ᠤᠯᠠᠭᠠᠨᠬᠠᠳᠠ ᠬᠤᠲᠠ᠎ᠶ᠋ᠢᠨ ᠶᠤᠸᠠᠨ ᠪᠦᠦ ᠱᠠᠨ ᠲᠣᠭᠤᠷᠢᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠴᠢᠩᠭ᠎ᠠ ᠰᠠᠬᠢᠵᠤ ᠣᠷᠣᠨ ᠪᠦᠰᠡ᠎ᠶ᠋ᠢᠨ ᠠᠮᠢ ᠠᠬᠤᠶ᠎ᠶ᠋ᠢᠨ ᠬᠠᠯᠬᠠᠪᠴᠢ᠎ᠶ᠋ᠢ ᠪᠡᠬᠢᠵᠢᠭᠦᠯᠦᠨ᠎ᠡ
2026-01-20

  ᠤᠢ᠍ᠢᠷ᠎ᠠ᠎ᠶ᠋ᠢᠨ ᠵᠢᠯ᠎ᠠᠴᠠ᠂ ᠤᠯᠠᠭᠠᠨᠬᠠᠳᠠ ᠬᠤᠳᠠ᠎ᠶ᠋ᠢᠨ ᠶᠤᠸᠠᠨ ᠪᠦᠦ ᠱᠠᠨ ᠲᠣᠭᠤᠷᠢᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠠᠭᠠᠨ ᠰᠠᠭᠤᠷᠢᠯᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠤᠷᠪᠠᠨ ᠲᠠᠯ᠎ᠠ᠎ᠠᠴᠠ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠠᠮᠢᠶᠠᠷᠤᠯᠲᠠ ᠡᠵᠡᠮᠳᠡᠯ᠎ᠢ ᠴᠢᠩᠭᠠᠳᠭᠠᠵᠤ᠂ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠦᠨᠡᠨ ᠬᠦ᠌ ᠪᠠᠬᠢᠵᠢᠭᠦᠯᠵᠦ᠍᠂ ᠤᠯᠠᠭᠠᠨ ᠱᠤᠭᠤᠮ᠎ᠢ 《ᠪᠣᠳᠠᠲᠠᠢ ᠲᠥᠯᠥᠪᠵᠢᠭᠦᠯᠵᠦ᠂ ᠪᠠᠲᠤ ᠰᠠᠬᠢᠵᠤ᠂ ᠴᠢᠩᠭ᠎ᠠ ᠬᠠᠮᠢᠶᠠᠷᠬᠤ》 ᠎ᠶ᠋ᠢ ᠪᠠᠲᠤᠯᠠᠪᠠ᠃

  ᠡᠬᠢ ᠡᠭᠦᠰᠦᠯ᠎ᠠᠴᠠ᠎ᠨᠢ ᠴᠢᠩᠭ᠎ᠠ ᠠᠳᠭᠤᠵᠤ᠂ ᠤᠯᠠᠭᠠᠨ ᠱᠤᠭᠤᠮ᠎ᠢ ᠤᠷᠢᠳ᠎ᠢᠶᠠᠷ ᠬᠢᠨᠠᠨ ᠪᠠᠢᠴᠠᠭᠠᠬᠤ᠎ᠶ᠋ᠢ ᠨᠠᠢᠳᠠᠪᠤᠷᠢᠵᠢᠭᠤᠯᠤᠨ᠎ᠠ᠃ ᠲᠥᠷᠥᠯ ᠵᠦᠢᠯ᠎ᠤᠨ ᠡᠮᠦᠨᠡᠬᠢ ᠬᠤᠭᠤᠴᠠᠭᠠᠨ᠎ᠤ ᠲᠥᠯᠥᠪᠵᠢᠭᠦᠯᠭᠡ ᠬᠢᠭᠡᠳ ᠭᠠᠵᠠᠷ ᠰᠣᠩᠭᠤᠬᠤ ᠱᠠᠲᠤᠨ᠎ᠳᠤ᠂ ᠸᠧᠺᠲ᠋ᠤᠷ᠎ᠤᠨ ᠳ᠋ᠡᠢ᠌ᠲ᠋ᠠ᠎ᠳᠤ ᠲᠦᠱᠢᠭ᠌ᠯᠡᠨ ᠭᠠᠵᠠᠷ ᠬᠡᠷᠡᠭ᠌ᠯᠡᠬᠦ᠌ ᠬᠡᠪᠴᠢᠶ᠎ᠡ᠎ᠶ᠋ᠢ ᠴᠢᠩᠭ᠎ᠠ ᠬᠢᠨᠠᠨ ᠪᠠᠢᠴᠠᠭᠠᠵᠤ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠡᠵᠡᠯᠡᠬᠦ᠌ ᠦᠢᠯᠡ ᠠᠵᠢᠯᠯᠠᠭ᠎ᠠ᠎ᠶ᠋ᠢ ᠡᠷᠡᠰ ᠬᠤᠷᠢᠭ᠍ᠯᠠᠬᠤ ᠬᠡᠷᠡᠭ᠌ᠲᠡᠶ᠃ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠬᠤ᠎ᠪᠠᠷ ᠳᠠᠮᠵᠢᠭᠤᠯᠤᠨ᠂ ᠵᠥᠪᠱᠢᠶᠡᠷᠡᠭᠦᠯᠦᠭᠡᠳᠦᠶ᠎ᠪᠠᠷ ᠤᠷᠢᠳᠠᠪᠠᠷ ᠪᠠᠢᠭᠤᠯᠬᠤ᠂ ᠤᠯᠠᠭᠠᠨ ᠱᠤᠭᠤᠮ᠎ᠳᠤ ᠬᠠᠯᠳᠠᠬᠤ ᠵᠡᠷᠭᠡ ᠠᠰᠠᠭᠤᠳᠠᠯ᠎ᠢ ᠪᠦᠲᠦᠮᠵᠢᠲᠡᠶ ᠰᠡᠷᠭᠡᠢᠯᠡᠵᠦ᠍᠂ ᠠᠮᠢ ᠠᠬᠤᠢ᠎ᠶ᠋ᠢᠨ ᠣᠷᠣᠨ ᠵᠠᠶ᠎ᠶ᠋ᠢᠨ ᠪᠦᠷᠢᠨ ᠪᠦᠲᠦᠨ ᠪᠠᠢᠬᠤ᠎ᠶ᠋ᠢ ᠦᠨᠡᠨᠬᠦ᠌ ᠬᠠᠮᠠᠭᠠᠯᠠᠨ᠎ᠠ᠃

  ᠨᠠᠷᠢᠯᠢᠭ᠋ ᠣᠨᠣᠴᠠᠲᠠᠢ᠎ᠪᠠᠷ ᠨᠠᠢᠳᠠᠪᠤᠷᠢᠵᠢᠭᠤᠯᠬᠤ᠎ᠶᠢ ᠠᠬᠢᠭᠤᠯᠵᠤ᠂ ᠤᠯᠠᠭᠠᠨ ᠱᠤᠭᠤᠮ᠎ᠢ ᠬᠠᠢᠨ ᠰᠢᠨᠵᠢᠵᠦ ᠵᠠᠭᠠᠭᠯᠠᠨ ᠲᠣᠭᠲᠠᠭᠠᠬᠤ ᠪᠠᠷᠢᠮᠵᠢᠶ᠎ᠠ᠎ᠶᠢ ᠪᠡᠶᠡᠯᠡᠭᠦᠯᠦᠨ᠎ᠡ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠵᠠᠭᠠᠭ᠎ᠢ ᠬᠠᠢᠵᠤ ᠪᠠᠷᠢᠮᠵᠢᠶ᠎ᠠ᠎ᠶ᠋ᠢ ᠲᠣᠭ᠍ᠲᠠᠭᠠᠬᠤ ᠪᠠ ᠬᠥᠮᠦᠨ ᠲᠥᠷᠥᠯᠬᠢᠲᠡᠨ᠎ᠤ ᠠᠵᠢᠯᠯᠠᠭ᠎ᠠ᠎ᠶ᠋ᠢᠨ ᠲᠤᠰ ᠰᠠᠭᠤᠷᠢ ᠪᠠᠢᠴᠠᠭᠠᠯᠲᠠ᠎ᠶ᠋ᠢ ᠢᠳᠡᠪᠬᠢᠲᠡᠢ ᠠᠬᠢᠭᠤᠯᠵᠤ᠂ ᠤᠯᠠᠭᠠᠨ ᠱᠤᠭᠤᠮ᠎ᠢ 《ᠪᠤᠲᠠᠲᠠᠢ᠎ᠳᠤ ᠨᠠᠢ᠌ᠳᠠᠪᠤᠷᠢᠵᠢᠭᠤᠯᠬᠤ ᠵᠢᠷᠤᠭ᠎ᠲᠤ ᠨᠠᠢ᠌ᠳᠠᠪᠤᠷᠢᠵᠢᠭᠤᠯᠬᠤ》 ᠎ᠶᠢ ᠪᠡᠶᠡᠯᠡᠭᠦᠯᠦᠨ᠎ᠡ᠃ ᠨᠢᠭᠡᠨᠲᠡ ᠱᠢᠶᠤᠤ  ᠡᠦ  ᠰᠢᠶᠠᠩ᠂ ᠫᠢᠩᠵᠤᠸᠠᠩ ᠪᠠᠯᠭᠠᠰᠤ ᠵᠡᠷᠭᠡ ᠭᠤᠣᠯᠳᠠᠯᠭ᠎ᠠ᠎ᠲᠠᠢ ᠣᠷᠣᠨ ᠪᠦᠰᠡ᠎ᠳᠤ ᠲᠡᠮᠳᠡᠭ ᠫᠠᠢᠰᠠ ᠬᠢᠭᠡᠳ ᠵᠠᠭᠠᠭ᠎ᠤᠨ ᠪᠠᠭᠠᠨ᠎ᠠ ᠪᠠᠢᠭᠤᠯᠵᠤ᠂ ᠤᠯᠠᠭᠠᠨ ᠱᠤᠭᠤᠮ᠎ᠤᠨ ᠵᠠᠭᠠᠭ ᠱᠤᠭᠤᠮ᠎ᠢ ᠲᠣᠳᠣᠷᠬᠠᠢᠯᠠᠵᠤ᠂ ᠤᠯᠠᠨ ᠨᠡᠢᠲᠡ᠎ᠶ᠋ᠢᠨ ᠲᠠᠨᠢᠨ ᠮᠡᠳᠡᠬᠦᠢ ᠪᠠ ᠬᠢᠨᠠᠯᠲᠠ ᠬᠠᠮᠢᠶᠠᠷᠤᠯᠲᠠ᠎ᠶ᠋ᠢᠨ ᠦᠨᠳᠦᠰᠦᠯᠡᠯ᠎ᠢ ᠳᠡᠭᠡᠭ᠌ᠰᠢᠯᠡᠭᠦᠯᠵᠦ᠍᠂ ᠡᠳᠦᠷ ᠲᠤᠳᠤᠮ᠎ᠤᠨ ᠬᠠᠤᠯᠢ ᠬᠡᠷᠡᠭ᠌ᠵᠢᠭᠦᠯᠬᠦ᠌ ᠰᠠᠭᠤᠷᠢ᠎ᠶ᠋ᠢ ᠪᠠᠲᠤᠳᠬᠠᠨ᠎ᠠ᠃

  ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠠᠭᠠᠨ ᠱᠤᠭᠤᠮ᠎ᠤᠨ ᠵᠢᠷᠤᠮᠵᠢᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ 《ᠶᠤᠸᠠᠨ ᠪᠦᠦ ᠱᠠᠨ ᠲᠣᠭᠤᠷᠢᠭ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠲᠡᠮᠳᠡᠭ ᠫᠠᠢᠰᠠ ᠵᠢᠴᠢ ᠵᠠᠭᠠᠭ᠎ᠤᠨ ᠪᠠᠭᠠᠨ᠎ᠠ᠎ᠶ᠋ᠢ ᠬᠠᠮᠠᠭᠠᠯᠠᠬᠤ ᠬᠠᠮᠢᠶᠠᠷᠤᠯᠲᠠ᠎ᠶ᠋ᠢᠨ ᠠᠷᠭ᠎ᠠ (ᠲᠤᠷᠱᠢᠨ ᠬᠡᠷᠡᠭ᠌ᠵᠢᠭᠦᠯᠬᠦ᠌)》 ᠎ᠶ᠋ᠢ ᠲᠦᠷᠦᠭᠦᠯᠡᠨ ᠲᠣᠭ᠍ᠲᠠᠭᠠᠵᠤ᠂ ᠲᠡᠮᠳᠡᠭ ᠬᠢᠭᠡᠳ ᠵᠠᠭᠠᠭ᠎ᠤᠨ ᠪᠠᠭᠠᠨ᠎ᠠ᠎ᠶ᠋ᠢᠨ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ ᠤᠯᠠᠭᠠᠨ ᠱᠤᠭᠤᠮ᠎ᠤᠨ ᠲᠡᠮᠳᠡᠭ᠎ᠤᠨ ᠲᠣᠭᠲᠠᠯᠴᠠᠭ᠎ᠠ᠎ᠶᠢ᠎ᠵᠢᠷᠤᠮᠵᠢᠭᠤᠯᠬᠤ᠂ ᠳᠦᠷᠢᠮᠵᠢᠭᠦᠯᠬᠦ᠌ ᠪᠠᠢᠭᠤᠯᠤᠯᠲᠠ᠎ᠶ᠋ᠢ ᠲᠦᠯᠬᠢᠨ ᠠᠬᠢᠭᠤᠯᠵᠤ᠂ ᠤᠯᠠᠭᠠᠨ ᠱᠤᠭᠤᠮ᠎ᠤᠨ ᠵᠠᠭᠠᠭ ᠬᠢᠵᠠᠭᠠᠷ ᠲᠣᠳᠣᠷᠬᠠᠶ᠂ ᠬᠠᠮᠢᠶᠠᠷᠤᠯᠲᠠ᠎ᠶ᠋ᠢᠨ ᠬᠠᠷᠢᠭᠤᠴᠠᠯᠭ᠎ᠠ ᠲᠣᠳᠣᠷᠬᠠᠶ ᠪᠠᠢ᠌ᠬᠤ ᠶ᠋ᠢ ᠦᠨᠡᠨᠬᠦ᠌ ᠪᠠᠲᠤᠯᠠᠨ᠎ᠠ᠃

  ᠲᠠᠷᠠᠭᠠᠴᠢ᠎ᠶ᠋ᠢᠨ ᠠᠯᠬᠤᠮ᠎ᠳᠤ᠂ ᠶᠤᠸᠠᠨ ᠪᠦᠦ ᠱᠠᠨ ᠲᠣᠭᠤᠷᠢᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠲᠦᠷᠢᠮ ᠲᠣᠭ᠍ᠲᠠᠴᠠ᠎ᠪᠠᠨ ᠦᠷᠭᠦᠯᠵᠢᠯᠡᠨ ᠲᠡᠭᠦᠯᠳᠡᠷᠵᠢᠭᠦᠯᠵᠦ᠍᠂ ᠬᠠᠤᠯᠢ᠎ᠪᠠᠷ ᠵᠠᠰᠠᠬᠤ ᠪᠠᠲᠤᠯᠠᠭ᠎ᠠ᠎ᠶ᠋ᠢ ᠴᠢᠩᠭᠠᠳᠭᠠᠨ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢ ᠠᠬᠢᠭᠤᠯᠵᠤ᠂ ᠨᠢᠭᠡᠨᠲᠡ ᠪᠠᠢᠭ᠎ᠠ ᠦᠷ᠎ᠡ ᠪᠦᠲᠦᠭᠡᠯ᠎ᠢᠶᠠᠨ ᠪᠠᠬᠢᠵᠢᠭᠦᠯᠵᠦ᠍᠂ ᠣᠷᠣᠨ ᠪᠦᠰᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠪᠠᠲᠤ ᠪᠠᠬᠢ ᠠᠮᠢ ᠠᠬᠤᠶ᠎ᠶ᠋ᠢᠨ ᠠᠮᠤᠷ ᠲᠦᠪᠱᠢᠨ᠎ᠤ ᠪᠠᠲᠤᠯᠠᠭ᠎ᠠ ᠬᠠᠩᠭᠠᠨ᠎ᠠ᠃

ᠢᠷᠡᠯᠲᠡ᠄ ᠤᠯᠠᠭᠠᠨᠬᠠᠳᠠ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