ᠦᠰᠦᠭ ᠪᠢᠴᠢᠭ᠎ᠢᠶᠠᠷ ᠦᠭᠦᠯᠡᠬᠦᠢ᠄《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠦᠳᠡᠭᠡ ᠲᠤᠰᠬᠤᠨ ᠮᠠᠯᠵᠢᠬᠤ ᠣᠷᠣᠨ᠎ᠤ〈ᠶᠡᠷᠦᠩᠬᠡᠢ ᠳᠦᠷᠢᠮ᠎ᠤᠨ ᠬᠡᠯᠪᠡᠷᠢ〉ᠶ᠋ᠢᠨ ᠲᠥᠯᠥᠪᠵᠢᠭᠦᠯᠭᠡ᠎ᠶ᠋ᠢᠨ ᠮᠡᠷᠭᠡᠵᠢᠯ᠎ᠤᠨ ᠬᠠᠮᠢᠶᠠᠷᠤᠯᠲᠠ᠎ᠶ᠋ᠢᠨ ᠲᠣᠭ᠍ᠲᠠᠭᠠᠯ (ᠲᠤᠷᠱᠢᠨ ᠬᠡᠷᠡᠭ᠌ᠵᠢᠭᠦᠯᠬᠦ᠌)》᠎ᠤᠨ ᠬᠤᠯᠪᠣᠭ᠍ᠳᠠᠯ ᠪᠦᠬᠦᠢ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ
2025-09-22

  2025 ᠣᠨ᠎ᠤ 9 ᠳ᠋ᠦ᠍ᠭᠡᠷ ᠰᠠᠷ᠎ᠠ᠎ᠶ᠋ᠢᠨ 22 ᠎ᠤᠨ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ  ᠬᠦᠳᠡᠭᠡ ᠲᠤᠰᠬᠤᠨ ᠮᠠᠯᠵᠢᠬᠤ ᠣᠷᠣᠨ᠎ᠤ 〈ᠶᠡᠷᠦᠩᠬᠡᠢ ᠳᠦᠷᠢᠮ᠎ᠤᠨ ᠬᠡᠯᠪᠡᠷᠢ〉 ᠎ᠶ᠋ᠢᠨ ᠲᠥᠯᠦᠪᠵᠢᠭᠦᠯᠭᠡ᠎ᠶ᠋ᠢᠨ ᠮᠡᠷᠭᠡᠵᠢᠯ᠎ᠤᠨ ᠬᠠᠮᠢᠶᠠᠷᠤᠯᠲᠠ᠎ᠶ᠋ᠢᠨ ᠲᠣᠭ᠍ᠲᠠᠭᠠᠯ (ᠲᠤᠷᠱᠢᠨ ᠬᠡᠷᠡᠭ᠌ᠵᠢᠭᠦᠯᠬᠦ᠌)》 (ᠳᠥᠭᠦᠮᠴᠢᠯᠡᠭᠡᠳ 《ᠲᠣᠭ᠍ᠲᠠᠭᠠᠯ》 ᠭᠡᠵᠦ᠍ ᠲᠣᠪᠴᠢᠯᠠᠨ᠎ᠠ) ᠎ᠶ᠋ᠢ ᠳᠠᠷᠤᠮᠠᠯᠯᠠᠨ ᠲᠠᠷᠬᠠᠭᠠᠪᠠ᠃

  ᠨᠢᠭᠡ᠂ 《ᠲᠣᠭ᠍ᠲᠠᠭᠠᠯ》 ᠎ᠢ ᠨᠡᠢᠲᠡᠯᠡᠭ᠌ᠰᠡᠨ ᠠᠬᠤᠶ ᠪᠠᠢᠳᠠᠯ ᠪᠠ ᠠᠴᠢ ᠬᠤᠯᠪᠣᠭ᠍ᠳᠠᠯ᠎ᠨᠢ ᠶᠠᠭᠤ ᠪᠣᠶ?

   《ᠬᠥᠳᠡᠭᠡ ᠲᠣᠰᠭᠤᠨ᠎ᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍ ᠬᠥᠳᠡᠭᠡ ᠲᠣᠰᠭᠤᠨ᠎ᠢ ᠪᠥᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠰᠠᠨᠠᠯ》᠂ 《ᠬᠥᠳᠡᠭᠡ ᠲᠣᠰᠭᠤᠨ᠎ᠤ ᠭᠠᠵᠠᠷ ᠣᠷᠣᠨ᠎ᠤ 〈ᠶᠡᠷᠦᠩᠬᠡᠶ ᠲᠦᠷᠢᠮ᠎ᠤᠨ ᠬᠡᠯᠪᠡᠷᠢ〉 ᠎ᠶ᠋ᠢᠨ ᠲᠥᠯᠥᠪᠵᠢᠭᠦᠯᠭᠡ᠎ᠶ᠋ᠢᠨ ᠮᠡᠷᠭᠡᠵᠢᠯ᠎ᠤᠨ ᠬᠠᠮᠢᠶᠠᠷᠤᠯᠲᠠ᠎ᠶ᠋ᠢᠨ ᠲᠣᠭ᠍ᠲᠠᠭᠠᠯ᠎ᠢ ᠨᠠᠢᠷᠠᠭᠤᠯᠤᠨ ᠵᠣᠬᠢᠶᠠᠬᠤ ᠱᠠᠭᠠᠷᠳᠠᠯᠭ᠎ᠠ᠎ᠶ᠋ᠢᠨ ᠲᠤᠬᠠᠶ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭ᠌ᠳᠡᠯ》 ᠵᠡᠷᠭᠡ ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ  ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠢᠯ ᠲᠣᠰᠭᠤᠨ᠎ᠤ ᠲᠥᠯᠥᠪᠵᠢᠭᠦᠯᠭᠡ᠎ᠶ᠋ᠢ ᠲᠤᠰᠠᠭᠠᠷ ᠨᠠᠢᠷᠠᠭᠤᠯᠤᠨ ᠵᠣᠬᠢᠶᠠᠭ᠎ᠠ ᠥᠬᠡᠶ ᠭᠠᠴᠠᠭ᠎ᠠ ᠲᠣᠰᠭᠤᠨ᠎ᠢ ᠵᠢᠯᠣᠭᠤᠳᠤᠨ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ᠂ ᠬᠡᠷᠡᠭ᠌ᠯᠡᠯᠲᠡ᠎ᠶ᠋ᠢ ᠵᠠᠬᠢᠷᠤᠨ ᠬᠠᠮᠢᠶᠠᠷᠬᠤ᠎ᠶ᠋ᠢ ᠬᠡᠷᠡᠭ᠌ᠵᠢᠭᠦᠯᠬᠦ᠂ ᠲᠥᠯᠥᠪᠵᠢᠭᠦᠯᠭᠡ᠎ᠶ᠋ᠢᠨ ᠵᠥᠪᠱᠢᠶᠡᠷᠡᠯ᠎ᠢ ᠬᠠᠷᠭᠤᠭᠤᠯᠤᠨ ᠣᠯᠭᠤᠬᠤ ᠵᠡᠷᠭᠡ᠎ᠶ᠋ᠢ ᠵᠢᠯᠣᠭᠤᠳᠴᠤ᠌᠂ ᠣᠷᠣᠨ ᠨᠤᠲᠤᠭ᠎ᠤᠨ᠎ᠬᠢᠨ᠎ᠤ ᠠᠢᠯ ᠲᠣᠰᠭᠤᠨ᠎ᠤ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢ ᠨᠡᠢᠳᠡᠮ ᠬᠡᠷᠡᠭ᠌ᠵᠢᠭᠦᠯᠬᠦ᠌᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠬᠦ᠌᠎ᠶ᠋ᠢ ᠲᠦᠯᠬᠢᠨ ᠠᠬᠢᠭᠤᠯᠤᠨ᠎ᠠ᠃ ᠡᠭᠦᠨ᠎ᠤ ᠬᠠᠮᠲᠤ᠌᠂ 《ᠲᠣᠭ᠍ᠲᠠᠭᠠᠯ》 ᠎ᠢ ᠨᠡᠢᠲᠡᠯᠡᠭ᠌ᠰᠡᠨ ᠬᠦᠳᠡᠭᠡ ᠲᠤᠰᠬᠤᠨ ᠮᠠᠯᠵᠢᠬᠤ ᠣᠷᠣᠨ᠎ᠤ ᠠᠢᠯ ᠲᠣᠰᠭᠤᠨ᠎ᠤ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢᠨ ᠳᠤᠮᠳᠠ ᠣᠷᠣᠱᠢᠵᠤ ᠪᠠᠢᠭ᠎ᠠ ᠬᠤᠭᠤᠰᠣᠨ᠎ᠢ ᠪᠦᠲᠦᠮᠵᠢᠲᠡᠶ ᠨᠥᠬᠦᠪᠥᠷᠢᠯᠡᠵᠦ᠍᠂ ᠬᠤᠯᠪᠣᠭ᠍ᠳᠠᠯ ᠪᠥᠬᠦᠶ ᠲᠥᠷᠥᠯ ᠵᠦᠢᠯ᠎ᠢ ᠲᠥᠯᠥᠪᠵᠢᠭᠦᠯᠦᠨ ᠪᠠᠢᠷᠢᠯᠠᠭᠤᠯᠬᠤ ᠪᠠ ᠪᠥᠲᠥᠭᠡᠨ ᠪᠠᠢᠭᠤᠯᠬᠤ᠎ᠶ᠋ᠢ ᠬᠡᠷᠡᠭ᠌ᠵᠢᠭᠦᠯᠬᠦ᠌ ᠵᠡᠷᠭᠡ᠎ᠳᠤ ᠵᠢᠯᠣᠭᠤᠳᠣᠯᠭ᠎ᠠ ᠬᠠᠩᠭᠠᠪᠠ᠃

  ᠬᠤᠶᠠᠷ᠂ 《ᠲᠣᠭ᠍ᠲᠠᠭᠠᠯ》 ᠎ᠤᠨ ᠭᠤᠣᠯ ᠠᠭᠤᠯᠭ᠎ᠠ᠎ᠨᠢ ᠶᠠᠭᠤ ᠶᠠᠭᠤ ᠪᠠᠢᠬᠤ ᠪᠤᠢ?

