ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠢ᠎ᠨᠢ 2025 ᠣᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠲᠤᠰᠭᠠᠢ ᠰᠡᠳᠦᠪᠲᠦ ᠬᠤᠷᠠᠯ ᠵᠢᠴᠢ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠪᠠᠢᠷᠢᠯᠠᠭᠤᠯᠤᠯᠲᠠ᠎ᠶ᠋ᠢᠨ ᠬᠤᠷᠠᠯ᠎ᠢ ᠵᠣᠬᠢᠶᠠᠨ ᠪᠠᠢᠭᠤᠯᠵᠤ ᠬᠤᠷᠠᠯᠳᠤᠭᠤᠯᠪᠠ
2026-01-14

  1  ᠳ᠋ᠦ᠍ᠭᠡᠷ ᠰᠠᠷ᠎ᠠ᠎ᠶ᠋ᠢᠨ 14 ᠎ᠤ ᠡᠳᠦᠷ᠂ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠢ᠎ᠨᠢ 2025 ᠣᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠲᠤᠰᠭᠠᠢ ᠰᠡᠳᠦᠪᠲᠦ ᠬᠤᠷᠠᠯ ᠵᠢᠴᠢ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠪᠠᠢᠷᠢᠯᠠᠭᠤᠯᠤᠯᠲᠠ᠎ᠶ᠋ᠢᠨ ᠬᠤᠷᠠᠯ᠎ᠢ ᠵᠣᠬᠢᠶᠠᠨ ᠪᠠᠢᠭᠤᠯᠵᠤ ᠬᠤᠷᠠᠯᠳᠤᠭᠤᠯᠪᠠ᠃

  ᠬᠤᠷᠠᠯ᠎ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ 2025 ᠣᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠪᠦᠬᠦ᠌ ᠲᠠᠯ᠎ᠠ᠎ᠪᠠᠷ ᠳ᠋ᠦᠩᠨᠡᠵᠦ᠍᠂ ᠳᠠᠯᠳᠠ ᠭᠡᠮ᠎ᠦᠨ ᠡᠬᠡ ᠲᠠᠩᠰᠠ᠎ᠶ᠋ᠢ ᠲᠦᠷᠦᠯ ᠬᠤᠪᠢᠶᠠᠨ ᠡᠮᠬᠢᠯᠡᠬᠦ᠌᠎ᠪᠠᠷ ᠳᠠᠮᠵᠢᠭᠤᠯᠵᠤ᠂ ᠣᠳᠣᠬᠠᠨ᠎ᠳᠤ ᠲᠤᠯᠭᠠᠷᠠᠵᠤ ᠪᠠᠢᠭ᠎ᠠ ᠭᠠᠯ᠎ᠤᠨ ᠠᠶᠤᠯ᠎ᠢ ᠰᠡᠷᠭᠡᠢᠯᠡᠬᠦ᠂  ᠪᠡᠯᠡᠳᠭᠡᠮᠵᠢ ᠲᠥᠬᠦᠭᠡᠷᠦᠮᠵᠢ᠎ᠶ᠋ᠢᠨ ᠠᠵᠢᠯᠯᠠᠭᠠᠨ᠂ ᠭᠡᠨᠡᠳᠲᠡ᠎ᠶ᠋ᠢᠨ ᠬᠡᠷᠡᠭ᠎ᠢ ᠱᠢᠢᠳᠪᠦᠷᠢᠯᠡᠬᠦ᠌ ᠵᠡᠷᠭᠡ ᠵᠠᠩᠭᠢᠯᠠᠭ᠎ᠠ᠎ᠶ᠋ᠢᠨ ᠲᠦᠭ᠌ᠰᠢᠭᠦᠷᠢ᠎ᠶ᠋ᠢᠨ ᠴᠡᠭ᠎ᠢ ᠭᠦᠨᠵᠡᠭᠡᠢ ᠵᠠᠳᠠᠯᠬᠤ᠎ᠶ᠋ᠢᠨ ᠬᠠᠮᠲᠤ ᠴᠠᠭᠠᠨ ᠰᠠᠷ᠎ᠠ ᠵᠢᠴᠢ 2026 ᠣᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠳᠤ ᠪᠠᠢᠷᠢᠯᠠᠭᠤᠯᠤᠯᠲᠠ ᠬᠢᠵᠡᠢ᠃ ᠡᠯ᠎ᠡ ᠰᠠᠯᠠᠭ᠎ᠠ ᠮᠥᠴᠢᠷ ᠵᠢᠴᠢ ᠠᠵᠢᠯᠯᠠᠭᠤᠯᠵᠤ ᠬᠠᠮᠠᠭᠠᠯᠠᠬᠤ ᠪᠦᠯᠬᠦᠮ᠎ᠨᠢ 2025 ᠣᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠢ ᠥᠷᠨᠢᠭᠦᠯᠦᠭ᠌ᠰᠡᠨ ᠦᠷ᠎ᠡ ᠪᠦᠲᠦᠮᠵᠢ ᠪᠠ ᠬᠦᠷᠦᠯᠴᠡᠬᠦ᠌ ᠦᠭᠡᠢ ᠲᠠᠯ᠎ᠠ᠎ᠶ᠋ᠢ ᠲᠣᠪᠴᠢ ᠬᠠᠷᠢᠭᠤ ᠮᠡᠳᠡᠭᠦᠯᠵᠡᠢ᠃

  ᠬᠤᠷᠠᠯ᠎ᠠᠴᠠ᠂ ᠠᠶᠤᠯ ᠦᠭᠡᠢ ᠦᠢᠯᠡᠳᠪᠦᠷᠢᠯᠡᠯ ᠡᠭᠦᠷᠢᠳᠡ ᠵᠤᠬ᠍ᠰᠤᠰᠢ ᠦᠭᠡᠢ᠂ ᠥᠴᠦᠬᠡᠨ ᠴᠦ᠍ ᠮᠢᠨᠴᠦᠭᠦᠷᠡᠨ ᠲᠠᠢᠪᠤᠱᠢᠷᠠᠵᠤ ᠪᠣᠯᠬᠤ ᠦᠭᠡᠢ᠃ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢ ᠦᠷᠭᠦᠯᠵᠢᠯᠡᠨ ᠪᠣᠳᠠᠲᠠᠢᠵᠢᠭᠤᠯᠵᠤ᠂ ᠡᠯ᠎ᠡ ᠵᠦᠢᠯ᠎ᠤᠨ ᠠᠮᠤᠷ ᠲᠦᠪᠱᠢᠨ᠎ᠤ ᠱᠠᠭᠠᠷᠳᠠᠯᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ᠃ ᠳᠠᠯᠳᠠ ᠭᠡᠮ᠎ᠢ ᠵᠢᠭ᠍ᠰᠠᠭᠠᠨ ᠪᠠᠢᠴᠠᠭᠠᠵᠤ ᠵᠠᠰᠠᠬᠤ᠎ᠶ᠋ᠢ ᠭᠦᠨᠵᠡᠭᠡᠢᠷᠡᠭᠦᠯᠵᠦ᠍᠂  ᠳᠠᠯᠳᠠ ᠭᠡᠮ᠎ᠢ ᠵᠢᠭ᠍ᠰᠠᠭᠠᠨ ᠪᠠᠢᠴᠠᠭᠠᠬᠤ ᠲᠥᠷᠥᠯ ᠢᠯᠭᠠᠯ᠎ᠢ ᠨᠠᠷᠢᠯᠢᠬ᠍ᠵᠢᠭᠤᠯᠤᠨ᠂ ᠡᠯ᠎ᠡ ᠲᠥᠷᠥᠯ᠎ᠤᠨ ᠠᠮᠤᠷ ᠲᠦᠪᠱᠢᠨ᠎ᠤ ᠠᠳᠡᠯ ᠭᠠᠷᠬᠤ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠶ᠃ ᠪᠣᠯᠪᠠᠰᠤᠷᠠᠯ ᠰᠣᠷᠢᠯᠲᠠ᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠭᠠᠵᠤ᠂ ᠤᠨᠤᠯ ᠪᠣᠯᠤᠨ ᠪᠣᠳᠠᠲᠠᠢ ᠪᠣᠯᠪᠠᠰᠤᠷᠠᠯ᠎ᠢ ᠤᠶᠠᠯᠳᠤᠭᠤᠯᠬᠤ᠎ᠶ᠋ᠢ ᠴᠢᠬᠤᠯᠠᠴᠢᠯᠠᠵᠤ᠂ ᠪᠦᠬᠦ᠌ ᠠᠵᠢᠯᠳᠠᠨ᠎ᠤ ᠠᠮᠤᠷ ᠲᠦᠪᠱᠢᠨ᠎ᠤ ᠤᠬᠠᠮᠰᠠᠷ ᠪᠣᠯᠤᠨ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠬᠠᠮᠵᠢᠯᠴᠠᠨ ᠬᠠᠮᠲᠤᠷᠠᠯᠴᠠᠬᠤ᠎ᠶ᠋ᠢ ᠴᠢᠩᠭᠠᠳᠭᠠᠵᠤ᠂ ᠠᠵᠢᠯ᠎ᠤᠨ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠵᠦ᠍᠂ ᠭᠡᠨᠡᠳᠲᠡ᠎ᠶ᠋ᠢᠨ ᠪᠠᠢᠳᠠᠯ ᠲᠣᠬᠢᠶᠠᠯᠳᠤᠪᠠᠯ ᠲᠦᠷᠭᠡᠨ ᠴᠤᠤᠷᠢᠶᠠᠲᠤᠨ ᠳᠠᠭᠠᠵᠤ᠂ ᠪᠦᠲᠦᠮᠵᠢᠲᠡᠢ ᠱᠢᠢᠳᠪᠦᠷᠢᠯᠡᠬᠦ᠌᠎ᠶ᠋ᠢ ᠪᠠᠲᠤᠯᠠᠬᠤ ᠬᠡᠷᠡᠭ᠌ᠲᠡᠢ᠃ ᠴᠠᠭᠠᠨ ᠰᠠᠷ᠎ᠠ᠎ᠠᠴᠠ ᠡᠮᠦᠨᠡᠬᠢ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠠᠵᠢᠯ᠎ᠢ ᠰᠠᠢᠲᠤᠷ ᠬᠢᠵᠦ᠍᠂ ᠪᠦᠬᠦ᠌ ᠲᠠᠯ᠎ᠠ᠎ᠶ᠋ᠢᠨ ᠠᠮᠤᠷ ᠲᠦᠪᠱᠢᠨ᠎ᠤ ᠪᠠᠢᠴᠠᠭᠠᠯᠲᠠ᠎ᠶ᠋ᠢ ᠤᠷᠢᠳᠴᠢᠯᠠᠨ ᠥᠷᠨᠢᠭᠦᠯᠵᠦ᠍᠂ ᠳᠠᠯᠳᠠ ᠭᠡᠮ᠎ᠢ ᠴᠠᠭ ᠲᠤᠬᠠᠢ᠎ᠳᠤᠨᠢ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠢ᠃ ᠡᠭᠦᠨ᠎ᠤ ᠬᠠᠮᠲᠤ᠌᠂ ᠪᠠᠴᠢᠮ ᠪᠠᠢᠳᠠᠯ᠎ᠢ ᠠᠷᠭ᠋ᠠᠴᠠᠭ᠋ᠠᠬᠤ ᠡᠳ᠋ ᠪᠣᠳᠠᠰ᠎ᠤᠨ ᠨᠥᠭᠡᠴᠡᠯᠡᠯᠲᠡ᠎ᠶ᠋ᠢ ᠰᠠᠢᠲᠤᠷ ᠬᠢᠵᠦ᠍᠂ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠪᠡᠯᠡᠳᠭᠡᠯ ᠲᠥᠰᠦᠯ᠎ᠢ ᠲᠡᠭᠦᠯᠳᠡᠷᠵᠢᠭᠦᠯᠦᠨ᠂ ᠵᠢᠵᠢᠭᠦᠷᠯᠡᠨ ᠰᠠᠬᠢᠬᠤ᠎ᠶ᠋ᠢ ᠴᠢᠩᠭᠠᠳᠭᠠᠵᠤ᠂ ᠪᠠᠶᠠᠷ᠎ᠤᠨ ᠡᠳᠦᠷ᠎ᠤᠨ ᠬᠤᠭᠤᠴᠠᠭᠠᠨ᠎ᠳᠠᠬᠢ ᠡᠯ᠎ᠡ ᠵᠦᠢᠯ᠎ᠤᠨ ᠠᠵᠢᠯ᠎ᠤᠨ ᠠᠮᠤᠷ ᠲᠦᠪᠱᠢᠨ ᠲᠣᠭ᠍ᠲᠠᠭᠤᠨ᠎ᠢᠶᠠᠷ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

  ᠦᠳᠡ᠎ᠶ᠋ᠢᠨ ᠬᠣᠢᠨ᠎ᠠ᠂ ᠪᠠᠢᠭᠠᠯᠢ᠎ᠶ᠋ᠢᠨ ᠮᠦᠽᠧᠶ ᠭᠠᠯ ᠤᠨᠲᠠᠷᠠᠭᠠᠬᠤ ᠵᠢᠴᠢ ᠴᠠᠬᠢᠯᠭᠠᠨ ᠬᠡᠷᠡᠭ᠌ᠯᠡᠬᠦ᠌ ᠠᠶᠤᠯ ᠦᠭᠡᠶ᠎ᠶ᠋ᠢᠨ ᠲᠤᠰᠭᠠᠶ ᠵᠦᠢᠯ᠎ᠦᠨ ᠪᠣᠯᠪᠠᠰᠤᠷᠠᠯ ᠎ᠢ ᠵᠣᠬᠢᠶᠠᠨ ᠪᠠᠢᠭᠤᠯᠤᠨ ᠥᠷᠨᠢᠭᠦᠯᠦᠨ᠎ᠡ᠃ ᠭᠠᠯ ᠤᠨᠲᠠᠷᠠᠭᠠᠬᠤ ᠠᠵᠢᠯᠯᠠᠭᠤᠯᠵᠤ ᠬᠠᠮᠠᠭᠠᠯᠠᠬᠤ ᠲᠤᠰᠭᠠᠶ ᠮᠡᠷᠭᠡᠵᠢᠯ᠎ᠤᠨ ᠠᠵᠢᠯᠲᠠᠨ ᠣᠷᠳᠣᠨ᠎ᠤ ᠳᠣᠲᠣᠷᠠᠬᠢ ᠭᠠᠯ ᠤᠨᠲᠠᠷᠠᠭᠠᠬᠤ ᠪᠡᠯᠡᠳᠭᠡᠮᠵᠢ᠎ᠶ᠋ᠢᠨ ᠦᠢᠯᠡᠳᠦᠯ᠂ ᠬᠡᠷᠡᠭ᠌ᠯᠡᠬᠦ᠌ ᠠᠷᠭ᠎ᠠ ᠵᠢᠴᠢ ᠭᠠᠯ ᠤᠨᠲᠠᠷᠠᠭᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠠᠭᠠᠷᠳᠠᠯᠭ᠎ᠠ ᠵᠡᠷᠭᠡ ᠠᠭᠤᠯᠭ᠎ᠠ᠎ᠶ᠋ᠢ ᠨᠠᠷᠢᠨ ᠲᠠᠢᠯᠪᠤᠷᠢᠯᠠᠨ᠎ᠠ᠃ ᠬᠠᠮᠢᠶ᠎ᠠ ᠪᠥᠬᠦᠶ ᠲᠤᠰᠭᠠᠶ ᠮᠡᠷᠭᠡᠵᠢᠯᠲᠡᠨ ᠪᠠᠰᠠ ᠴᠠᠬᠢᠯᠭᠠᠨ᠎ᠤ ᠠᠮᠤᠷ ᠲᠦᠪᠱᠢᠨ᠎ᠤ ᠪᠣᠯᠪᠠᠰᠤᠷᠠᠯ ᠬᠢᠵᠦ᠍᠂ ᠬᠠᠷᠢᠯᠴᠠᠨ ᠠᠰᠠᠭᠤᠯᠲᠠ ᠬᠠᠷᠢᠭᠤᠯᠲᠠ᠎ᠶ᠋ᠢᠨ ᠭᠤᠭ᠍ᠴᠤᠭ᠎ᠠ᠎ᠶ᠋ᠢ ᠲᠣᠬᠢᠷᠠᠭᠤᠯᠬᠤ᠎ᠪᠠᠷ ᠳᠠᠮᠵᠢᠭᠤᠯᠤᠨ᠂ ᠡᠳᠦᠷ ᠲᠤᠲᠤᠮ᠎ᠤᠨ ᠠᠵᠢᠯ᠎ᠤᠨ ᠳᠤᠮᠳᠠᠬᠢ ᠭᠠᠯ ᠤᠨᠲᠠᠷᠠᠭᠠᠬᠤ ᠪᠠ ᠴᠠᠬᠢᠯᠭᠠᠨ ᠬᠡᠷᠡᠭ᠌ᠯᠡᠬᠦ᠌ ᠠᠮᠤᠷ ᠲᠦᠪᠱᠢᠨ᠎ᠤ ᠲᠤᠬᠠᠶ ᠬᠠᠮᠢᠶ᠎ᠠ ᠪᠥᠬᠦᠶ ᠠᠰᠠᠭᠤᠳᠠᠯ᠎ᠳᠤ ᠨᠢᠭᠡᠳ ᠨᠢᠭᠡ᠎ᠪᠠᠷ ᠨᠠᠷᠢᠨ ᠨᠢᠮᠪᠠᠶ ᠬᠠᠷᠢᠭᠤᠯᠲᠠ ᠥᠭ᠌ᠴᠦ᠂ ᠪᠥᠬᠦ᠌ ᠠᠵᠢᠯᠲᠠᠨ᠎ᠤ ᠠᠶᠤᠯ ᠦᠭᠡᠢ ᠦᠢᠯᠡᠳᠪᠦᠷᠢᠯᠡᠯ᠎ᠤᠨ ᠮᠡᠳᠡᠯᠭᠡ᠎ᠶ᠋ᠢᠨ ᠲᠤᠬᠠᠶ ᠣᠢᠯᠠᠭᠠᠯᠲᠠ ᠪᠠ ᠬᠡᠷᠡᠭ᠌ᠯᠡᠭᠡᠨ᠎ᠤ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠪᠡ᠃

  ᠲᠣᠰ ᠤᠳᠠᠭᠠᠨ᠎ᠤ ᠬᠤᠷᠠᠯ ᠵᠢᠴᠢ  ᠪᠣᠯᠪᠠᠰᠤᠷᠠᠯ᠎ᠨᠢ ᠬᠤᠷᠠᠯ᠎ᠳᠤ ᠣᠷᠣᠯᠴᠠᠭ᠍ᠰᠠᠨ ᠪᠥᠬᠦ᠌ ᠬᠥᠮᠦᠰ᠎ᠤᠨ ᠦᠵᠡᠯ ᠰᠠᠨᠠᠭ᠎ᠠ ᠲᠠᠨᠢᠯᠲᠠ᠎ᠶ᠋ᠢ ᠤᠯᠠᠮ ᠨᠢᠭᠡ ᠠᠯᠬᠤᠮ ᠨᠢᠭᠡᠳᠭᠡᠵᠦ᠍᠂ ᠠᠶᠤᠯ ᠦᠭᠡᠢ ᠦᠶ᠋ᠯᠡᠳᠪᠦᠷᠢᠯᠡᠯ᠎ᠤᠨ ᠠᠵᠢᠯ᠎ᠤᠨ ᠭᠤᠤᠯᠳᠠᠯᠭ᠎ᠠ᠎ᠲᠠᠢ ᠴᠢᠭ᠌ᠯᠡᠯ ᠪᠠ ᠪᠣᠳᠠᠲᠠᠶ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠨ᠂ ᠪᠠᠢᠭᠠᠯᠢ᠎ᠶ᠋ᠢᠨ ᠮᠦᠽᠧᠶ᠎ᠶ᠋ᠢᠨ 2026 ᠣᠨ᠎ᠤ ᠠᠶᠤᠯ ᠦᠭᠡᠢ ᠦᠶ᠋ᠯᠡᠳᠪᠦᠷᠢᠯᠡᠯ᠎ᠤᠨ ᠠᠵᠢᠯ᠎ᠢ ᠡᠮᠬᠢ ᠵᠢᠷᠤᠮ᠎ᠲᠠᠢ ᠥᠷᠨᠢᠭᠦᠯᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ᠃ ᠲᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ ᠲᠣᠰ ᠤᠳᠠᠭᠠᠨ᠎ᠤ ᠬᠤᠷᠠᠯ ᠪᠠ ᠪᠣᠯᠪᠠᠰᠤᠷᠠᠯ᠎ᠢᠶᠠᠷ ᠠᠵᠠ ᠲᠣᠬᠢᠶᠠᠯ ᠪᠣᠯᠭᠠᠵᠤ᠂ ᠡᠯ᠎ᠡ ᠵᠦᠢᠯ᠎ᠤᠨ ᠠᠮᠤᠷ ᠲᠦᠪᠱᠢᠨ᠎ᠤ ᠠᠵᠢᠯ᠎ᠢ ᠦᠨᠡᠨ ᠬᠦ᠌ ᠪᠣᠳᠠᠲᠠᠶ᠎ᠳᠤ ᠨᠠᠢᠳᠠᠪᠤᠷᠢᠵᠢᠭᠤᠯᠵᠤ᠂ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠬᠢᠷᠢ ᠲᠦᠪᠱᠢᠨ᠎ᠢᠶᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠥᠷᠭᠡᠨ ᠣᠯᠠᠨ ᠦᠵᠡᠭ᠌ᠴᠢᠳ᠎ᠲᠤ ᠠᠮᠤᠷ ᠲᠦᠪᠱᠢᠨ ᠡᠮᠬᠢ ᠵᠢᠷᠤᠮ᠎ᠲᠠᠢ ᠲᠣᠭᠤᠷᠢᠨ ᠦᠵᠡᠬᠦ᠌ ᠣᠷᠴᠢᠨ ᠲᠣᠭᠤᠷᠢᠨ᠎ᠢ ᠪᠣᠶ ᠪᠣᠯᠭᠠᠵᠤ ᠥᠭ᠌ᠭᠦᠨ᠎ᠡ᠃

ᠢᠷᠡᠯᠲᠡ᠄ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