ᠨᠢᠭᠡ᠂ ᠲᠦᠷᠦ᠍᠎ᠶ᠋ᠢᠨ ᠪᠤᠳᠤᠯᠭ᠎ᠠ᠎ᠶ᠋ᠢᠨ ᠲᠠᠢᠯᠤᠮᠵᠢ
(ᠨᠢᠭᠡ ) ᠭᠦᠢ᠍ᠴᠡᠳᠭᠡᠬᠦ ᠦᠨᠳᠦᠰᠦᠯᠡᠯ
《ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠶᠠᠮᠤᠨ᠎ᠤ ᠤᠯᠤᠰ᠎ᠤᠨ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠶ᠋ᠢᠨ ᠮᠡᠳᠡᠭ᠌ᠳᠡᠯ ( ᠲᠤᠷᠱᠢᠨ ᠬᠡᠷᠡᠭ᠌ᠵᠢᠭᠦᠯᠬᠦ᠌ )》 ( ᠪᠠᠢᠭᠠᠯᠢ᠎ᠶ᠋ᠢᠨ ᠡᠬᠢ ᠪᠠᠶᠠᠯᠢᠭ ᠲᠠᠷᠬᠠᠭᠠᠭ᠍ᠰᠠᠨ [2022] 142 ᠳ᠋ᠤᠭᠠᠷ ᠲᠣᠭᠠᠲᠤ )
《ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭ᠌ᠵᠢᠭᠦᠯᠬᠦ᠌ ᠰᠠᠨᠠᠯ ( ᠲᠤᠷᠱᠢᠨ ᠬᠡᠷᠡᠭ᠌ᠵᠢᠭᠦᠯᠬᠦ᠌ )》 ( ᠥᠪᠥᠷ ᠵᠠᠰᠠᠭ ᠠᠯᠪᠠᠨ ᠲᠠᠷᠬᠠᠭᠠᠭ᠍ᠰᠠᠨ [2023] 74 ᠳ᠋ᠦ᠍ᠭᠡᠷ ᠲᠣᠭᠠᠲᠤ )
《ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠢᠵᠠᠭ᠋ᠠᠷ ᠲᠠᠢ ᠬᠦᠮᠦᠨ᠎ᠦ ᠠᠵᠢᠯᠯᠠᠭ᠎ᠠ᠎ᠶ᠋ᠢ ᠮᠠᠭᠠᠳᠯᠠᠨ ᠲᠣᠭ᠍ᠲᠠᠭᠠᠬᠤ ᠪᠠ ᠤᠯᠤᠰ᠎ᠤᠨ ᠴᠢᠬᠤᠯᠠ ᠶᠡᠭᠡ ᠲᠥᠷᠥᠯ ᠵᠦᠢᠯ ᠤᠨ ᠡᠵᠡᠯᠡᠨ ᠬᠡᠷᠡᠭ᠌ᠯᠡᠬᠦ᠌᠎ᠶ᠋ᠢ ᠵᠥᠪᠱᠢᠶᠡᠷᠡᠬᠦ᠌ ᠬᠤᠯᠪᠣᠭ᠍ᠳᠠᠯ ᠪᠥᠬᠦᠶ ᠵᠦᠢᠯᠡᠰ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠮᠡᠳᠡᠭ᠌ᠳᠡᠯ ( ᠲᠤᠷᠱᠢᠨ ᠬᠡᠷᠡᠭ᠌ᠵᠢᠭᠦᠯᠬᠦ᠌ )》 ( ᠥᠪᠥᠷ ᠪᠠᠢᠭᠠᠯᠢ᠎ᠶ᠋ᠢᠨ ᠡᠬᠢ ᠪᠠᠶᠠᠯᠢᠭ ᠲᠠᠷᠬᠠᠭᠠᠭ᠍ᠰᠠᠨ [2023] 7 ᠳ᠋ᠤᠭᠠᠷ ᠲᠣᠭᠠᠲᠤ )
(ᠬᠤᠶᠠᠷ) ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠳᠣᠲᠣᠷ᠎ᠠ ᠵᠥᠪᠱᠢᠶᠡᠷᠡᠭ᠌ᠰᠡᠨ ᠬᠢᠵᠠᠭᠠᠷ᠎ᠲᠠᠢ ᠬᠥᠮᠥᠨ᠎ᠤ ᠠᠵᠢᠯᠯᠠᠭᠠᠨ᠎ᠤ ᠲᠦᠷᠦᠯ ᠬᠡᠯᠪᠡᠷᠢ
ᠤᠶᠤᠨᠴᠢ ᠬᠠᠮᠢᠶᠠᠷᠤᠯᠳᠠ ᠪᠠ ᠤᠯᠠᠨ ᠨᠡᠢᠳᠡ᠎ᠶ᠋ᠢᠨ ᠲᠦᠬᠦᠭᠡᠷᠦᠮᠵᠢ᠎ᠶ᠋ᠢᠨ ᠲᠦᠷᠦᠯ
ᠬᠠᠮᠢᠶᠠᠷᠴᠤ᠌ ᠬᠠᠮᠠᠭᠠᠯᠠᠨ ᠲᠣᠭᠤᠷᠢᠨ ᠬᠠᠮᠠᠭᠠᠯᠠᠬᠤ᠂ ᠬᠠᠤᠯᠢ ᠬᠡᠷᠡᠭ᠌ᠵᠢᠭᠦᠯᠬᠦ᠂ ᠱᠢᠨᠵᠢᠯᠡᠬᠦ᠌ ᠤᠬᠠᠭᠠᠨ᠎ᠤ ᠰᠤᠳᠤᠯᠭᠠᠨ᠂ ᠪᠠᠢᠴᠠᠭᠠᠨ ᠬᠡᠮᠵᠢᠬᠦ᠂ ᠬᠡᠮᠵᠢᠨ ᠵᠢᠷᠤᠭ᠍ᠯᠠᠬᠤ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠠᠬᠤ᠂ ᠴᠡᠷᠢᠭ᠎ᠤᠨ ᠶᠠᠪᠤᠳᠠᠯ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠡᠷᠭᠡ ᠠᠵᠢᠯᠯᠠᠭ᠎ᠠ᠎ᠳᠠᠬᠢ ᠬᠠᠮᠢᠶ᠎ᠠ ᠪᠦᠬᠦᠢ ᠴᠢᠬᠤᠯᠠ ᠪᠦᠬᠦᠢ ᠪᠡᠯᠡᠳᠭᠡᠮᠵᠢ᠎ᠶ᠋ᠢ ᠵᠠᠰᠠᠵᠤ ᠪᠠᠢᠭᠤᠯᠪᠠ᠃ ᠡᠭᠦᠨ᠎ᠳᠦ᠄ ᠬᠠᠮᠢᠶᠠᠷᠴᠤ᠌ ᠬᠠᠮᠠᠭᠠᠯᠠᠬᠤ ᠲᠣᠭᠣᠷᠢᠨ ᠬᠠᠮᠠᠭᠠᠯᠠᠬᠤ ᠭᠡᠷ ᠪᠠᠢᠱᠢᠩ ᠪᠣᠯᠤᠨ ᠲᠣᠭᠣᠷᠢᠨ ᠬᠠᠮᠠᠭᠠᠯᠠᠬᠤ ᠵᠠᠮ᠂ ᠣᠶ ᠱᠢᠭᠤᠶ᠎ᠶ᠋ᠢᠨ ᠶᠠᠪᠠᠭᠠᠨ ᠵᠠᠮ᠂ ᠬᠡᠭᠡᠷ᠎ᠡ᠎ᠶ᠋ᠢᠨ ᠠᠮᠢᠲᠠᠨ᠎ᠢ ᠬᠠᠮᠠᠭᠠᠯᠠᠬᠤ ᠪᠡᠯᠡᠳᠭᠡᠮᠵᠢ᠂ ᠬᠠᠤᠯᠢ ᠬᠡᠷᠡᠭ᠌ᠵᠢᠭᠦᠯᠬᠦ᠌ ᠪᠡᠯᠡᠳᠭᠡᠮᠵᠢ᠂ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠪᠡᠯᠡᠳᠭᠡᠮᠵᠢ᠂ ᠴᠠᠭ ᠠᠭᠤᠷ᠎ᠤᠨ ᠬᠢᠨᠠᠨ ᠬᠡᠮᠵᠢᠬᠦ᠌ ᠪᠡᠯᠡᠳᠭᠡᠮᠵᠢ᠂ ᠭᠠᠵᠠᠷ ᠬᠥᠳᠡᠯᠦᠯᠲᠡ᠎ᠶ᠋ᠢ ᠬᠢᠨᠠᠨ ᠬᠡᠮᠵᠢᠬᠦ᠌ ᠪᠡᠯᠡᠳᠭᠡᠮᠵᠢ᠂ ᠣᠷᠴᠢᠨ ᠲᠣᠭᠣᠷᠢᠨ᠎ᠤ ᠬᠢᠨᠠᠨ ᠬᠡᠮᠵᠢᠬᠦ᠌ ᠪᠡᠯᠡᠳᠭᠡᠮᠵᠢ᠂ ᠬᠡᠮᠵᠢᠨ ᠵᠢᠷᠤᠵᠤ ᠵᠢᠯᠣᠭᠣᠳᠭᠤ ᠪᠡᠯᠡᠳᠭᠡᠮᠵᠢ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠠᠬᠤ ᠪᠡᠯᠡᠳᠭᠡᠮᠵᠢ᠂ ᠣᠶ ᠱᠢᠭᠤᠶ ᠨᠤᠲᠤᠭ ᠪᠡᠯᠴᠢᠭᠡᠷ᠎ᠦᠨ ᠬᠣᠤᠷ ᠬᠥᠨᠥᠭᠡᠯᠲᠡᠶ ᠠᠮᠢᠳᠤ ᠪᠣᠳᠠᠰ᠎ᠢ ᠰᠡᠷᠭᠡᠢᠯᠡᠨ ᠵᠠᠰᠠᠬᠤ ᠪᠡᠯᠡᠳᠭᠡᠮᠵᠢ᠂ ᠣᠶ ᠱᠢᠭᠤᠶ ᠨᠤᠲᠤᠭ ᠪᠡᠯᠴᠢᠭᠡᠷ᠎ᠦᠨ ᠭᠠᠯ᠎ᠢ ᠰᠡᠷᠭᠡᠢᠯᠡᠬᠦ᠌ ᠪᠡᠯᠡᠳᠭᠡᠮᠵᠢ᠂ ᠴᠡᠷᠢᠭ᠎ᠦᠨ ᠶᠠᠪᠤᠳᠠᠯ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠡᠯᠡᠳᠭᠡᠮᠵᠢ᠂ ᠬᠢᠵᠢᠭ ᠰᠡᠷᠭᠡᠢᠯᠡᠬᠦ᠌ ᠪᠡᠯᠡᠳᠭᠡᠮᠵᠢ ᠵᠡᠷᠭᠡ ᠪᠠᠭ᠍ᠲᠠᠨ᠎ᠠ᠃
ᠤᠤᠯ᠎ᠤᠨ ᠰᠠᠭᠤᠭᠠᠯᠢ ᠠᠷᠠᠳ᠎ᠤᠨ ᠦᠢᠯᠡᠳᠪᠦᠷᠢᠯᠡᠯ ᠠᠮᠢᠳᠤᠷᠠᠯ
ᠤᠤᠯ᠎ᠤᠨ ᠰᠠᠭᠤᠭᠠᠯᠢ ᠠᠷᠠᠳ ᠪᠣᠯᠤᠨ ᠪᠤᠰᠤᠳ ᠬᠠᠤᠯᠢ ᠶᠣᠰᠣᠨ᠎ᠤ ᠡᠷᠬᠡ ᠠᠱᠢᠭ᠎ᠤᠨ ᠭᠣᠤᠯ ᠴᠣᠭ᠍ᠴᠠ ᠪᠣᠯᠬᠤ ᠣᠳᠣ᠎ᠶ᠋ᠢᠨ ᠪᠠᠢᠭ᠎ᠠ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠂ ᠲᠠᠷᠢᠶᠠᠨ ᠭᠠᠵᠠᠷ ᠂ ᠤᠰᠤᠨ ᠭᠠᠷᠤᠯᠲᠠ᠎ᠶ᠋ᠢ ᠲᠡᠵᠢᠭᠡᠨ ᠦᠷᠡᠵᠢᠭᠦᠯᠬᠦ᠌ ᠬᠡᠪᠴᠢᠶ᠎ᠡ ᠪᠠ ᠪᠡᠯᠴᠢᠭᠡᠷᠯᠡᠭᠦᠯᠬᠦ᠌ ᠬᠦᠴᠦᠯᠡᠴᠡ᠎ᠶ᠋ᠢ ᠥᠷᠭᠡᠳᠭᠡᠬᠦ᠌ ᠦᠭᠡᠶ ( ᠮᠠᠯ ᠪᠡᠯᠴᠢᠭᠡᠷ᠎ᠢ ᠲᠡᠩᠴᠡᠭᠦᠷᠢᠲᠡᠶ ᠪᠠᠢᠯᠭᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠵᠤ ᠰᠡᠯᠭᠦᠨ ᠮᠠᠯᠵᠢᠬᠤ ᠬᠠᠮᠢᠶᠠᠷᠤᠯᠲᠠ᠎ᠶ᠋ᠢᠨ ᠲᠣᠭ᠍ᠲᠠᠭᠠᠯ᠎ᠳᠤ ᠨᠡᠢ᠌ᠴᠡᠬᠦ)᠂ ᠲᠠᠷᠢᠬᠤ᠂ ᠪᠡᠯᠴᠢᠭᠡᠷᠯᠡᠭᠦᠯᠬᠦ᠌᠂ ᠠᠩᠨᠠᠵᠤ ᠱᠦᠭᠦᠬᠦ᠌᠂ ᠲᠡᠵᠢᠭᠡᠨ ᠦᠷᠡᠵᠢᠭᠦᠯᠬᠦ᠌ ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ ᠣᠷᠣᠨ ᠰᠠᠭᠤᠴᠠ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠴᠢᠮᠡᠭᠡ ᠬᠣᠯᠪᠣᠭ᠎ᠠ᠂ ᠷᠠᠳᠢᠣ᠋ ᠲᠧᠯᠸᠢᠰ᠂ ᠵᠠᠮ ᠬᠠᠷᠢᠯᠴᠠᠭ᠎ᠠ᠂ ᠤᠰᠤᠨ ᠠᠱᠢᠭ᠍ᠯᠠᠯᠲᠠ᠂ ᠬᠣᠭ ᠨᠣᠪᠰᠢ ᠬᠠᠳᠠᠭᠠᠯᠠᠵᠤ ᠲᠡᠭᠡᠭᠡᠪᠦᠷᠢᠯᠡᠬᠦ᠌ ᠵᠡᠷᠭᠡ ᠦᠢᠯᠡᠳᠪᠦᠷᠢᠯᠡᠯ ᠠᠮᠢᠳᠤᠷᠠᠯ᠎ᠤᠨ ᠪᠡᠯᠡᠳᠭᠡᠮᠵᠢ᠎ᠶ᠋ᠢ ᠪᠠᠢᠭᠤᠯᠬᠤ ᠬᠡᠷᠡᠭ᠌ᠲᠡᠶ ᠃
ᠲᠡᠦᠬᠡ᠎ᠶ᠋ᠢᠨ ᠳᠤᠷᠠᠰᠭᠠᠯᠲᠤ ᠵᠦᠢᠯ ᠪᠠ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠢ ᠬᠠᠮᠠᠭᠠᠯᠠᠬᠤ
ᠬᠠᠤᠯᠢ ᠶᠣᠰᠣᠭᠠᠷ ᠵᠥᠪᠱᠢᠶᠡᠷᠡᠭᠦᠯᠦᠭ᠌ᠰᠡᠨ ᠬᠠᠭᠤᠴᠢ ᠰᠤᠳᠤᠯᠤᠯ᠎ᠤᠨ ᠪᠠᠢᠴᠠᠭᠠᠨ ᠠᠭᠤᠳᠠᠯᠬᠤ᠂ ᠡᠷᠲᠡᠨ᠎ᠦ ᠠᠮᠢᠳᠤ ᠪᠣᠳᠠᠰ᠎ᠤᠨ ᠴᠢᠯᠠᠭᠤᠵᠢᠮᠠᠯ᠎ᠢ ᠪᠠᠢᠴᠠᠭᠠᠨ ᠠᠭᠤᠳᠠᠯᠬᠤ᠂ ᠦᠯᠢᠭᠡᠷ ᠬᠡᠪ ᠴᠤᠭ᠍ᠯᠠᠭᠤᠯᠬᠤ ᠪᠠ ᠲᠡᠦᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ ᠠᠵᠢᠯᠯᠠᠭ᠎ᠠ᠃
ᠤᠢ ᠱᠢᠭᠤᠢ᠎ᠶ᠋ᠢᠨ ᠡᠵᠡᠩᠨᠡᠯᠲᠡ ᠬᠠᠮᠢᠶᠠᠷᠤᠯᠲᠠ
ᠬᠥᠮᠦᠨ᠎ᠦ ᠬᠦᠴᠦ᠍᠎ᠪᠡᠷ ᠲᠠᠷᠢᠭ᠍ᠰᠠᠨ ᠲᠠᠸᠠᠷ᠎ᠤᠨ ᠣᠶ᠎ᠶ᠋ᠢ ᠲᠣᠭ᠍ᠲᠠᠭᠠᠯ ᠶᠣᠰᠣᠭᠠᠷ ᠠᠷᠠᠴᠢᠯᠠᠨ ᠪᠣᠢᠵᠢᠭᠤᠯᠬᠤ ᠂ ᠡᠰᠡᠬᠦᠯ᠎ᠡ ᠣᠶ ᠱᠢᠭᠤᠶ᠎ᠶ᠋ᠢᠨ ᠶᠠᠰᠤ ᠴᠢᠨᠠᠷ ᠢ ᠳᠡᠭᠡᠭ᠌ᠰᠢᠯᠡᠭᠦᠯᠬᠦ᠌᠂ ᠣᠷᠣᠱᠢᠨ ᠠᠮᠢᠳᠤᠷᠠᠬᠤ ᠭᠠᠵᠠᠷ ᠢ ᠱᠢᠯᠢᠳᠡᠭ᠌ᠵᠢᠭᠦᠯᠬᠦ᠌᠂ ᠠᠮᠢᠳᠤ ᠪᠣᠳᠠᠰ᠎ᠤᠨ ᠭᠠᠯ ᠰᠡᠷᠭᠡᠢᠯᠡᠬᠦ᠌ ᠲᠤᠰᠠᠭᠠᠷᠯᠠᠬᠤ ᠪᠦᠰᠡ ᠪᠠᠢᠭᠤᠯᠬᠤ ᠵᠡᠷᠭᠡ᠎ᠪᠡᠷ ᠵᠣᠷᠢᠯᠭ᠎ᠠ ᠪᠣᠯᠭᠠᠭ᠍ᠰᠠᠨ ᠮᠣᠳᠣᠨ᠎ᠤ ᠲᠥᠷᠥᠯ ᠢ ᠱᠢᠨᠡᠳᠭᠡᠬᠦ᠌᠂ ᠪᠣᠢᠵᠢᠭᠤᠯᠬᠤ᠂ ᠥᠭᠡᠷᠡᠴᠢᠯᠡᠬᠦ᠌ ᠬᠡᠷᠡᠭ᠌ᠲᠡᠶ᠃
