1 ᠳ᠋ᠦ᠍ᠭᠡᠷ ᠰᠠᠷ᠎ᠠ᠎ᠶ᠋ᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠪᠥᠬᠦ᠌ ᠣᠷᠣᠨ᠎ᠤ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠶᠡᠷᠦᠩᠬᠡᠢ ᠲᠥᠯᠦᠪᠵᠢᠭᠦᠯᠭᠡ᠎ᠶ᠋ᠢ ᠬᠥᠳᠡᠯᠦᠩᠭᠦᠢ᠎ᠪᠠᠷ ᠲᠣᠬᠢᠷᠠᠭᠤᠯᠤᠨ ᠲᠡᠭᠦᠯᠳᠡᠷᠵᠢᠭᠦᠯᠬᠦ᠌ ᠠᠵᠢᠯ᠎ᠢ ᠡᠬᠢᠯᠡᠭᠦᠯᠬᠦ᠌ ᠪᠠᠢᠷᠢᠯᠠᠭᠤᠯᠤᠯᠲᠠ᠎ᠶ᠋ᠢᠨ ᠬᠤᠷᠠᠯ ᠬᠤᠷᠠᠯᠳᠤᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠬᠠᠮᠢᠶ᠎ᠠ ᠪᠦᠬᠦᠢ ᠠᠵᠢᠯ᠎ᠤᠨ ᠱᠠᠭᠠᠷᠳᠠᠯᠭ᠎ᠠ᠎ᠶ᠋ᠢ ᠤᠯᠠᠮᠵᠢᠯᠠᠵᠤ᠂ ᠪᠥᠬᠦ᠌ ᠣᠷᠣᠨ᠎ᠤ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠶᠡᠷᠦᠩᠬᠡᠢ ᠲᠥᠯᠦᠪᠵᠢᠭᠦᠯᠭᠡ᠎ᠶ᠋ᠢ ᠬᠥᠳᠡᠯᠦᠩᠭᠦᠢ᠎ᠪᠠᠷ ᠲᠣᠬᠢᠷᠠᠭᠤᠯᠤᠨ ᠲᠡᠭᠦᠯᠳᠡᠷᠵᠢᠭᠦᠯᠬᠦ᠌ ᠡᠯ᠎ᠡ ᠵᠦᠢᠯ᠎ᠤᠨ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠲᠤᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠠᠴᠠ᠂ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠶᠡᠷᠦᠩᠬᠡᠢ ᠲᠥᠯᠥᠪᠵᠢᠭᠦᠯᠭᠡ᠎ᠶ᠋ᠢ ᠬᠥᠳᠡᠯᠦᠩᠭᠦᠢ᠎ᠪᠠᠷ ᠲᠣᠬᠢᠷᠠᠭᠤᠯᠤᠨ ᠲᠡᠭᠦᠯᠳᠡᠷᠵᠢᠭᠦᠯᠬᠦ᠌ ᠠᠵᠢᠯ᠎ᠢ ᠥᠷᠨᠢᠭᠦᠯᠬᠦ᠌ ᠪᠣᠯ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠨᠠᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠢᠵᠤ᠂ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢᠨ ᠰᠠᠭᠤᠷᠢ ᠦᠢᠯᠡᠳᠦᠯ᠎ᠢ ᠤᠯᠠᠮ ᠴᠢᠨᠠᠭ᠍ᠰᠢᠳᠠ ᠪᠠᠳᠠᠷᠠᠭᠤᠯᠬᠤ᠂ ᠣᠷᠣᠨ ᠵᠠᠢ᠎ᠶ᠋ᠢᠨ ᠪᠠᠢᠷᠢᠱᠢᠭᠤᠯᠤᠯᠲᠠ᠎ᠶ᠋ᠢ ᠬᠦᠳᠦᠯᠦᠨ ᠳᠠᠭᠠᠭᠤᠯᠬᠤ ᠪᠠ ᠪᠠᠢᠭᠠᠯᠢ᠎ᠶ᠋ᠢᠨ ᠡᠬᠢ ᠪᠠᠶᠠᠯᠢᠭ᠎ᠤᠨ ᠡᠯᠧᠮᠧᠨ᠋ᠲ᠎ᠤᠨ ᠲᠤᠬᠢᠷᠠᠭᠤᠯᠤᠯᠳᠠ᠎ᠶ᠋ᠢ ᠴᠢᠩᠭᠠᠳᠭᠠᠵᠤ᠂ ᠳᠠᠪᠠᠭᠤᠯᠢᠭ᠎ᠢᠶᠠᠨ ᠬᠠᠷᠢᠯᠴᠠᠨ ᠨᠥᠬᠦᠪᠥᠷᠢᠯᠡᠬᠦ᠂ ᠴᠢᠨᠠᠷ ᠰᠠᠢᠲᠠᠢ ᠬᠥᠭ᠌ᠵᠢᠬᠦ᠌᠎ᠶ᠋ᠢ ᠠᠬᠢᠭᠤᠯᠬᠤ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠭᠤᠯᠤᠯᠲᠠ ᠪᠣᠯᠤᠨ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠲᠣᠭᠲᠠᠯᠴᠠᠭ᠎ᠠ᠎ᠶᠢ ᠪᠦᠷᠢᠯᠳᠦᠭᠦᠯᠬᠦ᠌᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠯ᠎ᠡ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠲᠥᠷᠥᠯ ᠵᠦᠶ᠋ᠯ᠎ᠤᠨ ᠪᠣᠶ ᠪᠣᠯᠬᠤ ᠱᠠᠲᠤᠨ᠎ᠳᠤ ᠤᠷᠢᠳᠴᠢᠯᠠᠨ ᠦᠶ᠋ᠯᠡᠴᠢᠯᠡᠵᠦ᠍᠂ ᠬᠥᠭ᠌ᠵᠢᠭᠦᠯᠦᠯᠲᠡ ᠥᠭᠡᠷᠡᠴᠢᠯᠡᠯᠲᠡ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠂ ᠠᠮᠢ ᠠᠬᠤᠶ᠎ᠶ᠋ᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠤᠰᠤᠨ ᠠᠱᠢᠭ᠍ᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠬᠥᠳᠡᠭᠡ ᠲᠣᠰᠭᠤᠨ᠂ ᠰᠣᠶᠣᠯ ᠵᠢᠭᠤᠯᠴᠢᠯᠠᠯ᠂ ᠡᠨᠧᠷᠭᠢ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ 《ᠠᠷᠪᠠᠨ ᠲᠠᠪᠤᠳᠤᠭᠠᠷ ᠲᠠᠪᠤᠨ ᠵᠢᠯ》 ᠤᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠲᠤᠰᠭᠠᠶ ᠲᠥᠯᠥᠪᠵᠢᠭᠦᠯᠭᠡ᠎ᠶ᠋ᠢ ᠨᠠᠢᠳᠠᠪᠤᠷᠢᠵᠢᠭᠤᠯᠬᠤ᠂ ᠴᠢᠬᠤᠯᠠ ᠶᠡᠭᠡ ᠲᠥᠷᠥᠯ ᠵᠦᠶ᠋ᠯ᠎ᠢ ᠲᠥᠯᠥᠪᠵᠢᠭᠦᠯᠬᠦ᠂ ᠭᠠᠵᠠᠷ ᠰᠣᠩᠭᠤᠬᠤ ᠱᠤᠭᠤᠮ᠎ᠤᠨ ᠲᠥᠰᠦᠯ᠎ᠢ ᠬᠠᠷᠢᠴᠠᠭᠤᠯᠤᠨ ᠰᠣᠩᠭᠤᠬᠤ᠂ ᠲᠥᠯᠥᠪᠵᠢᠭᠦᠯᠭᠡ᠎ᠶ᠋ᠢ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶ᠋ᠢ ᠬᠠᠷᠢᠴᠠᠭᠤᠯᠤᠨ ᠵᠠᠳᠠᠯᠬᠤ ᠵᠡᠷᠭᠡ ᠠᠵᠢᠯ᠎ᠢ ᠬᠠᠮᠵᠢᠯᠴᠠᠨ ᠠᠬᠢᠭᠤᠯᠵᠤ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ 《ᠨᠢᠭᠡ ᠵᠢᠷᠤᠭ》 ᠲᠤ ᠣᠷᠣᠨ ᠵᠠᠶ᠎ᠶ᠋ᠢᠨ ᠵᠥᠷᠢᠴᠡᠯ ᠮᠥᠷᠭᠦᠯᠳᠦᠭᠡᠨ᠎ᠢ ᠵᠣᠬᠢᠴᠠᠭᠤᠯᠤᠨ ᠱᠢᠶ᠋ᠳᠪᠦᠷᠢᠯᠡᠵᠦ᠍᠂ ᠲᠥᠯᠥᠪᠵᠢᠭᠦᠯᠭᠡ᠎ᠶ᠋ᠢ ᠬᠥᠳᠡᠯᠦᠩᠭᠦᠶ᠎ᠪᠠᠷ ᠳᠣᠭᠢᠷᠠᠭᠤᠯᠤᠨ ᠲᠡᠭᠦᠯᠳᠡᠷᠵᠢᠭᠦᠯᠬᠦ᠌ ᠲᠥᠰᠦᠯ᠎ᠳᠤ ᠨᠢᠭᠡᠳᠦᠯᠲᠡᠶ ᠲᠥᠯᠥᠪᠯᠡᠨ ᠣᠷᠣᠭᠤᠯᠵᠤ᠂ ᠴᠢᠬᠤᠯᠠ ᠶᠡᠭᠡ ᠲᠥᠷᠥ᠎ᠶ᠋ᠢᠨ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ ᠲᠥᠷᠥᠯ ᠵᠦᠶ᠋ᠯ᠎ᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭ᠌ᠲᠡᠶ ᠭᠡᠵᠦ ᠱᠠᠭ᠋ᠠᠷᠳᠠᠪᠠ᠃
ᠬᠤᠷᠠᠯ᠎ᠠᠴᠠ᠂ ᠡᠯ᠎ᠡ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠶᠡᠷᠦᠩᠬᠡᠶ ᠲᠥᠯᠥᠪᠵᠢᠭᠦᠯᠭᠡ᠎ᠶ᠋ᠢ ᠬᠥᠳᠡᠯᠦᠩᠭᠦᠶ᠎ᠪᠠᠷ ᠲᠣᠬᠢᠷᠠᠭᠤᠯᠤᠨ ᠲᠡᠭᠦᠯᠳᠡᠷᠵᠢᠭᠦᠯᠬᠦ᠌᠎ᠶ᠋ᠢᠨ ᠴᠢᠬᠤᠯᠠ ᠠᠴᠢ ᠬᠤᠯᠪᠣᠭ᠍ᠳᠠᠯ᠎ᠢ ᠭᠦᠢᠴᠡᠳ ᠲᠠᠨᠢᠵᠤ᠂ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠳᠤ ᠬᠠᠮᠢᠶ᠎ᠠ ᠪᠥᠬᠦᠶ ᠪᠠᠢᠳᠠᠯ᠎ᠢᠶᠠᠨ ᠴᠠᠭ ᠲᠤᠬᠠᠶ᠎ᠳᠤᠨᠢ ᠮᠡᠳᠡᠭᠦᠯᠵᠦ᠍᠂ ᠠᠵᠢᠯ᠎ᠤᠨ ᠵᠠᠷᠤᠳᠠᠯ᠎ᠢ ᠨᠠᠢᠳᠠᠪᠤᠷᠢᠵᠢᠭᠤᠯᠬᠤ᠎ᠶ᠋ᠢ ᠪᠠᠲᠤᠯᠠᠵᠤ᠂ ᠲᠤᠬᠠᠢᠯᠠᠭ᠍ᠰᠠᠨ ᠠᠵᠢᠯ᠎ᠢ ᠳᠠᠭᠠᠭᠠᠨ ᠡᠭᠦᠷᠭᠡᠯᠡᠬᠦ᠌ ᠨᠢᠭᠡᠴᠢ᠎ᠶ᠋ᠢ ᠲᠣᠭ᠍ᠲᠠᠭᠠᠬᠤ ᠬᠡᠷᠡᠭ᠌ᠲᠡᠶ᠃ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠪᠠᠢᠷᠢᠯᠠᠭᠤᠯᠤᠯᠲᠠ ᠵᠢᠴᠢ ᠲᠣᠰ ᠤᠳᠠᠭᠠᠨ᠎ᠤ ᠬᠤᠷᠠᠯ᠎ᠤᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠬᠡᠷᠡᠭ᠌ᠴᠡᠭᠡ ᠶᠣᠰᠣᠭᠠᠷ ᠲᠥᠯᠥᠪᠵᠢᠭᠦᠯᠭᠡ᠎ᠶ᠋ᠢ ᠬᠥᠳᠡᠯᠦᠩᠭᠦᠶ᠎ᠪᠠᠷ ᠲᠣᠬᠢᠷᠠᠭᠤᠯᠤᠨ ᠲᠡᠭᠦᠯᠳᠡᠷᠵᠢᠭᠦᠯᠵᠦ᠍᠂ ᠤᠯᠤᠰ᠎ᠤᠨ ᠲᠣᠭ᠍ᠲᠠᠭᠠᠭ᠍ᠰᠠᠨ ᠬᠤᠭᠤᠴᠠᠭᠠᠨ ᠳᠣᠲᠣᠷ᠎ᠠ ᠡᠭᠦᠷᠭᠡ᠎ᠪᠠᠨ ᠴᠢᠨᠠᠷ ᠰᠠᠢᠲᠠᠶ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠰᠠᠢᠨ ᠡᠬᠢᠯᠡᠯᠲᠡ᠎ᠲᠠᠢ ᠪᠣᠯᠭᠠᠬᠤ᠂ ᠰᠠᠢᠨ ᠡᠬᠢᠯᠡᠯᠲᠡ᠎ᠲᠠᠢ ᠪᠣᠯᠭᠠᠬᠤ᠎ᠳᠤ ᠪᠠᠲᠤ ᠪᠠᠬᠢ ᠰᠠᠭᠤᠷᠢ ᠲᠠᠯᠪᠢᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠬᠤᠯᠪᠣᠭ᠍ᠳᠠᠯ ᠪᠥᠬᠦᠶ ᠭᠠᠵᠠᠷ ᠠᠯᠪᠠᠨ ᠬᠡᠷ ᠲᠣᠪᠴᠢᠶ᠎ᠠ᠎ᠶ᠋ᠢᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠂ ᠵᠠᠮ ᠬᠠᠷᠢᠯᠴᠠᠭᠠᠨ᠎ᠤ ᠲᠢᠩᠬᠢᠮ᠂ ᠤᠰᠤᠨ ᠠᠱᠢᠭ᠍ᠯᠠᠯᠲᠠ᠎ᠶ᠋ᠢᠨ ᠲᠢᠩᠬᠢᠮ᠂ ᠡᠨᠧᠷᠭᠢ᠎ᠶ᠋ᠢᠨ ᠲᠣᠪᠴᠢᠶ᠎ᠠ᠎ᠶ᠋ᠢᠨ ᠬᠤᠯᠪᠣᠭ᠍ᠳᠠᠯ ᠪᠥᠬᠦᠶ ᠭᠠᠵᠠᠷ ᠠᠯᠪᠠᠨ ᠲᠠᠰᠤᠭ᠎ᠤᠨ ᠬᠠᠷᠢᠭᠤᠴᠠᠯᠭᠠᠲᠠᠨ᠂ ᠡᠯ᠎ᠡ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠬᠤᠪᠢᠳᠠᠨ ᠬᠠᠮᠢᠶᠠᠷᠬᠤ ᠳᠡᠳ᠋ ᠳᠠᠷᠤᠭ᠎ᠠ᠂ ᠲᠥᠯᠥᠪᠵᠢᠭᠦᠯᠭᠡ᠎ᠶ᠋ᠢᠨ ᠰᠠᠯᠠᠭ᠎ᠠ ᠠᠯᠪᠠᠨ ᠲᠠᠰᠤᠭ᠎ᠤᠨ ᠬᠠᠷᠢᠭᠤᠴᠠᠯᠭᠠᠲᠠᠨ ᠵᠢᠴᠢ ᠬᠤᠯᠪᠣᠭ᠍ᠳᠠᠯ ᠪᠥᠬᠦᠶ ᠠᠵᠢᠯᠲᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠬᠦᠷᠢᠶᠡᠯᠡᠩ᠎ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠬᠤᠯᠪᠣᠭ᠍ᠳᠠᠯ ᠪᠥᠬᠦᠶ ᠠᠵᠢᠯᠲᠠᠨ ᠨᠡᠢᠲᠡ 100 ᠭᠠᠷᠤᠶ ᠬᠥᠮᠦᠨ ᠬᠤᠷᠠᠯ᠎ᠳᠤ ᠣᠷᠣᠯᠴᠠᠵᠠᠶ᠃