  《ᠲᠣᠭ᠍ᠲᠠᠭᠠᠯ》 ᠎ᠳᠤ ᠶᠡᠷᠦᠩᠬᠡᠢ ᠳᠦᠷᠢᠮ᠂ ᠭᠤᠣᠯ ᠠᠭᠤᠯᠭ᠎ᠠ᠂ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌ ᠬᠠᠮᠢᠶᠠᠷᠤᠯᠲᠠ ᠵᠡᠷᠭᠡ 3 ᠪᠦᠯᠦᠭ ᠪᠠ 4 ᠳᠠᠭᠠᠯᠳᠤᠭᠤᠯᠤᠯ᠎ᠢ ᠪᠠᠭ᠍ᠲᠠᠭᠠᠨ᠎ᠠ᠃ ᠭᠤᠣᠯ ᠠᠭᠤᠯᠭ᠎ᠠ᠎ᠳᠤ᠄

  ᠨᠢᠭᠡᠳᠦᠭᠡᠷ ᠪᠦᠯᠦᠭ ᠪᠣᠯ ᠶᠡᠷᠦᠩᠬᠡᠢ ᠳᠦᠷᠢᠮ᠃ ᠨᠠᠢᠷᠠᠭᠤᠯᠤᠨ ᠵᠣᠬᠢᠶᠠᠬᠤ ᠵᠣᠷᠢᠯᠭ᠎ᠠ᠂ ᠬᠡᠷᠡᠭ᠌ᠯᠡᠬᠦ᠌ ᠬᠡᠪᠴᠢᠶ᠎ᠡ᠂ ᠪᠠᠢᠷᠢ ᠲᠣᠭ᠍ᠲᠠᠭᠠᠬᠤ ᠬᠦᠴᠦᠨ᠂ ᠲᠥᠯᠥᠪᠵᠢᠭᠦᠯᠭᠡ᠎ᠶ᠋ᠢᠨ ᠬᠤᠭᠤᠴᠠᠭ᠎ᠠ ᠵᠡᠷᠭᠡ ᠠᠭᠤᠯᠭ᠎ᠠ᠎ᠶ᠋ᠢ ᠪᠠᠭ᠍ᠲᠠᠭᠠᠨ᠎ᠠ᠃ ᠬᠡᠷᠡᠭ᠌ᠯᠡᠬᠦ᠌ ᠬᠡᠪᠴᠢᠶ᠎ᠡ ᠪᠣᠯ ᠠᠢᠯ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢᠨ ᠵᠠᠭᠠᠭ ᠳᠣᠲᠣᠷᠠᠬᠢ ᠬᠦᠳᠡᠭᠡ ᠲᠤᠰᠬᠤᠨ ᠮᠠᠯᠵᠢᠬᠤ ᠣᠷᠣᠨ᠎ᠤ ᠣᠷᠣᠨ ᠰᠠᠭᠤᠴᠠ᠎ᠶ᠋ᠢᠨ ᠰᠠᠭᠤᠷᠢ ᠭᠠᠵᠠᠷ᠂ 《ᠬᠤᠶᠠᠷ ᠠᠯᠪᠠᠨ》 ᠎ᠤ ᠪᠡᠯᠡᠳᠭᠡᠮᠵᠢ ( ᠣᠯᠠᠨ ᠨᠡᠢᠲᠡ᠎ᠶ᠋ᠢᠨ ᠬᠠᠮᠢᠶᠠᠷᠤᠯᠲᠠ ᠪᠠ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠪᠡᠯᠡᠳᠭᠡᠮᠵᠢ )᠂ ᠬᠤᠲᠠ᠎ᠶ᠋ᠢᠨ ᠶᠠᠪᠤᠳᠠᠯ᠎ᠤᠨ ᠨᠡᠢᠲᠡ᠎ᠶ᠋ᠢᠨ ᠬᠡᠷᠡᠭ᠌ᠯᠡᠭᠡᠨ᠎ᠤ ᠪᠡᠯᠡᠳᠭᠡᠮᠵᠢ᠂ ᠬᠡᠷᠡᠭ᠌ᠯᠡᠬᠦ᠌ ᠬᠠᠤᠯᠢ ᠶᠣᠰᠣᠨ᠎ᠤ ᠦᠯᠡᠳᠡᠭᠡᠯ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠪᠦᠬᠦᠢ ᠬᠥᠳᠡᠭᠡ ᠲᠣᠰᠭᠤᠨ᠎ᠤ ᠠᠵᠤ ᠦᠢᠯᠡᠰ᠎ᠤᠨ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ ᠪᠣᠯᠤᠨ᠎ᠠ; ᠭᠠᠵᠠᠷ ᠱᠢᠨᠵᠢᠯᠡᠭᠡᠨ᠎ᠤ ᠭᠠᠮᠱᠢᠭ᠎ᠠᠴᠠ ᠵᠠᠢᠯᠠᠨ ᠨᠡᠭᠦᠯᠭᠡᠬᠦ᠂ ᠠᠶᠤᠯ ᠭᠠᠮᠱᠢᠭ᠎ᠠᠴᠠ ᠠᠪᠤᠷᠠᠨ ᠲᠤᠰᠠᠯᠠᠬᠤ᠂ ᠭᠠᠮᠱᠢᠭ᠎ᠤᠨ ᠳᠠᠷᠠᠭ᠎ᠠ ᠳᠠᠬᠢᠨ ᠪᠦᠲᠦᠭᠡᠨ ᠪᠠᠢᠭᠤᠯᠬᠤ᠎ᠶ᠋ᠢ ᠬᠡᠷᠡᠭ᠌ᠵᠢᠭᠦᠯᠬᠦ᠌ ᠵᠡᠷᠭᠡ ᠪᠠᠴᠢᠮ ᠪᠦᠲᠦᠭᠡᠨ ᠪᠠᠢᠭᠤᠯᠬᠤ ᠴᠢᠬᠤᠯᠠᠲᠠᠶ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ ᠪᠣᠯᠤᠨ᠎ᠠ᠃

