠢᠨᠠᠷᠲᠠᠶ ᠴᠢᠬᠤᠯᠠ ᠦᠷ᠎ᠡ ᠪᠦᠲᠦᠭᠡᠯ ᠤᠯᠪᠠ᠃ 2024 ᠣᠨ᠎ᠳᠤ ᠲᠦᠷᠦᠭᠦᠤ ᠪᠦᠯᠦᠭ᠎ᠤᠨ 4 ᠳᠠᠩᠰᠠᠯᠠᠬᠤ ᠨᠢᠭᠡᠴᠢ᠎ᠶ᠋ᠢ ᠲᠡᠮᠳᠡᠭ᠌ᠯᠡᠭ᠌ᠰᠡᠨᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠲᠤᠷᠱᠢᠯᠭ᠎ᠠ᠎ᠪᠠᠨ ᠳ᠋ᠦᠩᠨᠡᠵᠦ᠍᠂ ᠥᠨᠳᠥᠷ ᠪᠦᠲᠦᠮᠵᠢᠲᠡᠶ᠎ᠪᠠᠷ ᠳᠥᠯᠭᠢᠨ ᠠᠬᠢᠭᠤᠯᠵᠤ᠂ 2025 ᠣᠨ᠎ᠤ 12 ᠳ᠋ᠤᠭᠠᠷ ᠰᠠᠷ᠎ᠠ᠎ᠶ᠋ᠢᠨ 17 ᠤ ᠡᠳᠦᠷ ᠲᠤᠯᠤᠨ ᠨᠠᠭᠤᠷ᠂ ᠬᠠᠬᠢᠷ᠎ᠤᠨ ᠭᠤᠤᠯ᠂ ᠥᠪᠥᠷ ᠮᠣᠩᠭᠤᠯ᠎ᠤᠨ ᠨᠢᠩᠴᠧᠩ᠎ᠤᠨ ᠤᠯᠤᠰ᠎ᠤᠨ ᠭᠠᠵᠠᠷ ᠱᠢᠨᠵᠢᠯᠡᠭᠡᠨ᠎ᠤ ᠴᠡᠴᠡᠷᠯᠢᠭ᠂ ᠥᠪᠥᠷ ᠮᠣᠩᠭᠤᠯ᠎ᠤᠨ ᠮᠠᠨᠵᠤᠤᠷ᠎ᠤᠨ ᠡᠯ ᠺᠠ ᠤᠯᠤᠰ᠎ᠤᠨ ᠨᠤᠭᠤ ᠭᠠᠵᠠᠷ᠎ᠤᠨ ᠴᠡᠴᠡᠷᠯᠢᠭ ᠵᠡᠷᠭᠡ 21 ᠳᠠᠩᠰᠠᠯᠠᠬᠤ ᠨᠢᠭᠡᠴᠢ᠎ᠶ᠋ᠢᠨ ᠳᠠᠩᠰᠠᠯᠠᠬᠤ ᠠᠵᠢᠯ᠎ᠢ ᠤᠷᠤᠭ᠍ᠰᠢᠲᠠᠶ ᠪᠡᠶᠡᠯᠡᠭᠦᠯᠪᠡ᠃ ᠲᠣᠰ ᠤᠳᠠᠭᠠᠨ᠎ᠤ ᠳᠠᠩᠰᠠᠯᠠᠯᠲᠠ᠎ᠶ᠋ᠢᠨ ᠨᠢᠭᠡᠴᠢ᠎ᠨᠢ ᠤᠰᠤᠨ ᠤᠷᠤᠰᠭᠠᠯ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ ᠵᠡᠷᠭᠡ ᠲᠥᠷᠥᠯ ᠬᠡᠯᠪᠡᠷᠢ᠎ᠶ᠋ᠢ ᠬᠠᠮᠤᠷᠴᠤ᠌᠂ ᠥᠪᠡᠷᠲᠡᠭᠡᠨ ᠵᠠᠰᠠᠬᠤ ᠣᠷᠣᠨ ᠨᠢᠭᠡᠨᠲᠡ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠪᠣᠶ ᠪᠥᠬᠦᠶ ᠪᠠᠢᠭᠠᠯᠢ᠎ᠶ᠋ᠢᠨ ᠡᠬᠢ ᠪᠠᠶᠠᠯᠢᠭ᠎ᠤᠨ ᠡᠷᠬᠡ᠎ᠶ᠋ᠢ ᠨᠢᠭᠡᠳᠦᠯᠲᠡᠶ ᠨᠤᠲᠠᠯᠠᠨ ᠲᠣᠭ᠍ᠲᠠᠭᠠᠵᠤ ᠳᠠᠩᠰᠠᠯᠠᠬᠤ ᠲᠥᠷᠥᠯ ᠬᠡᠯᠪᠡᠷᠢ᠎ᠶ᠋ᠢᠨ ᠳᠡᠩᠰᠡᠯᠡᠯᠲᠡ᠎ᠶ᠋ᠢᠨ ᠬᠠᠢᠨ ᠰᠦᠪᠡᠭ᠌ᠴᠢᠯᠡᠯᠲᠡ᠎ᠶ᠋ᠢ ᠪᠥᠬᠦ᠌ ᠲᠠᠯ᠎ᠠ᠎ᠪᠠᠷ ᠪᠡᠶᠡᠯᠡᠭᠦᠯᠦᠭ᠌ᠰᠡᠨ᠎ᠢ ᠬᠠᠷᠠᠭᠤᠯᠵᠤ ᠪᠠᠢᠨ᠎ᠠ᠂ ᠡᠨᠡ᠎ᠨᠢ ᠲᠠᠷᠠᠭᠠᠴᠢ᠎ᠶ᠋ᠢᠨ ᠡᠷᠬᠡ᠎ᠶ᠋ᠢ ᠨᠤᠲᠠᠯᠠᠨ ᠳᠠᠩᠰᠠᠯᠠᠬᠤ ᠠᠵᠢᠯ᠎ᠢ ᠦᠷᠭᠦᠯᠵᠢᠯᠡᠨ ᠥᠷᠨᠢᠭᠦᠯᠬᠦ᠌᠎ᠳᠤ ᠰᠠᠭᠤᠷᠢ ᠲᠠᠯᠪᠢᠵᠤ ᠥᠭ᠌ᠭᠦᠭ᠌ᠰᠡᠨ ᠪᠠᠢᠨ᠎ᠠ᠃
ᠳᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠬᠥᠮᠥᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠡᠷᠬᠡ᠎ᠶ᠋ᠢ ᠨᠤᠲᠠᠯᠠᠨ ᠳᠠᠩᠰᠠᠯᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠨᠢᠭᠡ ᠲᠠᠯ᠎ᠠ᠎ᠪᠠᠷ᠂ ᠭᠤᠤᠯ ᠴᠣᠭ᠍ᠴᠠ᠎ᠶ᠋ᠢᠨ ᠴᠢᠨᠠᠷᠲᠠᠶ ᠠᠵᠢᠯ᠎ᠢ ᠨᠢᠭᠡᠨᠲᠡ ᠪᠡᠶᠡᠯᠡᠭᠦᠯᠦᠭ᠌ᠰᠡᠨ ᠭᠤᠤᠯ ᠮᠥᠷᠡᠨ᠂ ᠨᠠᠭᠤᠷ ᠴᠥᠭᠦᠷᠥᠮ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠲᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠵᠠᠯᠭᠠᠮᠵᠢ ᠳᠠᠩᠰᠠᠯᠠᠬᠤ ᠠᠵᠢᠯ᠎ᠢ ᠯᠠᠪᠳᠠᠭᠤᠨ᠎ᠢᠶᠠᠷ ᠠᠬᠢᠭᠤᠯᠪᠠ; ᠨᠥᠭᠦᠭᠡ ᠲᠠᠯ᠎ᠠ᠎ᠪᠠᠷ᠂ ᠨᠤᠲᠤᠭ ᠪᠡᠯᠴᠢᠭᠡᠷ᠂ ᠭᠤᠤᠯᠳᠠᠯᠭ᠎ᠠ᠎ᠲᠠᠢ ᠱᠢᠭᠤᠢᠲᠤ ᠣᠷᠣᠨ ᠵᠢᠴᠢ ᠬᠠᠢᠨ ᠢᠯᠡᠷᠡᠭᠦᠯᠦᠭ᠌ᠰᠡᠨ ᠠᠭᠤᠷᠬᠠᠶ᠎ᠶ᠋ᠢᠨ ᠡᠬᠢ ᠪᠠᠶᠠᠯᠢᠭ ᠵᠡᠷᠭᠡ ᠲᠥᠷᠥᠯ ᠬᠡᠯᠪᠡᠷᠢ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠡᠷᠬᠡ᠎ᠶ᠋ᠢ ᠨᠤᠲᠠᠯᠠᠨ ᠳᠠᠩᠰᠠᠯᠠᠬᠤ ᠠᠷᠭ᠎ᠠ ᠵᠠᠮ᠎ᠢ ᠢᠳᠡᠪᠬᠢᠲᠡᠶ᠎ᠪᠠᠷ ᠬᠠᠢᠨ ᠰᠦᠪᠡᠭ᠌ᠴᠢᠯᠡᠪᠡ᠃ ᠡᠭᠦᠨ᠎ᠤ ᠬᠠᠮᠲᠤ᠌᠂ ᠳᠡᠩᠰᠡᠯᠡᠨ ᠲᠡᠮᠳᠡᠭ᠌ᠯᠡᠭ᠌ᠰᠡᠨ ᠦᠷ᠎ᠡ ᠪᠦᠲᠦᠭᠡᠯ᠎ᠤᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠂ ᠪᠠᠢᠭᠠᠯᠢ᠎ᠶ᠋ᠢᠨ ᠡᠬᠢ ᠪᠠᠶᠠᠯᠢᠭ ᠡᠳ᠋ ᠬᠥᠷᠥᠩᠭᠡ᠎ᠶ᠋ᠢᠨ ᠬᠠᠮᠢᠶᠠᠷᠤᠯᠲᠠ᠂ ᠠᠮᠢ ᠠᠬᠤᠶ᠎ᠶ᠋ᠢᠨ ᠨᠥᠬᠦᠪᠥᠷᠢ᠎ᠶ᠋ᠢᠨ ᠲᠣᠭ᠍ᠲᠠᠴᠠ ᠵᠡᠷᠭᠡ ᠬᠦᠷᠢᠶᠡᠨ᠎ᠳᠠᠬᠢ ᠬᠡᠷᠡᠭ᠌ᠯᠡᠭᠡᠨ᠎ᠤ ᠰᠤᠳᠤᠯᠭᠠᠨ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠨᠠᠷᠢᠯᠢᠭ ᠪᠣᠳᠠᠲᠠᠶ ᠳᠡᠩᠰᠡᠯᠡᠨ ᠲᠡᠮᠳᠡᠭ᠌ᠯᠡᠭ᠌ᠰᠡᠨ ᠳ᠋ᠡᠢ᠌ᠲ᠋ᠠ᠎ᠪᠠᠷ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠰᠠᠭᠤᠷᠢ᠎ᠶ᠋ᠢ ᠪᠠᠬᠢᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠤᠨ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠬᠠᠮᠠᠭᠠᠯᠠᠬᠤ᠎ᠳᠤ ᠬᠦᠴᠦᠨ ᠨᠡᠮᠡᠷᠢᠯᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠬᠦ᠌᠎ᠳᠤ ᠬᠦᠴᠦᠨ ᠨᠡᠮᠡᠷᠢᠯᠡᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠥᠲᠥᠭᠡᠨ ᠪᠠᠢᠭᠤᠯᠬᠤ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠨ᠎ᠡ᠃