ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠶᠡᠷᠦᠩᠬᠡᠢ ᠪᠠᠲᠤᠯᠠᠭ᠎ᠠ᠎ᠶ᠋ᠢᠨ ᠲᠥᠪ ᠲᠠᠩᠰᠠ ᠡᠪᠬᠡᠮᠡᠯ᠎ᠤᠨ ᠬᠥᠮᠥᠷᠭᠡ᠎ᠶ᠋ᠢᠨ ᠠᠮᠤᠷ ᠲᠦᠪᠱᠢᠨ᠎ᠤ ᠲᠤᠰᠭᠠᠶ ᠵᠦᠶ᠋ᠯ᠎ᠤᠨ ᠥᠪᠡᠰᠦᠪᠡᠨ ᠪᠠᠢᠴᠠᠭᠠᠬᠤ ᠠᠵᠢᠯ᠎ᠢ ᠯᠠᠪᠳᠠᠭᠤᠨ ᠪᠠᠲᠤᠲᠠᠶ ᠦᠷᠨᠢᠭᠦᠯᠦᠨ᠎ᠡ
2026-01-15

  ᠲᠠᠩᠰᠠ ᠡᠪᠬᠡᠮᠡᠯ᠎ᠤᠨ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠪᠠᠬᠢᠵᠢᠭᠦᠯᠵᠦ᠍᠂ ᠲᠠᠩᠰᠠ ᠡᠪᠬᠡᠮᠡᠯ᠎ᠤᠨ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠂ ᠲᠠᠩᠰᠠ ᠡᠪᠬᠡᠮᠡᠯ᠎ᠤᠨ ᠬᠥᠮᠥᠷᠭᠡ᠎ᠶ᠋ᠢᠨ ᠠᠶᠤᠯ ᠲᠦᠭ᠌ᠰᠢᠭᠦᠷᠢ᠎ᠶ᠋ᠢᠨ ᠳᠠᠯᠳᠠ ᠬᠡᠮ᠎ᠢ ᠪᠥᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠠᠷᠢᠯᠭᠠᠬᠤ᠎ᠶ᠋ᠢᠨ ᠲᠥᠯᠥᠭᠡ᠂ 1 ᠳ᠋ᠦ᠍ᠭᠡᠷ ᠰᠠᠷ᠎ᠠ᠎ᠶ᠋ᠢᠨ 14 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠶᠡᠷᠦᠩᠬᠡᠢ ᠪᠠᠲᠤᠯᠠᠭ᠎ᠠ᠎ᠶ᠋ᠢᠨ ᠲᠥᠪ᠎ᠠᠴᠠ ᠲᠠᠩᠰᠠ ᠡᠪᠬᠡᠮᠡᠯ᠎ᠤᠨ ᠬᠥᠮᠥᠷᠭᠡ᠎ᠶ᠋ᠢᠨ ᠠᠮᠤᠷ ᠲᠦᠪᠱᠢᠨ᠎ᠤ ᠲᠤᠰᠭᠠᠶ ᠵᠦᠢᠯ᠎ᠤᠨ ᠥᠪᠡᠰᠦᠪᠡᠨ ᠪᠠᠢᠴᠠᠭᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠪᠠᠢᠭᠤᠯᠭ᠎ᠠ᠎ᠶ᠋ᠢᠨ ᠲᠠᠩᠰᠠ ᠡᠪᠬᠡᠮᠡᠯ᠎ᠤᠨ ᠬᠥᠮᠥᠷᠭᠡ᠎ᠳᠤ ᠲᠣᠤᠷ ᠲᠠᠲᠠᠬᠤ ᠬᠡᠯᠪᠡᠷᠢ᠎ᠶ᠋ᠢᠨ ᠪᠠᠢᠴᠠᠭᠠᠯᠲᠠ ᠬᠢᠵᠦ᠍᠂《ᠥᠯᠥ᠍ ᠣᠨᠣᠭ᠍ᠳᠠᠬᠤ ᠪᠤᠯᠤᠩ᠂ ᠥ ᠰᠡᠪ ᠥᠬᠡᠶ᠂ ᠳᠠᠯᠳᠠ ᠬᠡᠮ ᠥᠬᠡᠶ》ᠪᠠᠷᠢᠮᠵᠢᠶ᠎ᠠ᠎ᠪᠠᠷ ᠲᠠᠩᠰᠠ ᠡᠪᠬᠡᠮᠡᠯ᠎ᠤᠨ ᠡᠬᠢ ᠪᠠᠶᠠᠯᠢᠭ᠎ᠤᠨ ᠠᠮᠤᠷ ᠲᠦᠪᠱᠢᠨ᠎ᠢ ᠰᠠᠬᠢᠨ ᠬᠠᠮᠠᠭ᠋ᠠᠯᠠᠨ᠎ᠠ᠃

  ᠲᠣᠰ ᠤᠳᠠᠭᠠᠨ᠎ᠤ ᠪᠠᠢᠴᠠᠭᠠᠯᠲᠠ᠎ᠳᠤ ᠬᠥᠮᠥᠷᠭᠡ᠎ᠶ᠋ᠢᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠭᠤᠤᠯ ᠱᠠᠭᠠᠷᠳᠠᠯᠭ᠎ᠠ᠎ᠶ᠋ᠢ ᠴᠢᠩᠭ᠎ᠠ ᠡᠵᠡᠮᠳᠡᠵᠦ᠍᠂ ᠪᠣᠳᠠᠲᠤ ᠴᠣᠭ᠍ᠴᠠ᠎ᠶ᠋ᠢᠨ ᠰᠡᠷᠭᠡᠢᠯᠡᠨ ᠬᠠᠮᠠᠭᠠᠯᠠᠬᠤ᠂ ᠲᠠᠩᠰᠠ ᠡᠪᠬᠡᠮᠡᠯ᠎ᠤᠨ ᠬᠠᠮᠢᠶᠠᠷᠤᠯᠲᠠ ᠬᠠᠮᠠᠭᠠᠯᠠᠯᠲᠠ᠂ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ ᠭᠤᠷᠪᠠᠨ ᠶᠡᠭᠡ ᠭᠤᠤᠯᠳᠠᠯᠭ᠎ᠠ᠎ᠶ᠋ᠢᠨ ᠲᠣᠭᠤᠷᠢᠨ᠎ᠳᠤ᠂ 8 ᠲᠠᠰᠤᠯᠭ᠎ᠠ ᠬᠥᠮᠥᠷᠭᠡ᠎ᠶ᠋ᠢᠨ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠪᠡᠯᠡᠳᠭᠡᠮᠵᠢ᠎ᠶ᠋ᠢᠨ ᠠᠵᠢᠯᠯᠠᠭᠠᠨ᠂ ᠲᠠᠩᠰᠠ ᠡᠪᠬᠡᠮᠡᠯ᠎ᠤᠨ ᠵᠢᠷᠤᠮᠵᠢᠯ᠎ᠢ ᠬᠠᠳᠠᠭᠠᠯᠠᠬᠤ᠂ ᠭᠠᠯ ᠤᠨᠲᠠᠷᠠᠭᠠᠬᠤ ᠪᠠᠭᠠᠵᠢ ᠬᠡᠷᠡᠭ᠌ᠰᠡᠯ᠎ᠢ ᠲᠣᠬᠢᠷᠠᠭᠤᠯᠤᠭ᠍ᠰᠠᠨ ᠵᠡᠷᠭᠡ ᠪᠠᠢᠳᠠᠯ᠎ᠢ ᠵᠦᠶ᠋ᠯ ᠳᠠᠷᠠᠭᠠᠯᠠᠨ ᠬᠢᠨᠠᠨ ᠪᠠᠢᠴᠠᠭᠠᠵᠤ᠂ ᠣᠨᠴᠠᠭᠠᠶ ᠠᠴᠢᠶᠠᠯᠠᠪᠤᠷᠢ᠎ᠶ᠋ᠢᠨ ᠲᠠᠩᠰᠠ ᠡᠪᠬᠡᠮᠡᠯ᠎ᠤᠨ ᠬᠠᠮᠢᠶᠠᠷᠤᠯᠲᠠ ᠬᠠᠮᠠᠭᠠᠯᠠᠯᠲᠠ᠎ᠶ᠋ᠢᠨ ᠪᠠᠢᠳᠠᠯ᠎ᠢ ᠭᠤᠤᠯᠳᠠᠯᠭ᠎ᠠ᠎ᠲᠠᠢ ᠪᠠᠢᠴᠠᠭᠠᠪᠠ᠃ 《ᠪᠠᠢᠴᠠᠭᠠᠬᠤ᠎ᠳᠤ ᠥᠨᠴᠥᠭ ᠪᠤᠯᠤᠩ ᠦᠯᠡᠳᠡᠭᠡᠬᠦ᠌ ᠦᠭᠡᠢ᠂ ᠴᠡᠭ᠌ᠴᠡᠯᠡᠨ ᠰᠠᠢᠵᠢᠷᠠᠭᠤᠯᠬᠤ᠎ᠳᠤ ᠰᠡᠭᠦᠯ ᠦᠯᠡᠳᠡᠭᠡᠬᠦ᠌ ᠦᠭᠡᠢ》 ᠪᠠᠢᠬᠤ᠎ᠶ᠋ᠢ ᠪᠠᠷᠢᠮᠲᠠᠯᠠᠵᠤ᠂ ᠢᠯᠡᠷᠡᠭᠦᠯᠦᠭ᠌ᠰᠡᠨ ᠠᠰᠠᠭᠤᠳᠠᠯ᠎ᠤᠨ ᠳᠠᠯᠳᠠ ᠭᠡᠮ᠎ᠳᠤ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭᠠᠲᠠᠨ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠪᠡᠶᠡᠯᠡᠭᠦᠯᠬᠦ᠌ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠳᠠᠯᠳᠠ ᠭᠡᠮ᠎ᠢ ᠠᠷᠢᠯᠭᠠᠬᠤ᠎ᠶ᠋ᠢ ᠦᠨᠡᠨᠬᠦ᠌ ᠪᠠᠲᠤᠯᠠᠬᠤ ᠬᠡᠷᠡᠭ᠌ᠲᠡᠢ᠃ ᠡᠭᠦᠨ᠎ᠤ ᠬᠠᠮᠲᠤ᠌᠂ ᠬᠥᠮᠥᠷᠭᠡ᠎ᠶ᠋ᠢᠨ ᠬᠥᠮᠥᠷᠭᠡ᠎ᠳᠤ ᠤᠷᠤᠭᠤᠯᠵᠦ ᠭᠠᠷᠭ᠋ᠠᠬᠤ ᠳᠡᠩᠰᠡᠯᠡᠯᠲᠡ᠂ ᠳᠤᠯᠠᠭᠠᠨ ᠴᠢᠭᠢᠭ᠎ᠤᠨ ᠬᠡᠮᠵᠢᠶ᠎ᠡ᠎ᠶ᠋ᠢᠨ ᠳᠡᠩᠰᠡᠯᠡᠯᠲᠡ᠎ᠶ᠋ᠢ ᠵᠡᠷᠭᠡᠪᠡᠷ ᠬᠢᠨᠠᠨ ᠪᠠᠢᠴᠠᠭᠠᠵᠤ᠂ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠎ᠶ᠋ᠢ ᠦᠨᠡᠨᠬᠦ᠌ ᠪᠠᠲᠤᠯᠠᠨ᠎ᠠ᠃

  ᠲᠣᠰ ᠤᠳᠠᠭᠠᠨ᠎ᠤ ᠪᠠᠢᠴᠠᠭᠠᠯᠲᠠ᠎ᠨᠢ ᠲᠠᠩᠰᠠ ᠡᠪᠬᠡᠮᠡᠯ᠎ᠤᠨ ᠪᠣᠳᠠᠲᠤ ᠴᠣᠭ᠍ᠴᠠ᠎ᠶ᠋ᠢᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠰᠠᠭᠤᠷᠢ᠎ᠶ᠋ᠢ ᠤᠯᠠᠮ ᠨᠢᠭᠡ ᠠᠯᠬᠤᠮ ᠪᠠᠬᠢᠵᠢᠭᠦᠯᠵᠦ᠍᠂ ᠪᠥᠬᠦ᠌ ᠲᠠᠩᠰᠠ ᠡᠪᠬᠡᠮᠡᠯ᠎ᠤᠨ ᠬᠠᠮᠢᠶᠠᠷᠤᠯᠲᠠ᠎ᠶ᠋ᠢᠨ ᠠᠵᠢᠯᠲᠠᠨ᠎ᠤ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢᠨ ᠤᠬᠠᠮᠰᠠᠷ᠎ᠢ ᠴᠢᠩᠭᠠᠳᠭᠠᠪᠠ᠃ ᠲᠠᠷᠠᠭᠠᠴᠢ᠎ᠶ᠋ᠢᠨ ᠠᠯᠬᠤᠮ᠎ᠳᠤ᠂ ᠲᠢᠩᠬᠢᠮ᠎ᠤᠨ ᠶᠡᠷᠦᠩᠬᠡᠢ ᠪᠠᠲᠤᠯᠠᠭ᠎ᠠ᠎ᠶ᠋ᠢᠨ ᠲᠥᠪ᠎ᠠᠴᠠ ᠬᠥᠮᠥᠷᠭᠡ᠎ᠶ᠋ᠢᠨ ᠠᠮᠤᠷ ᠲᠦᠪᠱᠢᠨ᠎ᠤ ᠲᠣᠭᠤᠷᠢᠨ ᠪᠠᠢᠴᠠᠭᠠᠯᠲᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠦᠨ᠂ ᠬᠥᠮᠥᠷᠭᠡ᠎ᠶ᠋ᠢᠨ ᠠᠮᠤᠷ ᠲᠦᠪᠱᠢᠨ᠎ᠤ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠪᠠᠷᠢᠮᠵᠢᠶ᠎ᠠ᠎ᠶ᠋ᠢ ᠴᠢᠩᠳᠠᠯᠠᠬᠤ᠂ ᠪᠣᠳᠠᠲᠠᠶ ᠠᠷᠭ᠎ᠠ ᠬᠡᠮᠵᠢᠶ᠎ᠡ᠎ᠪᠠᠷ ᠲᠠᠩᠰᠠ ᠡᠪᠬᠡᠮᠡᠯ᠎ᠤᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠠᠩᠰᠠ ᠡᠪᠬᠡᠮᠡᠯ᠎ᠤᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠶᠡᠷᠦᠩᠬᠡᠢ ᠪᠠᠲᠤᠯᠠᠭ᠎ᠠ᠎ᠶ᠋ᠢᠨ ᠲᠥᠪ