  ᠬᠣᠶᠠᠳᠤᠭᠠᠷ ᠪᠦᠯᠦᠭ ᠪᠣᠯ ᠭᠣᠣᠯ ᠠᠭᠤᠯᠭ᠎ᠠ᠃ ᠡᠭᠦᠨ᠎ᠳᠤ ᠬᠤᠷᠢᠭ᠎ᠠ ᠱᠤᠭᠤᠮ ᠪᠠ ᠭᠦᠢᠴᠡᠳᠭᠡᠯ ᠲᠤᠭ᠎ᠠ᠎ᠶ᠋ᠢᠨ ᠬᠢᠵᠠᠭᠠᠷᠯᠠᠯ᠂ ᠣᠷᠣᠨ ᠰᠠᠭᠤᠴᠠ᠎ᠶ᠋ᠢᠨ ᠭᠠᠵᠠᠷ᠂ 《ᠬᠤᠶᠠᠷ ᠠᠯᠪᠠᠨ》 ᠎ᠤ ᠪᠡᠯᠡᠳᠭᠡᠮᠵᠢ᠂ ᠬᠤᠲᠠ᠎ᠶ᠋ᠢᠨ ᠶᠠᠪᠤᠳᠠᠯ᠎ᠤᠨ ᠨᠡᠢᠲᠡ᠎ᠶ᠋ᠢᠨ ᠬᠡᠷᠡᠭ᠌ᠯᠡᠭᠡᠨ᠎ᠤ ᠪᠡᠯᠡᠳᠭᠡᠮᠵᠢ᠂ ᠬᠥᠳᠡᠭᠡ ᠲᠣᠰᠭᠤᠨ᠎ᠤ ᠠᠵᠤ ᠦᠢᠯᠡᠰ᠎ᠲᠤ ᠬᠡᠷᠡᠭ᠌ᠯᠡᠬᠦ᠌ ᠭᠠᠵᠠᠷ᠎ᠤᠨ ᠭᠠᠵᠠᠷ ᠰᠣᠩᠭᠤᠬᠤ ᠪᠠᠢᠷᠢᠱᠢᠭᠤᠯᠤᠯᠲᠠ᠎ᠶ᠋ᠢᠨ ᠵᠢᠯᠣᠭᠤᠳᠣᠯᠭ᠎ᠠ᠂ ᠣᠨᠴᠠᠯᠢᠭ᠍ᠲᠤ ᠳᠦᠷᠰᠦ ᠪᠠᠢᠳᠠᠯ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠠᠮᠢ ᠠᠬᠤᠶ᠎ᠶ᠋ᠢ ᠰᠡᠷᠭᠦᠭᠡᠬᠦ᠌ ᠪᠠ ᠤᠯᠤᠰ᠎ᠤᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ ᠵᠢᠯᠣᠭᠤᠳᠣᠯᠭ᠎ᠠ᠂ ᠪᠥᠲᠥᠭᠡᠨ ᠪᠠᠢᠭᠤᠯᠬᠤ ᠪᠠᠷᠢᠮᠵᠢᠶ᠎ᠠ᠂ ᠵᠠᠭ᠋ᠠᠭ ᠬᠢᠵᠠᠭ᠋ᠠᠷ᠂ ᠪᠠᠷᠢᠯᠭ᠎ᠠ᠎ᠶ᠋ᠢ ᠳᠡᠭᠡᠳᠦ ᠬᠡᠮᠵᠢᠶ᠎ᠡ᠎ᠪᠠᠷ ᠡᠵᠡᠮᠳᠡᠬᠦ᠌ ᠵᠡᠷᠭᠡ 4 ᠵᠦᠢᠯ᠎ᠤᠨ ᠠᠭᠤᠯᠭ᠎ᠠ ᠪᠠᠭ᠍ᠲᠠᠨ᠎ᠠ᠃ ᠳᠡᠭᠡᠳᠦ ᠪᠠᠢᠷᠢ᠎ᠶ᠋ᠢᠨ ᠲᠥᠯᠥᠪᠵᠢᠭᠦᠯᠭᠡ ᠵᠡᠷᠭᠡ ᠬᠤᠷᠢᠭ᠎ᠠ ᠱᠤᠭᠤᠮ᠎ᠢ ᠬᠠᠮᠢᠶᠠᠷᠤᠨ ᠡᠵᠡᠮᠳᠡᠬᠦ᠌ ᠪᠠ ᠲᠥᠯᠥᠪᠵᠢᠭᠦᠯᠦᠨ ᠬᠠᠮᠢᠶᠠᠷᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠲᠥᠯᠥᠪᠵᠢᠭᠦᠯᠭᠡ᠎ᠶ᠋ᠢᠨ ᠳᠠᠮᠵᠢᠭᠤᠯᠭ᠎ᠠ᠎ᠶ᠋ᠢ ᠢᠯᠡᠷᠡᠭᠦᠯᠵᠦ᠍᠂ ᠠᠢᠯ ᠲᠣᠰᠭᠤᠨ᠎ᠤ ᠪᠦᠳᠦᠭᠡᠨ ᠪᠠᠢᠭᠤᠯᠤᠯᠲᠠ᠎ᠶ᠋ᠢᠨ ᠵᠠᠭᠠᠭ ᠬᠢᠵᠠᠭᠠᠷ᠎ᠢ ᠬᠠᠮᠢᠶᠠᠷᠤᠨ ᠡᠵᠡᠮᠳᠡᠬᠦ᠌ ᠪᠠ ᠬᠦᠳᠦᠯᠦᠨ ᠵᠢᠯᠣᠭᠤᠳᠭᠤ᠂ ᠭᠠᠵᠠᠷ ᠬᠡᠷᠡᠭ᠌ᠯᠡᠬᠦ᠌ ᠪᠠᠢᠷᠢᠱᠢᠭᠤᠯᠤᠯᠲᠠ᠎ᠶ᠋ᠢ ᠵᠢᠯᠣᠭᠤᠳᠭᠤ᠂ ᠪᠦᠳᠦᠭᠡᠨ ᠪᠠᠢᠭᠤᠯᠬᠤ ᠱᠠᠭᠠᠷᠳᠠᠯᠭ᠎ᠠ ᠵᠡᠷᠭᠡ ᠪᠤᠰᠤᠳ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶ᠋ᠢ ᠭᠦᠨᠵᠡᠭᠡᠢᠷᠡᠭᠦᠯᠦᠨ ᠨᠠᠷᠢᠯᠢᠬ᠍ᠵᠢᠭᠤᠯᠤᠨ᠎ᠠ᠃

  ᠭᠤᠷᠪᠠᠳᠤᠭᠠᠷ ᠪᠦᠯᠦᠭ ᠪᠣᠯ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌ ᠬᠠᠮᠢᠶᠠᠷᠤᠯᠲᠠ᠃ ᠲᠣᠰ ᠲᠣᠭ᠍ᠲᠠᠭᠠᠯ᠎ᠢᠶᠠᠷ ᠦᠨᠳᠦᠰᠦᠯᠡᠯ ᠪᠣᠯᠭᠠᠨ ᠭᠠᠵᠠᠷ ᠬᠡᠷᠡᠭ᠌ᠯᠡᠬᠦ᠌᠎ᠶ᠋ᠢ ᠮᠡᠳᠡᠭᠦᠯᠦᠨ ᠵᠥᠪᠱᠢᠶᠡᠷᠡᠭᠦᠯᠵᠦ᠍᠂ ᠲᠥᠯᠥᠪᠵᠢᠭᠦᠯᠭᠡ᠎ᠶ᠋ᠢᠨ ᠵᠥᠪᠱᠢᠶᠡᠷᠡᠯ᠎ᠢ ᠬᠠᠷᠭᠤᠭᠤᠯᠤᠨ ᠣᠯᠭᠤᠵᠤ᠂ ᠬᠤᠱᠢᠭᠤ ᠱᠢᠶᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢᠶᠠᠷ ᠰᠤᠮᠤ ᠱᠢᠶᠠᠩ ᠪᠠᠯᠭᠠᠰᠤ᠎ᠶ᠋ᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ) ᠎ᠲᠠᠢ ᠬᠠᠮᠲᠤᠷᠠᠨ 《ᠨᠢᠭᠡ ᠵᠢᠷᠤᠭ ᠨᠢᠭᠡ ᠬᠦᠰᠦᠨᠦᠭ᠌ᠲᠦ》 ᠵᠣᠬᠢᠶᠠᠵᠤ᠂ ᠬᠤᠱᠢᠭᠤ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠴᠣᠬᠤᠯᠠᠪᠤᠷᠢᠯᠠᠭᠤᠯᠤᠭ᠍ᠰᠠᠨ᠎ᠤ ᠳᠠᠷᠠᠭ᠎ᠠ᠂ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ 《ᠨᠢᠭᠡ ᠵᠢᠷᠤᠭ》 ᠎ᠢᠶᠠᠷ ᠬᠢᠨᠠᠯᠲᠠ ᠲᠠᠯᠪᠢᠬᠤ ᠱᠢᠰᠲ᠋ᠧᠮ᠎ᠳᠤ ᠬᠤᠷᠢᠶᠠᠩᠭᠤᠢᠯᠠᠨ ᠲᠤᠱᠢᠶᠠᠨ᠎ᠠ᠃ ᠨᠥᠬᠦᠴᠡᠯ᠎ᠲᠠᠢ ᠬᠤᠱᠢᠭᠤ ᠱᠢᠶᠠᠨ ( ᠬᠤᠲᠠ᠂ ᠲᠣᠭᠤᠷᠢᠭ ) ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠣᠳᠠᠲᠠᠶ᠎ᠲᠠᠢ᠎ᠪᠠᠨ ᠤᠶᠠᠯᠳᠤᠭᠤᠯᠤᠨ ᠲᠣᠰ ᠭᠠᠵᠠᠷ ᠣᠷᠣᠨ᠎ᠤ᠎ᠪᠠᠨ 《ᠶᠡᠷᠦᠩᠬᠡᠶ ᠲᠦᠷᠢᠮ᠎ᠤᠨ ᠬᠡᠯᠪᠡᠷᠢ》 ᠎ᠶ᠋ᠢᠨ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠭᠠᠯ᠎ᠢ ᠲᠣᠭ᠍ᠲᠠᠭᠠᠵᠤ ᠪᠣᠯᠤᠨ᠎ᠠ᠃

  ᠭᠤᠷᠪᠠ᠂ 《ᠲᠣᠭ᠍ᠲᠠᠭᠠᠯ》 ᠎ᠤᠨ ᠱᠢᠨ᠎ᠡ᠎ᠶ᠋ᠢ ᠡᠭᠦᠳᠬᠦ᠌ ᠴᠡᠭ᠎ᠨᠢ ᠶᠠᠭᠤ ᠶᠠᠭᠤ ᠪᠣᠶ?

  ᠨᠢᠭᠡ᠎ᠳᠤ᠂ ᠮᠡᠷᠭᠡᠵᠢᠯ᠎ᠤᠨ ᠵᠢᠯᠤᠭᠤᠳᠤᠯᠭ᠎ᠠ᠎ᠶ᠋ᠢ ᠲᠤᠪᠤᠢᠯᠭᠠᠪᠠ᠃ 《ᠲᠣᠭ᠍ᠲᠠᠭᠠᠯ》 ᠎ᠤᠨ ᠪᠠᠢᠷᠢ ᠲᠣᠭ᠍ᠲᠠᠭᠠᠯᠲᠠ᠎ᠨᠢ ᠮᠡᠷᠭᠡᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠳᠤ ᠬᠠᠷᠢᠶᠠᠯᠠᠭ᠍ᠳᠠᠵᠤ᠂ ᠪᠤᠰᠤᠳ ᠮᠤᠵᠢ᠎ᠶ᠋ᠢᠨ ᠨᠡᠢᠲᠡᠯᠡᠭ᠌ᠰᠡᠨ ᠲᠦᠷᠦ᠍᠎ᠶ᠋ᠢᠨ ᠪᠤᠳᠤᠯᠭ᠎ᠠ᠎ᠶ᠋ᠢᠨ ᠵᠢᠯᠣᠭᠤᠳᠭᠤ ᠴᠢᠨᠠᠷᠲᠠᠢ ᠪᠢᠴᠢᠭ ᠮᠠᠲ᠋ᠧᠷᠢᠶᠠᠯ᠎ᠲᠠᠢ ᠠᠳᠠᠯᠢ ᠦᠭᠡᠢ᠃ ᠡᠯ᠎ᠡ ᠭᠠᠵᠠᠷ ᠣᠷᠣᠨ᠎ᠨᠢ 《ᠲᠣᠭ᠍ᠲᠠᠭᠠᠯ》 ᠎ᠢ ᠦᠨᠳᠦᠰᠦᠯᠡᠨ 《ᠨᠢᠭᠡ ᠵᠢᠷᠤᠭ ᠨᠢᠭᠡ ᠬᠦᠰᠦᠨᠦᠭ᠌ᠲᠦ》 ᠎ᠶ᠋ᠢ ᠱᠢᠭᠤᠳ ᠵᠣᠬᠢᠶᠠᠨ ᠪᠠᠢᠭᠤᠯᠤᠨ ᠨᠠᠢᠷᠠᠭᠤᠯᠤᠨ ᠵᠣᠬᠢᠶᠠᠵᠤ᠂ ᠵᠠᠷᠴᠢᠮ ᠳᠡᠭᠡᠷ᠎ᠡ᠎ᠪᠠᠨ ᠦᠨᠳᠦᠰᠦᠨ ᠱᠠᠲᠤᠨ᠎ᠤ ᠳᠠᠬᠢᠨ ᠢᠵᠢ ᠪᠥᠷᠢᠳᠦᠭᠦᠯᠦᠨ ᠬᠡᠷᠡᠭ᠌ᠵᠢᠭᠦᠯᠬᠦ᠌ ᠨᠠᠷᠢᠨ ᠲᠦᠷᠢᠮ᠎ᠢ ᠭᠠᠷᠭᠠᠬᠤ ᠴᠢᠬᠤᠯᠠ ᠥᠬᠡᠶ᠂ ᠦᠨᠳᠦᠰᠦᠨ ᠱᠠᠲᠤᠨ᠎ᠤ ᠠᠵᠢᠯ᠎ᠤᠨ ᠳᠠᠷᠤᠯᠲᠠ᠎ᠶ᠋ᠢ ᠬᠥᠩᠭᠡᠷᠡᠭᠦᠯᠵᠦ᠍ ᠪᠣᠯᠤᠨ᠎ᠠ᠃

  ᠬᠤᠶᠠᠷ᠎ᠲᠤ᠂ ᠠᠵᠢᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ 《ᠲᠣᠭ᠍ᠲᠠᠭᠠᠯ》 ᠎ᠳᠤ ᠪᠠᠭ᠎ᠠ ᠬᠡᠮᠵᠢᠶᠡᠨ᠎ᠤ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠬᠤᠱᠢᠭᠤ ᠱᠢᠶᠠᠨ᠎ᠤ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠠᠴᠠ ᠰᠤᠮᠤ ᠱᠢᠶᠠᠩ ᠪᠠᠯᠭᠠᠰᠤ᠎ᠶ᠋ᠢᠨ ᠵᠠᠰᠠᠭ᠎ᠤᠨ ᠣᠷᠳᠣᠨ᠎ᠲᠠᠢ ᠬᠠᠮᠲᠤᠷᠠᠨ 《ᠨᠢᠭᠡ ᠵᠢᠷᠤᠭ ᠨᠢᠭᠡ ᠬᠦᠰᠦᠨᠦᠭ᠌ᠲᠦ》 ᠎ᠶ᠋ᠢ ᠵᠣᠬᠢᠶᠠᠵᠤ᠂ ᠲᠥᠷᠥᠯ ᠵᠦᠢᠯ᠎ᠤᠨ ᠪᠠᠢᠷᠢᠱᠢᠭᠤᠯᠤᠯᠲᠠ᠎ᠶ᠋ᠢᠨ ᠱᠠᠭᠠᠷᠳᠠᠯᠭ᠎ᠠ᠂ ᠪᠦᠲᠦᠭᠡᠨ ᠪᠠᠢᠭᠤᠯᠬᠤ ᠪᠠᠷᠢᠮᠵᠢᠶ᠎ᠠ ᠵᠡᠷᠭᠡ ᠠᠭᠤᠯᠭ᠎ᠠ᠎ᠶ᠋ᠢ ᠲᠣᠳᠣᠷᠬᠠᠢᠯᠠᠵᠤ᠂ ᠲᠥᠯᠥᠪᠵᠢᠭᠦᠯᠭᠡ᠎ᠶ᠋ᠢᠨ ᠠᠭᠤᠯᠭ᠎ᠠ᠎ᠨᠢ ᠲᠣᠪᠴᠢ ᠠᠪᠰᠠᠷᠬᠠᠨ᠂ ᠠᠵᠢᠯᠯᠠᠬᠤ ᠳᠡᠰ ᠳᠠᠷᠠᠭᠠᠯᠠᠯ᠎ᠨᠢ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠢᠵᠤ᠂ ᠣᠷᠣᠨ ᠨᠤᠲᠤᠭ᠎ᠤᠨ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠳᠤ ᠨᠠᠩ ᠠᠱᠢᠭ᠍ᠲᠠᠶ ᠭᠡᠵᠦ᠍ ᠳᠤᠷᠠᠳᠤᠨ ᠭᠠᠷᠭᠠᠪᠠ᠃

  ᠳᠥᠷᠪᠡ᠂ 《ᠲᠣᠭ᠍ᠲᠠᠭᠠᠯ》 ᠎ᠳᠤ ᠱᠢᠢᠳᠪᠦᠷᠢᠯᠡᠭ᠌ᠰᠡᠨ ᠭᠤᠣᠯ ᠠᠰᠠᠭᠤᠳᠠᠯ᠎ᠨᠢ ᠶᠠᠭᠤ ᠪᠣᠢ?

  ᠨᠢᠭᠡ᠎ᠳᠤ᠂  ᠬᠦᠳᠡᠭᠡ ᠲᠤᠰᠬᠤᠨ ᠮᠠᠯᠵᠢᠬᠤ ᠣᠷᠣᠨ᠎ᠤ ᠲᠥᠯᠥᠪᠵᠢᠭᠦᠯᠭᠡ᠎ᠶ᠋ᠢᠨ ᠬᠠᠮᠢᠶᠠᠷᠤᠯᠲᠠ ᠬᠤᠭᠤᠰᠣᠨ ᠪᠠᠢᠬᠤ ᠠᠰᠠᠭᠤᠳᠠᠯ᠎ᠢ ᠱᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠭᠠᠵᠠᠷ ᠨᠤᠲᠤᠭ ᠥᠷᠭᠡᠨ ᠠᠭᠤᠳᠠᠮ᠂ ᠬᠡᠰᠡᠭ ᠨᠥᠬᠦᠴᠡᠯ᠎ᠲᠠᠢ ᠠᠢᠯ ᠲᠣᠰᠭᠤᠨ᠎ᠳᠤ ᠲᠥᠯᠥᠪᠵᠢᠭᠦᠯᠭᠡ᠎ᠶ᠋ᠢ ᠲᠤᠰᠠᠭᠠᠷ ᠨᠠᠢᠷᠠᠭᠤᠯᠤᠨ ᠵᠣᠬᠢᠶᠠᠬᠤ᠎ᠠᠴᠠ ᠭᠠᠳᠠᠨ᠎ᠠ᠂ ᠪᠤᠰᠤᠳ ᠠᠢᠯ ᠲᠣᠰᠭᠤᠨ᠎ᠨᠢ ᠶᠡᠭᠡ ᠬᠡᠪᠴᠢᠶᠡᠨ᠎ᠤ ᠪᠦᠳᠦᠭᠡᠨ ᠪᠠᠢᠭᠤᠯᠤᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ ᠦᠭᠡᠢ᠎ᠠᠴᠠ ᠪᠤᠯᠵᠤ᠂ ᠲᠤᠰᠠᠭᠠᠷ ᠠᠢᠯ ᠲᠣᠰᠭᠤᠨ᠎ᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠭ᠍ᠰᠠᠨ ᠦᠭᠡᠢ᠃ ᠭᠡᠪᠡᠴᠦ᠍ ᠡᠳᠡᠭᠡᠷ ᠠᠢᠯ ᠲᠣᠰᠭᠤᠨ᠎ᠳᠤ ᠮᠥᠨ ᠪᠠᠭ᠎ᠠ ᠬᠡᠮᠵᠢᠶᠡᠨ᠎ᠤ ᠪᠦᠲᠦᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢᠨ ᠬᠡᠷᠡᠭ᠌ᠴᠡᠭᠡ ᠪᠠᠢᠵᠤ᠂ ᠲᠥᠯᠥᠪᠵᠢᠭᠦᠯᠭᠡ᠎ᠲᠠᠢ ᠪᠠᠢᠵᠤ ᠵᠢᠯᠤᠭᠤᠳᠤᠯᠭ᠎ᠠ ᠪᠣᠯᠭᠠᠬᠤ ᠬᠡᠷᠡᠭ᠌ᠲᠡᠢ᠃ 《ᠲᠣᠭ᠍ᠲᠠᠭᠠᠯ》 ᠎ᠢ ᠨᠡᠢᠲᠡᠯᠡᠭ᠌ᠰᠡᠨ᠎ᠨᠢ ᠡᠲᠡᠭᠡᠷ ᠠᠢᠯ ᠲᠣᠰᠭᠤᠨ᠎ᠳᠤ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠠᠵᠢᠯᠯᠠᠭ᠎ᠠ ᠥᠷᠨᠢᠭᠦᠯᠬᠦ᠂ ᠤᠯᠤᠰ᠎ᠤᠨ  ᠭᠠᠵᠠᠷ ᠰᠢᠷᠤᠢ᠎ᠶᠢᠨ ᠣᠷᠣᠨ ᠵᠠᠶ᠎ᠶ᠋ᠢᠨ ᠬᠡᠷᠡᠭ᠌ᠴᠡᠭᠡ᠎ᠶ᠋ᠢ ᠵᠠᠬᠢᠷᠤᠨ ᠬᠠᠮᠢᠶᠠᠷᠬᠤ᠎ᠶ᠋ᠢ ᠬᠡᠷᠡᠭ᠌ᠵᠢᠭᠦᠯᠬᠦ᠂ ᠲᠥᠯᠥᠪᠵᠢᠭᠦᠯᠭᠡ᠎ᠶ᠋ᠢᠨ ᠵᠥᠪᠱᠢᠶᠡᠷᠡᠯ᠎ᠢ ᠬᠢᠨᠠᠨ ᠣᠯᠭᠤᠬᠤ᠎ᠳᠤ ᠦᠨᠳᠦᠰᠦᠯᠡᠯ ᠬᠠᠩᠭᠠᠵᠤ᠂ ᠬᠦᠳᠡᠭᠡ ᠲᠤᠰᠬᠤᠨ ᠮᠠᠯᠵᠢᠬᠤ ᠣᠷᠣᠨ᠎ᠤ ᠠᠢᠯ ᠲᠣᠰᠭᠤᠨ᠎ᠤ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢ ᠪᠦᠲᠦᠮᠵᠢᠲᠡᠶ ᠪᠦᠷᠬᠦᠭᠦᠯᠬᠦ᠌᠎ᠶ᠋ᠢ ᠪᠡᠶᠡᠯᠡᠭᠦᠯᠪᠡ᠃

  ᠬᠤᠶᠠᠷ᠎ᠲᠤ᠌᠂ ᠠᠢᠯ ᠲᠣᠰᠭᠤᠨ᠎ᠤ ᠲᠥᠯᠥᠪᠵᠢᠭᠦᠯᠭᠡ᠎ᠶ᠋ᠢ ᠲᠤᠰᠠᠭᠠᠷ ᠨᠠᠢᠷᠠᠭᠤᠯᠤᠨ ᠵᠣᠬᠢᠶᠠᠬᠤ ᠦᠶᠡᠯᠡᠯ᠎ᠤᠨ ᠬᠤᠭᠤᠴᠠᠭ᠎ᠠ ᠤᠷᠲᠤ ᠪᠠᠢᠬᠤ ᠠᠰᠠᠭᠤᠳᠠᠯ᠎ᠢ ᠱᠢᠶ᠋ᠳᠪᠦᠷᠢᠯᠡᠪᠡ᠃ ᠪᠦᠲᠦᠭᠡᠨ ᠪᠠᠢᠭᠤᠯᠤᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠢ᠂ ᠡᠰᠡᠬᠦᠯ᠎ᠡ ᠭᠠᠮᠱᠢᠭ᠎ᠤᠨ ᠳᠠᠷᠠᠭ᠎ᠠ ᠳᠠᠬᠢᠨ ᠪᠦᠲᠦᠭᠡᠨ ᠪᠠᠢᠭᠤᠯᠬᠤ ᠪᠠᠴᠢᠮ ᠬᠡᠷᠡᠭ᠌ᠴᠡᠭᠡ᠎ᠲᠠᠢ ᠠᠢᠯ ᠲᠣᠰᠭᠤᠨ᠎ᠳᠤ ᠪᠣᠯ ᠲᠤᠰᠠᠭᠠᠷ ᠲᠣᠰᠭᠤᠨ᠎ᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠦᠶᠡᠯᠡᠯ᠎ᠤᠨ ᠬᠤᠭᠤᠴᠠᠭ᠎ᠠ᠎ᠨᠢ ᠣᠷᠳᠣ᠂ ᠵᠠᠷᠤᠳᠠᠯ᠎ᠢ ᠪᠠᠲᠤᠯᠠᠬᠤ᠎ᠳᠤ ᠪᠡᠷᠬᠡ ᠵᠡᠷᠭᠡ ᠱᠢᠯᠲᠠᠭᠠᠨ᠎ᠠᠴᠠ ᠪᠣᠯᠵᠤ᠂ ᠠᠢᠯ ᠲᠣᠰᠭᠤᠨ᠎ᠤ ᠲᠥᠯᠥᠪᠵᠢᠭᠦᠯᠭᠡ᠎ᠶ᠋ᠢ ᠴᠠᠭ ᠲᠤᠬᠠᠶ᠎ᠳᠤ ᠨᠢ ᠨᠠᠢᠷᠠᠭᠤᠯᠤᠨ ᠵᠣᠬᠢᠶᠠᠬᠤ᠎ᠶ᠋ᠢᠨ ᠠᠷᠭ᠎ᠠ ᠦᠭᠡᠢ ᠶᠤᠮ᠃ ᠬᠡᠷᠡᠭ᠌ᠵᠢᠭᠦᠯᠬᠦ᠌ ᠴᠢᠬᠤᠯᠠᠲᠠᠶ ᠣᠷᠣᠨ ᠰᠠᠭᠤᠴᠠ᠎ᠶ᠋ᠢᠨ ᠰᠠᠭᠤᠷᠢ ᠭᠠᠵᠠᠷ᠂ ᠬᠦᠳᠡᠭᠡ ᠲᠤᠰᠬᠤᠨ ᠮᠠᠯᠵᠢᠬᠤ ᠣᠷᠣᠨ᠎ᠤ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠪᠡᠯᠡᠳᠭᠡᠮᠵᠢ᠂ ᠬᠤᠲᠠ᠎ᠶ᠋ᠢᠨ ᠶᠠᠪᠤᠳᠠᠯ᠎ᠤᠨ ᠨᠡᠢᠲᠡ᠎ᠶ᠋ᠢᠨ ᠬᠡᠷᠡᠭ᠌ᠯᠡᠭᠡᠨ᠎ᠤ ᠪᠡᠯᠡᠳᠭᠡᠮᠵᠢ ᠵᠡᠷᠭᠡ᠎ᠶ᠋ᠢ ᠪᠠᠲᠤᠯᠠᠬᠤ᠎ᠶ᠋ᠢᠨ ᠲᠤᠰᠠᠳᠠ᠂ ᠡᠯ᠎ᠡ ᠭᠠᠵᠠᠷ ᠣᠷᠣᠨ᠎ᠨᠢ 《ᠲᠣᠭ᠍ᠲᠠᠭᠠᠯ》 ᠎ᠢ ᠦᠨᠳᠦᠰᠦᠯᠡᠨ ᠲᠣᠪᠴᠢ ᠠᠪᠰᠠᠷᠬᠠᠨ ᠪᠥᠭᠡᠳ ᠪᠣᠳᠠᠲᠤ ᠬᠡᠷᠡᠭ᠌ᠴᠡᠭᠡ᠎ᠲᠠᠢ 《ᠨᠢᠭᠡ ᠵᠢᠷᠤᠭ ᠨᠢᠭᠡ ᠬᠦᠰᠦᠨᠦᠭ᠌ᠲᠦ》 ᠎ᠶ᠋ᠢ ᠦᠨᠳᠦᠰᠦᠯᠡᠨ ᠦᠨᠳᠦᠰᠦᠯᠡᠯ ᠪᠣᠯᠭᠠᠵᠤ᠂ ᠨᠠᠢᠷᠠᠭᠤᠯᠤᠨ ᠵᠣᠬᠢᠶᠠᠬᠤ ᠦᠶᠡᠯᠡᠯ᠎ᠤᠨ ᠬᠤᠭᠤᠴᠠᠭ᠎ᠠ᠎ᠶ᠋ᠢ ᠪᠣᠭᠤᠨᠢᠰᠭᠠᠨ᠂ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢ ᠪᠠᠲᠤᠯᠠᠵᠤ ᠪᠣᠯᠤᠨ᠎ᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