ᠠᠮᠢ ᠠᠬᠤᠢ᠎ᠶ᠋ᠢᠨ ᠵᠢᠭᠤᠯᠴᠢᠯᠠᠯ ᠪᠠ ᠱᠢᠨᠵᠢᠯᠡᠬᠦ᠌ ᠤᠬᠠᠭᠠᠨ᠎ᠢ ᠲᠦᠭᠡᠮᠡᠯᠵᠢᠬᠦᠯᠬᠦ᠌
ᠠᠮᠢ ᠠᠬᠤᠶ᠎ᠶ᠋ᠢᠨ ᠴᠢᠳᠠᠮᠵᠢ᠎ᠶ᠋ᠢ ᠡᠪᠳᠡᠬᠦ᠌ ᠦᠭᠡᠶ ᠵᠣᠬᠢᠰᠲᠠᠶ ᠲᠣᠭᠣᠷᠢᠨ ᠦᠵᠡᠵᠦ᠍ ᠵᠢᠭᠤᠯᠴᠢᠯᠠᠬᠤ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ ᠬᠥᠮᠦᠵᠢᠯ ᠵᠢᠴᠢ ᠬᠠᠮᠢᠶ᠎ᠠ ᠪᠦᠬᠦᠢ ᠲᠥᠯᠥᠪᠵᠢᠭᠦᠯᠭᠡ᠎ᠳᠦ ᠨᠡᠢᠴᠡᠬᠦ᠌ ᠲᠥᠬᠥᠷ ᠦᠢᠯᠡᠴᠢᠯᠡᠭᠡᠨ᠎ᠦ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ ᠪᠣᠯᠤᠨ ᠬᠠᠮᠢᠶ᠎ᠠ ᠪᠦᠬᠦᠢ ᠬᠠᠮᠠᠭᠠᠯᠠᠯᠲᠠ᠎ᠶ᠋ᠢ ᠲᠣᠭᠣᠷᠢᠨ ᠦᠵᠡᠬᠦ᠌ ᠬᠡᠷᠡᠭ᠌ᠲᠡᠶ᠃ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠴᠢᠮᠡᠭᠡ ᠬᠣᠯᠪᠣᠭᠠᠨ᠎ᠤ ᠣᠯᠠᠨ ᠨᠡᠢᠲᠡ᠎ᠶ᠋ᠢᠨ ᠲᠥᠬᠥᠭᠡᠷᠦᠮᠵᠢ᠎ᠶ᠋ᠢᠨ ᠪᠠᠢᠭᠤᠯᠤᠯᠲᠠ ᠪᠣᠯᠤᠨ ᠬᠠᠮᠠᠭᠠᠯᠠᠯᠲᠠ ᠪᠠᠭ᠍ᠲᠠᠨ᠎ᠠ᠃ ( ᠬᠥᠭᠦᠷᠭᠡᠨ ᠵᠠᠮ᠂ ᠬᠤᠩᠭᠢᠯ ᠵᠠᠮ᠎ᠤᠨ ᠡᠷᠡᠭᠦᠯ ᠬᠠᠮᠠᠭᠠᠯᠠᠯ᠂ ᠠᠮᠤᠷ ᠲᠦᠪᠱᠢᠨ᠎ᠤ ᠬᠠᠮᠠᠭᠠᠯᠠᠯᠲᠠ᠂ ᠪᠣᠬᠢᠷ ᠤᠰᠤ ᠱᠢᠢᠳᠪᠦᠷᠢᠯᠡᠬᠦ᠂ ᠬᠤᠭ ᠨᠣᠪᠰᠢ᠎ᠶ᠋ᠢ ᠱᠢᠢᠳᠪᠦᠷᠢᠯᠡᠬᠦ᠂ ᠣᠯᠠᠨ ᠨᠡᠢᠲᠡ᠎ᠶ᠋ᠢᠨ ᠭᠠᠯ ᠤᠨᠲᠠᠷᠠᠭᠠᠬᠤ ᠵᠠᠮ᠂ ᠳᠡᠭᠦᠵᠢᠩ ᠵᠠᠮ )᠂ ᠪᠠᠴᠢᠮ ᠪᠠᠢᠳᠠᠯ᠎ᠢ ᠠᠷᠭ᠋ᠠᠴᠠᠭ᠋ᠠᠵᠤ ᠠᠶᠤᠯ᠎ᠠᠴᠠ ᠵᠠᠢᠯᠠᠬᠤ᠂ ᠡᠮᠴᠢᠯᠡᠭᠡᠨ᠎ᠤ ᠠᠪᠤᠷᠠᠨ ᠲᠤᠰᠠᠯᠠᠯᠲᠠ᠂ ᠡᠯᠧᠺᠲᠷᠣᠨ ᠬᠢᠨᠠᠨ ᠡᠵᠡᠮᠳᠡᠯ᠂ ᠳᠥᠭᠦᠮ ᠠᠮᠠᠷᠠᠯᠲᠠ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ ᠵᠡᠷᠭᠡ ᠪᠡᠯᠡᠳᠭᠡᠮᠵᠢ ᠵᠢᠴᠢ ᠵᠤᠭᠠᠴᠠᠯ᠎ᠤᠨ ᠣᠩᠭᠤᠴᠠ᠎ᠶ᠋ᠢᠨ ᠬᠠᠷᠢᠶᠠᠲᠤ ᠪᠡᠯᠡᠳᠭᠡᠮᠵᠢ᠂ ᠲᠡᠮᠳᠡᠭ ᠫᠠᠢᠰᠠ᠂ ᠦᠵᠡᠮᠵᠢ ᠰᠣᠨᠢᠷᠬᠠᠬᠤ ᠲᠠᠪᠴᠠᠩ᠂ ᠠᠮᠢ ᠠᠬᠤᠢ᠎ᠶ᠋ᠢᠨ ᠲᠡᠷᠭᠡᠨ ᠵᠣᠭ᠍ᠰᠣᠭᠠᠯ᠂ ᠵᠤᠭᠠᠴᠠᠭ᠍ᠰᠠᠳ᠎ᠲᠤ ᠦᠢᠯᠡᠴᠢᠯᠡᠬᠦ᠌ ᠲᠥᠪ ᠪᠠᠭ᠍ᠲᠠᠨ᠎ᠠ᠃
ᠱᠤᠭᠤᠮ᠎ᠤᠨ ᠰᠠᠭᠤᠷᠢ ᠪᠡᠯᠡᠳᠭᠡᠮᠵᠢ
ᠡᠷᠬᠡᠪᠰᠢ ᠵᠠᠢᠯᠠᠭᠤᠯᠬᠤ᠎ᠶ᠋ᠢᠨ ᠠᠷᠭ᠎ᠠ ᠦᠭᠡᠶ᠂ ᠰᠢᠶᠠᠨ᠎ᠤ ᠱᠠᠲᠤᠨ᠎ᠠᠴᠠ ᠳᠡᠭᠡᠭᠰᠢᠬᠢ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶᠢᠨ ᠲᠥᠯᠦᠪᠵᠢᠭᠦᠯᠭᠡ᠎ᠳᠦ ᠨᠡᠢᠴᠡᠬᠦ ᠱᠤᠭᠤᠮ᠎ᠤᠨ ᠴᠢᠨᠠᠷᠲᠠᠢ ᠰᠠᠭᠤᠷᠢ ᠲᠥᠬᠦᠭᠡᠷᠦᠮᠵᠢ ᠪᠠᠢᠬᠤ ᠬᠡᠷᠡᠭᠲᠡᠢ᠃ ᠴᠢᠮᠡᠭᠡ ᠨᠡᠪᠲᠡᠷᠡᠯᠭᠡ ᠪᠠ ᠦᠶᠡᠷ᠎ᠢ ᠰᠡᠷᠭᠡᠢᠯᠡᠬᠦ᠂ ᠤᠰᠤ ᠬᠠᠩᠭᠠᠬᠤ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ ᠪᠠ ᠣᠩᠭᠤᠴᠠ ᠰᠠᠯ ᠠᠶᠠᠯᠠᠬᠤ ᠤᠰᠤᠨ ᠵᠠᠮ᠎ᠢ ᠯᠠᠢᠳᠠᠬᠤ ᠪᠠ ᠤᠰᠤᠨ ᠠᠶᠠᠯᠠᠯ᠎ᠤᠨ ᠵᠠᠮ᠎ᠤᠨ ᠤᠰᠤᠨ ᠵᠠᠮ ᠯᠠᠢᠳᠠᠵᠤ ᠬᠤᠷᠠᠭᠰᠠᠨᠢ ᠴᠡᠪᠡᠷᠯᠡᠬᠦ ᠵᠡᠷᠭᠡ ᠠᠵᠢᠯᠯᠠᠭ᠎ᠠ; ᠨᠢᠭᠡᠨᠲᠡ ᠪᠠᠢᠭ᠎ᠠ ᠬᠠᠤᠯᠢ ᠶᠣᠰᠣᠨ᠎ᠤ ᠤᠰᠤᠨ ᠠᠱᠢᠭ᠍ᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠪᠡᠯᠡᠳᠭᠡᠮᠵᠢ᠎ᠶ᠋ᠢᠨ ᠠᠵᠢᠯᠯᠠᠭᠠᠨ᠎ᠤ ᠬᠠᠮᠠᠭᠠᠯᠠᠯᠲᠠ᠎ᠶ᠋ᠢᠨ ᠣᠷᠣᠨ ᠵᠠᠶ ᠃ ᠡᠭᠦᠨ᠎ᠳᠦ ᠡᠷᠬᠡᠪᠰᠢ ᠵᠠᠢᠯᠠᠭᠤᠯᠬᠤ᠎ᠶ᠋ᠢᠨ ᠠᠷᠭ᠎ᠠ ᠦᠭᠡᠶ᠂ ᠰᠢᠶᠠᠨ᠎ᠤ ᠱᠠᠲᠤᠨ᠎ᠠᠴᠠ ᠳᠡᠭᠡᠭ᠌ᠰᠢᠬᠢ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠳᠦ ᠨᠡᠢᠴᠡᠬᠦ᠌ ᠵᠠᠰᠠᠮᠠᠯ ᠵᠠᠮ ᠂ ᠲᠡᠮᠦᠷ ᠵᠠᠮ ᠂ ᠬᠥᠭᠥᠷᠭᠡ ᠂ ᠨᠦᠬᠡᠨ ᠵᠠᠮ ᠂ ᠴᠠᠬᠢᠯᠭᠠᠨ ᠲᠠᠲᠠᠯᠭ᠎ᠠ ( ᠭᠡᠷᠡᠯᠯᠢᠭ ᠳᠡᠭᠡᠰᠦ) ᠂ ᠱᠢᠲᠠᠮᠠᠬᠠᠶ ᠬᠡᠢ ᠂ ᠤᠰᠤ ᠬᠠᠩᠭᠠᠬᠤ ᠂ ᠢᠯᠴᠢ ᠬᠠᠩᠭᠠᠬᠤ ᠬᠣᠭᠣᠯᠠᠶ ᠤᠲᠠᠰᠤ ᠵᠡᠷᠭᠡ ᠰᠠᠭᠤᠷᠢ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠪᠠᠭ᠍ᠲᠠᠭᠠᠵᠤ᠂ ᠨᠢᠭᠡᠨᠲᠡ ᠪᠠᠢᠭ᠎ᠠ ᠬᠠᠤᠯᠢ ᠶᠣᠰᠣᠨ᠎ᠤ ᠤᠰᠤᠨ ᠠᠱᠢᠭ᠍ᠯᠠᠯᠲᠠ᠎ᠶ᠋ᠢᠨ ᠪᠡᠯᠡᠳᠭᠡᠮᠵᠢᠳᠦ ᠳᠠᠯᠠᠩ᠎ᠢ ᠪᠡᠬᠢᠵᠢᠭᠦᠯᠬᠦ᠌᠂ ᠬᠤᠷᠠᠭ᠍ᠰᠠᠨᠢ ᠠᠷᠢᠯᠭᠠᠬᠤ ᠵᠢᠴᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠡᠷᠭᠡ ᠪᠠᠭ᠍ᠲᠠᠨ᠎ᠠ ᠃
ᠭᠠᠵᠠᠷ ᠱᠢᠨᠵᠢᠯᠡᠬᠡᠨ᠎ᠤ ᠠᠭᠤᠷᠬᠠᠢ᠎ᠶ᠋ᠢᠨ ᠭᠠᠷᠤᠯᠳᠠ᠎ᠶ᠋ᠢᠨ ᠬᠠᠢᠨ ᠪᠠᠢᠴᠠᠭᠠᠯᠳᠠ
ᠭᠠᠵᠠᠷ ᠱᠢᠨᠵᠢᠯᠡᠭᠡᠨ᠎ᠤ ᠪᠠᠢ᠌ᠴᠠᠭ᠋ᠠᠯᠲᠠ ᠬᠢᠭᠡᠳ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠎ᠢ ᠬᠠᠢᠨ ᠪᠠᠢ᠌ᠴᠠᠭ᠋ᠠᠵᠤ ᠨᠡᠭᠡᠭᠡᠨ ᠮᠠᠯᠲᠠᠬᠤ᠃ ᠡᠭᠦᠨ᠎ᠳᠤ᠄ ᠰᠠᠭᠤᠷᠢ ᠴᠢᠨᠠᠷᠲᠠᠶ ᠭᠠᠵᠠᠷ ᠱᠢᠨᠵᠢᠯᠡᠭᠡᠨ᠎ᠤ ᠪᠠᠢᠴᠠᠭᠠᠯᠲᠠ ᠪᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠠᠯᠤᠰ᠎ᠤᠨ ᠪᠠᠢᠴᠠᠭᠠᠯᠲᠠ ᠵᠡᠷᠭᠡ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ ᠪᠠᠭ᠍ᠲᠠᠨ᠎ᠠ; ᠦᠷᠡᠨ᠎ᠤ ᠠᠭᠤᠷᠬᠠᠶ᠎ᠶ᠋ᠢ ᠬᠠᠢᠨ ᠪᠠᠢᠴᠠᠭᠠᠵᠤ ᠨᠡᠭᠡᠭᠡᠨ ᠮᠠᠯᠲᠠᠬᠤ ᠠᠵᠢᠯᠯᠠᠭ᠎ᠠ᠎ᠨᠢ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠳᠠᠩᠰᠠᠯᠠᠯᠲᠠ ᠬᠢᠵᠦ᠍ ᠪᠣᠯᠤᠨ᠎ᠠ; ᠨᠢᠭᠡᠨᠲᠡ ᠬᠠᠤᠯᠢ ᠶᠣᠰᠣᠭᠠᠷ ᠪᠠᠢᠭᠤᠯᠤᠭ᠍ᠰᠠᠨ ᠱᠢᠲᠠᠮᠠᠬᠠᠶ ᠬᠡᠢ᠎ᠶ᠋ᠢᠨ ᠠᠭᠤᠷᠬᠠᠶ ᠡᠷᠢᠬᠦ ᠡᠷᠬᠡ᠎ᠶ᠋ᠢ ᠦᠷᠭᠦᠯᠵᠢᠯᠡᠨ ᠬᠠᠢᠨ ᠪᠠᠢᠴᠠᠭᠠᠬᠤ (ᠬᠠᠢᠨ ᠪᠠᠢᠴᠠᠭᠠᠬᠤ ᠣᠷᠣᠨ᠎ᠤ ᠬᠡᠰᠡᠭ᠎ᠤᠨ ᠬᠡᠪᠴᠢᠶ᠎ᠡ᠎ᠶ᠋ᠢ ᠥᠷᠭᠡᠳᠭᠡᠬᠦ᠌ ᠦᠭᠡᠶ)᠂ ᠦᠯᠡᠳᠡᠭᠡᠬᠦ᠂ ᠬᠦᠴᠦᠨ ᠦᠭᠡᠶ ᠪᠣᠯᠭᠠᠬᠤ᠂ ᠲᠣᠰᠣ ᠬᠡᠢ᠎ᠶ᠋ᠢᠨ ᠡᠬᠢ ᠪᠠᠶᠠᠯᠢᠭ᠎ᠢ ᠨᠡᠭᠡᠭᠡᠨ ᠮᠠᠯᠲᠠᠵᠤ ᠪᠣᠯᠬᠤ᠎ᠶ᠋ᠢ ᠣᠯᠵᠤ ᠮᠡᠳᠡᠭ᠌ᠰᠡᠨ ᠪᠥᠭᠡᠳ ᠬᠠᠳᠠᠭᠠᠯᠠᠭ᠍ᠳᠠᠴᠠ᠎ᠶ᠋ᠢ ᠬᠠᠢᠨ ᠱᠢᠨᠵᠢᠬᠦ᠌ ᠦᠶ᠎ᠡ᠎ᠳᠤ᠂ ᠨᠡᠭᠡᠭᠡᠨ ᠮᠠᠯᠲᠠᠬᠤ᠎ᠪᠠᠷ ᠪᠠᠢᠭ᠎ᠠ ᠡᠵᠡᠯᠡᠨ ᠬᠡᠷᠡᠭ᠌ᠯᠡᠬᠦ᠌ ᠭᠠᠵᠠᠷ᠎ᠤᠨ ᠭᠠᠳᠠᠷᠭᠤ᠎ᠶ᠋ᠢᠨ ᠬᠡᠪᠴᠢᠶ᠎ᠡ᠎ᠶ᠋ᠢ ᠤᠯᠤᠰ᠎ᠤᠨ ᠬᠠᠮᠢᠶ᠎ᠠ ᠪᠥᠬᠦᠶ ᠲᠣᠭ᠍ᠲᠠᠭᠠᠯ ᠶᠣᠰᠣᠭᠠᠷ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠠᠴᠠ ᠱᠢᠯᠵᠢᠭᠦᠯᠦᠨ ᠭᠠᠷᠭᠠᠵᠤ ᠪᠣᠯᠤᠨ᠎ᠠ; ᠨᠢᠭᠡᠨᠲᠡ ᠬᠠᠤᠯᠢ ᠶᠣᠰᠣᠭᠠᠷ ᠪᠠᠢᠭᠤᠯᠤᠭ᠍ᠰᠠᠨ ᠦᠷᠡᠨᠦ ᠠᠭᠤᠷᠬᠠᠶ᠎ᠶ᠋ᠢᠨ ᠠᠭᠤᠷᠬᠠᠶ ᠮᠠᠯᠲᠠᠬᠤ ᠡᠷᠬᠡ (ᠭᠠᠵᠠᠷ ᠬᠡᠷᠡᠭ᠌ᠯᠡᠬᠦ᠌ ᠬᠡᠪᠴᠢᠶ᠎ᠡ᠎ᠶ᠋ᠢ ᠥᠷᠭᠡᠳᠭᠡᠬᠦ᠌ ᠦᠭᠡᠶ) ᠶ᠋ᠢ ᠦᠷᠭᠦᠯᠵᠢᠯᠡᠨ ᠨᠡᠭᠡᠭᠡᠨ ᠮᠠᠯᠲᠠᠵᠤ᠂ ᠠᠭᠤᠷᠬᠠᠶ ᠮᠠᠯᠲᠠᠬᠤ ᠡᠷᠬᠡ᠎ᠶ᠋ᠢ ᠦᠷᠭᠦᠯᠵᠢᠯᠡᠭᠦᠯᠬᠦ᠂ ᠬᠤᠪᠢᠷᠠᠭᠤᠯᠬᠤ (ᠠᠭᠤᠷᠬᠠᠶ᠎ᠶ᠋ᠢᠨ ᠣᠷᠣᠨ᠎ᠤ ᠬᠡᠪᠴᠢᠶ᠎ᠡ᠎ᠶ᠋ᠢ ᠥᠷᠭᠡᠳᠭᠡᠬᠦ᠌ ᠦᠭᠡᠶ)᠂ ᠬᠦᠴᠦᠨ ᠦᠭᠡᠶ ᠪᠣᠯᠭᠠᠬᠤ᠎ᠶ᠋ᠢ ᠭᠦᠢᠴᠡᠳᠭᠡᠵᠦ᠍ ᠪᠣᠯᠤᠨ᠎ᠠ᠃ ᠬᠠᠤᠯᠢ ᠶᠣᠰᠣᠭᠠᠷ ᠪᠠᠢᠭᠤᠯᠤᠭ᠍ᠰᠠᠨ ᠷᠠᠱᠢᠶᠠᠨ ᠤᠰᠤ ᠪᠣᠯᠤᠨ ᠭᠠᠵᠠᠷ᠎ᠤᠨ ᠢᠯᠴᠢ᠎ᠶ᠋ᠢᠨ ᠠᠭᠤᠷᠬᠠᠶ ᠮᠠᠯᠲᠠᠬᠤ ᠡᠷᠬᠡ ᠨᠢ ᠨᠢᠭᠡᠨᠲᠡ ᠬᠢᠨᠠᠨ ᠲᠣᠭ᠍ᠲᠠᠭᠠᠭ᠍ᠰᠠᠨ ᠦᠢᠯᠡᠳᠪᠦᠷᠢᠯᠡᠯ᠎ᠦᠨ ᠬᠡᠪᠴᠢᠶ᠎ᠡ᠎ᠡᠴᠡ᠎ᠪᠡᠨ ᠬᠡᠲᠦᠷᠡᠭᠦᠯᠬᠦ᠌ ᠦᠭᠡᠶ᠂ ᠱᠢᠨ᠎ᠡ᠎ᠪᠡᠷ ᠨᠡᠮᠡᠭ᠌ᠳᠡᠭᠦᠯᠬᠦ᠌ ᠦᠢᠯᠡᠳᠪᠦᠷᠢᠯᠡᠯ᠎ᠦᠨ ᠪᠡᠯᠡᠳᠭᠡᠮᠵᠢᠡᠴᠡᠪᠡᠨ ᠬᠡᠲᠦᠷᠡᠭᠦᠯᠬᠦ᠌ ᠦᠭᠡᠶ ᠪᠠᠢᠬᠤ ᠤᠷᠢᠲᠠᠯ ᠳᠣᠤᠷ᠎ᠠ ᠦᠷᠭᠦᠯᠵᠢᠯᠡᠨ ᠮᠠᠯᠲᠠᠬᠤ ᠬᠡᠷᠡᠭ᠌ᠲᠡᠶ᠂ ᠠᠭᠤᠷᠬᠠᠶ ᠮᠠᠯᠲᠠᠬᠤ ᠡᠷᠬᠡ᠎ᠶ᠋ᠢ ᠦᠷᠭᠦᠯᠵᠢᠯᠡᠭᠦᠯᠬᠦ᠂ ᠬᠤᠪᠢᠷᠠᠭᠠᠬᠤ ( ᠠᠭᠤᠷᠬᠠᠶ᠎ᠶ᠋ᠢᠨ ᠣᠷᠣᠨ᠎ᠤ ᠬᠡᠪᠴᠢᠶ᠎ᠡ᠎ᠶ᠋ᠢ ᠥᠷᠭᠡᠳᠭᠡᠬᠦ᠌ ᠦᠭᠡᠶ) ᠬᠦᠴᠦᠨ ᠦᠭᠡᠶ ᠪᠣᠯᠭᠠᠬᠤ ᠬᠡᠷᠡᠭ᠌ᠲᠡᠶ᠂ ᠨᠢᠭᠡᠨᠲᠡ ᠬᠠᠤᠯᠢ ᠶᠣᠰᠣᠭᠠᠷ ᠪᠠᠢᠭᠤᠯᠤᠭ᠍ᠰᠠᠨ ᠱᠢᠨ᠎ᠡ᠎ᠪᠡᠷ ᠪᠠᠢᠭᠤᠯᠬᠤ ᠠᠭᠤᠷᠬᠠᠶ ᠡᠷᠢᠬᠦ ᠡᠷᠬᠡ ᠪᠣᠯᠤᠨ ᠱᠢᠨ᠎ᠡ᠎ᠪᠡᠷ ᠪᠠᠢᠭᠤᠯᠬᠤ ᠾᠷᠣᠮ᠂ ᠵᠡᠰ᠂ ᠯᠢᠲ᠋ᠢ ᠪᠠ ᠺᠣᠪᠢ᠂ ᠼᠢᠷᠺ᠂ ᠺᠠᠯᠢᠲᠤ ᠳᠠᠪᠤᠰᠤ᠂ ( ᠳᠤᠮᠳᠠ ) ᠬᠦᠨᠳᠦ ᠬᠣᠪᠣᠷ ᠱᠢᠷᠣᠶ᠎ᠶ᠋ᠢᠨ ᠠᠭᠤᠷᠬᠠᠶ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠠᠭᠤᠷᠬᠠᠶ ᠡᠷᠢᠬᠦ ᠡᠷᠬᠡ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠠᠭᠤᠷᠬᠠᠶ ᠡᠷᠢᠬᠦ ᠡᠷᠬᠡ᠎ᠶ᠋ᠢ ᠬᠠᠢᠨ ᠪᠠᠢᠴᠠᠭᠠᠬᠤ ᠠᠵᠢᠯᠯᠠᠭ᠎ᠠ ᠥᠷᠨᠢᠭᠦᠯᠵᠦ᠍᠂ ᠠᠭᠤᠷᠬᠠᠶ ᠡᠷᠢᠬᠦ ᠡᠷᠬᠡ᠎ᠶ᠋ᠢᠨ ᠳᠠᠩᠰᠠᠯᠠᠯ᠎ᠢ ᠭᠦᠢᠴᠡᠳᠭᠡᠵᠦ᠍ ᠪᠣᠯᠤᠨ᠎ᠠ᠂ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ᠎ᠡᠴᠡ ᠪᠣᠯᠵᠤ ᠨᠡᠭᠡᠭᠡᠨ ᠮᠠᠯᠲᠠᠬᠤ ᠠᠵᠢᠯᠯᠠᠭ᠎ᠠ ᠥᠷᠨᠢᠭᠦᠯᠪᠡᠯ ᠠᠭᠤᠷᠬᠠᠶ ᠮᠠᠯᠲᠠᠬᠤ ᠡᠷᠬᠡ᠎ᠶ᠋ᠢ ᠳᠠᠩᠰᠠᠯᠠᠭᠤᠯᠬᠤ᠎ᠶ᠋ᠢ ᠭᠦᠢᠴᠡᠳᠭᠡᠵᠦ᠍ ᠪᠣᠯᠤᠨ᠎ᠠ᠃ ᠳᠡᠭᠡᠷ᠎ᠡ ᠳᠤᠷᠠᠳᠤᠭ᠍ᠰᠠᠨ ᠬᠠᠢᠨ ᠪᠠᠢᠴᠠᠭᠠᠵᠤ ᠨᠡᠭᠡᠭᠡᠨ ᠮᠠᠯᠲᠠᠬᠤ ᠠᠵᠢᠯᠯᠠᠭ᠎ᠠ᠎ᠳᠤ ᠠᠮᠢ ᠠᠬᠤᠶ᠎ᠶ᠋ᠢᠨ ᠣᠷᠴᠢᠨ ᠲᠣᠭᠣᠷᠢᠨ᠎ᠳᠤ ᠦᠵᠡᠭᠦᠯᠬᠦ᠌ ᠨᠥᠯᠥᠭᠡ᠎ᠶ᠋ᠢ ᠪᠠᠭᠠᠰᠭᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ᠂ ᠣᠷᠴᠢᠨ ᠲᠣᠭᠣᠷᠢᠨ᠎ᠤ ᠬᠠᠮᠠᠭᠠᠯᠠᠯᠲᠠ᠂ ᠨᠡᠭᠡᠭᠡᠨ ᠮᠠᠯᠲᠠᠬᠤ ᠵᠢᠴᠢ ᠠᠭᠤᠷᠬᠠᠶ᠎ᠶ᠋ᠢᠨ ᠣᠷᠴᠢᠨ ᠲᠣᠭᠣᠷᠢᠨ᠎ᠤ ᠠᠮᠢ ᠠᠬᠤᠶ᠎ᠶ᠋ᠢ ᠰᠡᠷᠭᠦᠭᠡᠬᠦ᠌ ᠬᠠᠮᠢᠶ᠎ᠠ ᠪᠦᠬᠦᠢ ᠱᠠᠭᠠᠷᠳᠠᠯᠭ᠎ᠠ᠎ᠶ᠋ᠢ ᠴᠢᠩᠭ᠎ᠠ ᠬᠡᠷᠡᠭ᠌ᠵᠢᠭᠦᠯᠬᠦ᠌ ᠬᠡᠷᠡᠭ᠌ᠲᠡᠶ ᠃
ᠠᠮᠢ ᠠᠬᠤᠢ᠎ᠶ᠋ᠢᠨ ᠰᠡᠯᠭᠦᠨ ᠰᠡᠷᠭᠦᠬᠦ᠌ ᠢᠨᠵᠧᠨᠧᠷᠢᠩ
ᠱᠢᠶᠠᠨ᠎ᠤ ᠱᠠᠲᠤᠨ᠎ᠠᠴᠠ ᠳᠡᠭᠡᠭ᠌ᠰᠢᠬᠢ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ ᠪᠠ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠲᠤᠰᠭᠠᠶ ᠲᠥᠯᠥᠪᠵᠢᠭᠦᠯᠭᠡ᠎ᠶ᠋ᠢ ᠦᠨᠳᠦᠰᠦᠯᠡᠨ ᠥᠷᠨᠢᠭᠦᠯᠦᠭ᠌ᠰᠡᠨ ᠠᠮᠢ ᠠᠬᠤᠶ᠎ᠶ᠋ᠢ ᠰᠡᠷᠭᠦᠭᠡᠬᠦ᠌ ᠬᠡᠷᠡᠭ᠌ᠲᠡᠶ᠃ ᠡᠭᠦᠨ᠎ᠳᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ ᠪᠠ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠲᠤᠰᠭᠠᠶ ᠲᠥᠯᠥᠪᠵᠢᠭᠦᠯᠭᠡ᠎ᠶ᠋ᠢ ᠦᠨᠳᠦᠰᠦᠯᠡᠨ ᠥᠷᠨᠢᠭᠦᠯᠦᠭ᠌ᠰᠡᠨ ᠠᠭᠤᠷᠬᠠᠶ᠎ᠶ᠋ᠢᠨ ᠠᠮᠢ ᠠᠬᠤᠶ᠎ᠶ᠋ᠢ ᠰᠡᠷᠭᠦᠭᠡᠬᠦ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠭᠤᠷᠪᠠᠨ ᠤᠮᠠᠷᠠᠲᠤ᠎ᠶ᠋ᠢᠨ ᠢᠨᠵᠧᠨᠧᠷᠢᠩ᠂ ᠵᠢᠷᠭᠤᠳᠤᠭᠠᠷ ᠬᠤᠭᠤᠴᠠᠭᠠᠨ᠎ᠤ ᠲᠥᠯᠥᠪᠵᠢᠭᠦᠯᠭᠡ᠎ᠶ᠋ᠢᠨ ᠠᠮᠢ ᠠᠬᠤᠶ᠎ᠶ᠋ᠢ ᠰᠡᠷᠭᠦᠭᠡᠬᠦ᠌ ᠵᠡᠷᠭᠡ ᠪᠠᠭ᠍ᠲᠠᠨ᠎ᠠ᠃
ᠬᠢᠯᠢ᠎ᠶᠢᠨ ᠵᠠᠭᠠᠭ᠎ᠤᠨ ᠶᠠᠪᠤᠳᠠᠯ᠎ᠤᠨ ᠢᠨᠵᠧᠨᠧᠷᠢᠩ
ᠮᠠᠨ᠎ᠤ ᠤᠯᠤᠰ᠎ᠤᠨ ᠬᠠᠮᠢᠶ᠎ᠠ ᠪᠦᠬᠦᠢ ᠬᠠᠤᠯᠢ ᠳᠦᠷᠢᠮ ᠲᠣᠭ᠍ᠲᠠᠭᠠᠯ ᠶᠣᠰᠣᠭᠠᠷ ᠬᠥᠷᠰᠢ ᠤᠯᠤᠰ᠎ᠯᠤᠭ᠎ᠠ ᠲᠣᠭ᠍ᠲᠠᠭ᠍ᠰᠠᠨ ᠤᠯᠤᠰ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠦᠨ ᠬᠡᠯᠡᠯᠴᠡᠭᠡᠷ (ᠭᠡᠷ᠎ᠡ)᠎ᠲᠤ ᠬᠢᠭ᠌ᠰᠡᠨ ᠬᠢᠯᠢ᠎ᠶ᠋ᠢᠨ ᠵᠠᠭᠠᠭ᠎ᠤᠨ ᠬᠠᠷᠠᠭᠠᠨ᠎ᠤ ᠲᠣᠳᠣᠷᠬᠠᠢ ᠣᠨᠣᠯ ᠵᠢᠴᠢ ᠬᠢᠯᠢ᠎ᠶ᠋ᠢᠨ ᠶᠠᠪᠤᠳᠠᠯ᠎ᠤᠨ ᠢᠨᠵᠧᠨᠧᠷᠢᠩ ᠪᠠᠢᠭᠤᠯᠬᠤ᠂ ᠬᠠᠮᠠᠭᠠᠯᠠᠬᠤ ᠪᠠ ᠨᠤᠷᠠᠭᠠᠬᠤ ᠠᠵᠢᠯ᠎ᠢ ᠦᠨᠳᠦᠰᠦᠯᠡᠨ᠎ᠡ᠃
ᠪᠤᠰᠤᠳ ᠬᠦᠮᠦᠨ᠎ᠤ ᠠᠵᠢᠯᠯᠠᠭ᠎ᠠ
ᠬᠠᠤᠯᠢ ᠴᠠᠭᠠᠵᠠ ᠬᠠᠤᠯᠢ ᠲᠣᠭ᠍ᠲᠠᠭᠠᠯ᠎ᠳ᠋ᠤ ᠵᠦᠪᠰᠢᠶᠡᠷᠡᠭᠰᠡᠨ ᠪᠤᠰᠤᠳ ᠬᠥᠮᠦᠨ᠎ᠦ᠌ ᠠᠵᠢᠯᠯᠠᠭ᠎ᠠ ᠃
(ᠭᠤᠷᠪᠠ) ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠤᠯᠤᠰ᠎ᠤᠨ ᠴᠢᠬᠤᠯᠠ ᠶᠡᠭᠡ ᠲᠦᠷᠦᠯ ᠵᠦᠢᠯ᠎ᠤᠨ ᠬᠦᠷᠢᠶ᠎ᠡ ᠬᠡᠪᠴᠢᠶ᠎ᠡ᠎ᠶ᠋ᠢ ᠦᠨᠡᠨᠬᠦ᠌ ᠡᠵᠡᠯᠡᠨ ᠬᠡᠷᠡᠭ᠌ᠯᠡᠬᠦ᠌ ᠴᠢᠬᠤᠯᠠᠲᠠᠢ
1. ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠨᠡᠢᠲᠡᠯᠡᠭᠰᠡᠨ ᠪᠢᠴᠢᠭ ᠮᠠᠲᠧᠷᠢᠶᠠᠯ ᠪᠤᠶᠤ ᠵᠥᠪᠰᠢᠶᠡᠷᠡᠭᠰᠡᠨ ᠲᠥᠯᠦᠪᠵᠢᠭᠦᠯᠭᠡ᠎ᠳᠦ ᠪᠣᠳᠠᠲᠠᠢ ᠨᠡᠷᠡᠢᠳᠦᠯ᠎ᠢ ᠲᠣᠳᠣᠷᠬᠠᠢᠯᠠᠭᠰᠠᠨ ᠲᠥᠷᠥᠯ ᠵᠦᠢᠯ ᠪᠠ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠵᠥᠪᠰᠢᠶᠡᠷᠡᠭᠰᠡᠨ ᠲᠥᠷᠥᠯ ᠵᠦᠢᠯ ;
2. ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠬᠢᠭᠡᠳ ᠲᠡᠭᠦᠨ᠎ᠦ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠵᠥᠪᠱᠢᠶᠡᠷᠡᠭ᠌ᠰᠡᠨ ᠴᠡᠷᠢᠭ᠎ᠦᠨ ᠶᠠᠪᠤᠳᠠᠯ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠥᠷᠥᠯ ᠵᠦᠢᠯ ;
3. ᠤᠯᠤᠰ᠎ᠤᠨ ᠳᠡᠰ᠎ᠤᠨ ᠲᠥᠯᠥᠪᠵᠢᠭᠦᠯᠭᠡ ( ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠴᠢ ᠲᠡᠭᠦᠨ᠎ᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠠᠴᠠ ᠵᠢᠩᠬᠢᠨᠢ᠎ᠪᠠᠷ ᠨᠡᠢᠲᠡᠯᠡᠭ᠌ᠰᠡᠨ ) ᠳᠤ ᠲᠣᠳᠣᠷᠬᠠᠢᠯᠠᠭ᠍ᠰᠠᠨ ᠵᠠᠮ ᠬᠠᠷᠢᠯᠴᠠᠭ᠎ᠠ᠂ ᠤᠰᠤᠨ ᠠᠱᠢᠭ᠍ᠯᠠᠯᠲᠠ᠎ᠶ᠋ᠢᠨ ᠲᠥᠷᠥᠯ ᠵᠦᠢᠯ ;
4. ᠤᠯᠤᠰ᠎ᠤᠨ ᠳᠡᠰ᠎ᠤᠨ ᠲᠥᠯᠥᠪᠵᠢᠭᠦᠯᠭᠡ᠎ᠳᠤ ᠲᠣᠳᠣᠷᠬᠠᠢᠯᠠᠭ᠍ᠰᠠᠨ ᠴᠠᠬᠢᠯᠭᠠᠨ ᠲᠣᠣᠷ᠎ᠤᠨ ᠲᠦᠷᠦᠯ ᠵᠦᠢᠯ᠂ ᠤᠯᠤᠰ᠎ᠤᠨ ᠳᠡᠰ᠎ᠤᠨ ᠲᠥᠯᠥᠪᠵᠢᠭᠦᠯᠭᠡ᠎ᠳᠤ ᠲᠣᠳᠣᠷᠬᠠᠢ ᠲᠣᠭ᠍ᠲᠠᠭᠠᠭ᠍ᠰᠠᠨ ᠪᠥᠭᠡᠳ ᠤᠯᠤᠰ᠎ᠤᠨ ᠠᠵᠤ ᠦᠢᠯᠡᠰ᠎ᠤᠨ ᠲᠦᠷᠦ᠍᠎ᠶ᠋ᠢᠨ ᠪᠤᠳᠤᠯᠭ᠎ᠠ᠎ᠳᠤ ᠨᠡᠢᠴᠡᠭ᠌ᠰᠡᠨ ᠡᠨᠧᠷᠭᠢ ᠠᠭᠤᠷᠬᠠᠢ᠎ᠶ᠋ᠢᠨ ᠭᠠᠷᠤᠯᠲᠠ᠎ᠶ᠋ᠢ ᠬᠠᠢᠨ ᠪᠠᠢᠴᠠᠭᠠᠵᠤ ᠨᠡᠭᠡᠭᠡᠨ ᠮᠠᠯᠲᠠᠬᠤ᠂ ᠲᠣᠰᠣ ᠬᠡᠢ᠎ᠶ᠋ᠢᠨ ᠬᠤᠭᠤᠯᠠᠢ ᠤᠲᠠᠰᠤ᠂ ᠤᠰᠤᠨ ᠴᠠᠬᠢᠯᠭᠠᠨ᠂ ᠴᠥᠮ᠎ᠡ᠎ᠶ᠋ᠢᠨ ᠴᠠᠬᠢᠯᠭᠠᠨ᠎ᠤ ᠲᠦᠷᠦᠯ ᠵᠦᠢᠯ;
5. ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠤᠰᠠᠳᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠪᠡᠯᠡ ᠣᠷᠣᠭᠤᠯᠤᠯᠲᠠ᠎ᠶ᠋ᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠪᠡᠯᠡ ᠣᠷᠣᠭᠤᠯᠤᠯᠲᠠ᠎ᠶ᠋ᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠨᠤᠲᠠᠯᠠᠭ᠍ᠰᠠᠨ ᠵᠠᠮ ᠬᠠᠷᠢᠯᠴᠠᠭ᠎ᠠ᠂ ᠡᠨᠧᠷᠭᠢ᠂ ᠤᠰᠤᠨ ᠠᠱᠢᠭ᠍ᠯᠠᠯᠲᠠ ᠵᠡᠷᠭᠡ ᠰᠠᠭᠤᠷᠢ ᠪᠡᠯᠡᠳᠭᠡᠮᠵᠢ᠎ᠶ᠋ᠢᠨ ᠲᠥᠷᠥᠯ ᠵᠦᠢᠯ ;
6. ᠤᠯᠤᠰ᠎ᠤᠨ ᠴᠢᠬᠤᠯᠠ ᠶᠡᠬᠡ ᠲᠥᠷᠥᠯ ᠵᠦᠢᠯ᠎ᠳᠦ ᠬᠡᠷᠡᠭ᠌ᠯᠡᠬᠦ᠌ ᠭᠠᠵᠠᠷ᠎ᠢ ᠪᠠᠲᠤᠯᠠᠬᠤ ᠠᠵᠢᠯ᠎ᠤᠨ ᠲᠣᠭ᠍ᠲᠠᠴᠠ᠎ᠶ᠋ᠢᠨ ᠱᠠᠭᠠᠷᠳᠠᠯᠭ᠎ᠠ ᠶᠣᠰᠣᠭᠠᠷ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠨᠤᠲᠠᠯᠠᠭ᠍ᠰᠠᠨ ᠲᠥᠪ᠎ᠦᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠪᠠᠲᠤᠯᠠᠬᠤ ᠡᠷᠴᠢᠮ᠎ᠢᠶᠡᠨ ᠨᠡᠮᠡᠭ᠌ᠳᠡᠭᠦᠯᠵᠦ᠍᠂ ᠤᠯᠤᠰ᠎ᠤᠨ ᠴᠢᠬᠤᠯᠠ ᠶᠡᠬᠡ ᠲᠥᠷᠥᠯ ᠵᠦᠢᠯ᠎ᠡᠴᠡ ᠦᠨᠡᠨ ᠬᠦ᠌ ᠵᠠᠢᠯᠠᠭᠤᠯᠵᠤ ᠪᠣᠯᠤᠰᠢ ᠦᠭᠡᠶ ᠶᠤᠮ᠃
ᠬᠤᠶᠠᠷ᠂ ᠭᠦᠢᠴᠡᠳᠭᠡᠬᠦ᠌ ᠴᠤᠪᠤᠷᠠᠯ
(ᠨᠢᠭᠡ) ᠬᠢᠵᠠᠭ᠋ᠠᠷ ᠲᠠᠢ ᠬᠦᠮᠦᠨ᠎ᠦ ᠠᠵᠢᠯᠯᠠᠭ᠎ᠠ᠎ᠶ᠋ᠢ ᠮᠠᠭᠠᠳᠯᠠᠨ ᠲᠤᠭ᠍ᠳᠠᠭᠠᠬᠤ ᠴᠤᠪᠤᠷᠠᠯ
1. ᠰᠢᠨ᠎ᠡ᠎ᠪᠡᠷ ᠨᠡᠮᠡᠭᠳᠡᠭᠰᠡᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠲᠤ ᠬᠣᠯᠪᠣᠭᠳᠠᠨ᠎ᠠ
① ᠠᠢᠮᠠᠭ᠎ᠤᠨ ᠵᠠᠬᠢᠷᠭ᠎ᠠ᠂ ᠬᠤᠳᠠ᠎ᠶ᠋ᠢᠨ ᠠᠷᠠᠳ᠎ᠤᠨ ᠵᠠᠰᠠᠭ᠎ᠤᠨ ᠤᠷᠳᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠠᠮᠢ ᠠᠬᠤᠢ᠎ᠶ᠋ᠢᠨ ᠬᠠᠮᠠᠭᠠᠯᠠᠯᠳᠠ᠎ᠶ᠋ᠢᠨ ᠤᠯᠠᠭᠠᠨ ᠱᠤᠭᠤᠮ᠎ᠤᠨ ᠲᠤᠳᠤᠷ᠎ᠠ ᠬᠢᠵᠠᠭᠠᠷ᠎ᠲᠠᠢ ᠬᠦᠮᠦᠨ᠎ᠢᠶᠠᠷ ᠠᠵᠢᠯᠯᠠᠭᠤᠯᠬᠤ᠎ᠶ᠋ᠢ ᠵᠦᠪᠱᠢᠶᠡᠷᠡᠬᠦ᠌ ᠰᠠᠨᠠᠯ (ᠵᠢᠭᠠᠪᠤᠷᠢ ᠠᠪᠬᠤ ᠪᠢᠴᠢᠭ ᠮᠠᠲ᠋ᠧᠷᠢᠶᠠᠯ᠎ᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠬᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠳᠢᠩᠬᠢᠮ᠂ ᠪᠠᠢᠭᠠᠯᠢ᠎ᠶ᠋ᠢᠨ ᠡᠬᠢ ᠪᠠᠶᠠᠯᠢᠭ᠎ᠤᠨ ᠳᠢᠩᠬᠢᠮ᠎ᠨᠢ ᠱᠢᠯᠵᠢᠬᠦᠯᠵᠦ᠍ ᠦᠭ᠌ᠬᠦᠭ᠌ᠰᠡᠨ᠎ᠢᠶᠠᠷ ᠦᠵᠡᠬᠦ᠌)᠂ ᠠᠮᠢ ᠠᠬᠤᠢ᠎ᠶ᠋ᠢᠨ ᠬᠠᠮᠠᠭᠠᠯᠠᠯᠳᠠ᠎ᠶ᠋ᠢᠨ ᠤᠯᠠᠭᠠᠨ ᠱᠤᠭᠤᠮ᠎ᠤᠨ ᠨᠤᠳᠠᠯᠠᠯᠳᠠ᠎ᠶ᠋ᠢ ᠱᠢᠯᠵᠢᠬᠦᠯᠵᠦ᠍ ᠪᠤᠯᠬᠤ ᠦᠬᠡᠢ ᠪᠤᠶᠤ ᠠᠮᠢ ᠠᠬᠤᠢ᠎ᠶ᠋ᠢᠨ ᠬᠠᠮᠠᠭᠠᠯᠠᠯᠳᠠ᠎ᠶ᠋ᠢᠨ ᠤᠯᠠᠭᠠᠨ ᠱᠤᠭᠤᠮ᠎ᠤᠨ ᠨᠤᠳᠠᠯᠠᠯᠳᠠ᠎ᠶ᠋ᠢ ᠱᠢᠯᠵᠢᠬᠦᠯᠵᠦ᠍ ᠪᠤᠯᠬᠤ ᠦᠬᠡᠢ ᠭᠠᠵᠠᠷ᠎ᠢ ᠠᠷᠪᠢᠳᠠᠢ ᠡᠷᠴᠢᠮᠵᠢᠬᠦᠯᠦᠭ᠌ᠰᠡᠨ ᠮᠡᠳᠡᠬᠦᠯᠦᠯᠳᠡ᠂ ᠳᠤᠰᠭᠠᠢ ᠮᠡᠷᠬᠡᠵᠢᠯᠳᠡᠨ᠎ᠤ ᠨᠤᠳᠠᠯᠠᠯᠳᠠ᠎ᠶ᠋ᠢᠨ ᠰᠠᠨᠠᠯ ᠵᠡᠷᠬᠡ ᠬᠡᠷᠡᠴᠢᠯᠡᠬᠦ᠌ ᠮᠠᠲ᠋ᠧᠷᠢᠶᠠᠯ᠎ᠢ ᠳᠠᠭᠠᠯᠳᠤᠭᠤᠯᠵᠦ᠍ ᠪᠤᠯᠬᠤ ᠦᠬᠡᠢ᠃ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠬᠤᠯᠪᠣᠭ᠍ᠳᠠᠪᠠᠯ᠂ ᠣᠶ ᠱᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠬᠠᠮᠢᠶᠠᠷᠤᠯᠲᠠ᠎ᠶ᠋ᠢᠨ ᠪᠠᠢᠭᠤᠯᠤᠮᠵᠢ᠎ᠳᠤ ᠬᠠᠩᠭᠠᠬᠤ ᠰᠠᠨᠠᠯ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠪᠥᠲᠥᠭᠡᠨ ᠪᠠᠢᠭᠤᠯᠵᠤ ᠪᠣᠯᠬᠤ ᠡᠰᠡᠬᠦ᠌᠎ᠶ᠋ᠢ ᠲᠣᠳᠣᠷᠬᠠᠢᠯᠠᠨ᠎ᠠ᠃
② ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠬᠢᠨᠠᠨ ᠬᠠᠷᠭᠤᠭᠤᠯᠵᠤ᠂ ᠴᠢᠬᠤᠯᠠᠲᠠᠶ ᠦᠶ᠎ᠡ᠎ᠳᠤ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠪᠤᠶᠤ ᠬᠠᠢᠨ ᠱᠢᠨᠵᠢᠯᠡᠬᠦ᠌᠎ᠶ᠋ᠢ ᠵᠣᠬᠢᠶᠠᠨ ᠪᠠᠢᠭᠤᠯᠤᠨ᠎ᠠ᠃ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠳᠣᠲᠣᠷ᠎ᠠ ᠬᠢᠵᠠᠭᠠᠷ᠎ᠲᠠᠢ ᠵᠣᠷᠢᠭᠤᠳᠠ ᠠᠵᠢᠯᠯᠠᠭ᠎ᠠ ᠬᠢᠬᠦ᠌᠎ᠶ᠋ᠢ ᠵᠥᠪᠱᠢᠶᠡᠷᠡᠪᠡᠯ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠱᠢᠭᠦᠯᠵᠦ᠍ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠳᠣᠲᠣᠷ᠎ᠠ ᠬᠢᠵᠠᠭᠠᠷ᠎ᠲᠠᠢ ᠵᠣᠷᠢᠭᠤᠳᠠ ᠠᠵᠢᠯᠯᠠᠭ᠎ᠠ ᠬᠢᠬᠦ᠌᠎ᠶ᠋ᠢ ᠵᠥᠪᠱᠢᠶᠡᠷᠡᠬᠦ᠌ ᠮᠠᠭᠠᠳᠯᠠᠨ ᠲᠣᠭ᠍ᠲᠠᠭᠠᠬᠤ ᠰᠠᠨᠠᠯ᠎ᠢ ᠬᠢᠯᠭᠡᠵᠦ᠍᠂ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠤ ᠬᠡᠷᠡᠭ᠌ᠯᠡᠬᠦ᠌ ᠭᠠᠵᠠᠷ᠎ᠢ ᠡᠪᠬᠡᠮᠡᠯ ᠪᠠᠢᠭᠤᠯᠤᠨ ᠮᠡᠳᠡᠭᠦᠯᠦᠨ ᠵᠥᠪᠱᠢᠶᠡᠷᠡᠭᠦᠯᠬᠦ᠌᠎ᠳᠤ ᠵᠠᠪᠠᠯ ᠱᠠᠭᠠᠷᠳᠠᠭ᠍ᠳᠠᠬᠤ ᠮᠠᠲ᠋ᠧᠷᠢᠶᠠᠯ ᠪᠣᠯᠭᠠᠨ᠎ᠠ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠳᠣᠲᠣᠷ᠎ᠠ ᠪᠠᠭ᠍ᠲᠠᠬᠤ ᠦᠭᠡᠢ ᠬᠢᠵᠠᠭᠠᠷ᠎ᠲᠠᠢ ᠬᠥᠮᠥᠨ᠎ᠢᠶᠠᠷ ᠠᠵᠢᠯᠯᠠᠭ᠎ᠠ ᠬᠢᠬᠦ᠌᠎ᠶ᠋ᠢ ᠵᠥᠪᠱᠢᠶᠡᠷᠡᠭ᠌ᠰᠡᠨ ᠪᠠᠢᠪᠠᠯ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠠᠴᠠ ᠠᠢᠮᠠᠭ᠎ᠤᠨ ᠵᠠᠬᠢᠷᠭ᠎ᠠ᠂ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠭᠤ ᠲᠤᠰᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠬᠠᠭᠤᠯᠤᠨ ᠢᠯᠡᠭᠡᠬᠦ᠌ ᠬᠡᠷᠡᠭ᠌ᠲᠡᠢ᠃
2. ᠰᠢᠨ᠎ᠡ᠎ᠪᠡᠷ ᠨᠡᠮᠡᠭᠳᠡᠭᠰᠡᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠢᠵᠠᠭ᠋ᠠᠷ ᠲᠠᠢ ᠬᠦᠮᠦᠨ᠎ᠦ ᠠᠵᠢᠯᠯᠠᠭ᠎ᠠ᠎ᠳᠤ ᠬᠣᠯᠪᠣᠭᠳᠠᠬᠤ ᠦᠭᠡᠢ
① ᠪᠤᠳᠠᠲᠠᠢ ᠪᠦᠲᠦᠭᠡᠨ ᠪᠠᠢᠭᠤᠯᠬᠤ ᠠᠵᠢᠯᠯᠠᠭ᠎ᠠ᠎ᠲᠠᠢ ᠪᠠᠢᠪᠠᠯ᠂ ᠪᠦᠲᠦᠭᠡᠨ ᠪᠠᠢᠭᠤᠯᠬᠤ ᠠᠵᠢᠯᠯᠠᠭ᠎ᠠ᠎ᠶ᠋ᠢᠨ ᠪᠠᠢᠭ᠎ᠠ ᠭᠠᠵᠠᠷ᠎ᠤᠨ ᠬᠤᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠳᠣᠲᠣᠷ᠎ᠠ ᠬᠢᠵᠠᠭ᠋ᠠᠷ ᠲᠠᠢ ᠬᠦᠮᠦᠨ᠎ᠦ ᠠᠵᠢᠯᠯᠠᠭ᠎ᠠ᠎ᠶ᠋ᠢ ᠮᠠᠭᠠᠳᠯᠠᠨ ᠲᠣᠭ᠍ᠲᠠᠭᠠᠬᠤ ᠰᠠᠨᠠᠯ ᠭᠠᠷᠭᠠᠵᠤ᠂ ᠪᠦᠲᠦᠭᠡᠨ ᠪᠠᠢᠭᠤᠯᠬᠤ ᠠᠵᠢᠯᠯᠠᠭ᠎ᠠ ᠦᠷᠨᠢᠭᠦᠯᠬᠦ᠌᠎ᠳᠤ ᠬᠠᠮᠢᠶ᠎ᠠ ᠪᠦᠬᠦᠢ ᠭᠠᠷᠳᠠᠮ᠎ᠢ ᠭᠦᠢᠴᠡᠳᠭᠡᠬᠦ᠌᠎ᠶ᠋ᠢᠨ ᠦᠨᠳᠦᠰᠦᠯᠡᠯ ᠪᠣᠯᠭᠠᠨ᠎ᠠ᠃ ᠤᠤᠯ᠎ᠤᠨ ᠰᠠᠭᠤᠭᠠᠯᠢ ᠠᠷᠠᠳ ᠪᠠ ᠪᠤᠰᠤᠳ ᠬᠠᠤᠯᠢ ᠶᠣᠰᠣᠨ᠎ᠤ ᠡᠷᠬᠡ ᠠᠱᠢᠭ᠎ᠤᠨ ᠭᠤᠣᠯ ᠴᠣᠭ᠍ᠴᠠ᠎ᠳᠤ ᠬᠠᠷᠢᠶᠠᠯᠠᠭ᠍ᠳᠠᠬᠤ ᠣᠳᠣ᠎ᠶ᠋ᠢᠨ ᠪᠠᠢᠭ᠎ᠠ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠥᠷᠭᠡᠳᠭᠡᠬᠦ᠌ ᠦᠭᠡᠢ ᠤᠷᠢᠲᠠᠯ ᠳᠣᠣᠷ᠎ᠠ ᠠᠮᠢᠳᠤᠷᠠᠯ᠎ᠤᠨ ᠪᠡᠯᠡᠳᠭᠡᠮᠵᠢ ᠪᠠᠢᠭᠤᠯᠤᠭ᠍ᠰᠠᠨ ᠪᠣᠯ᠂ ᠮᠠᠭᠠᠳᠯᠠᠨ ᠲᠣᠭ᠍ᠲᠠᠭᠠᠬᠤ ᠰᠠᠨᠠᠯ ᠭᠠᠷᠭᠠᠬᠤ᠎ᠠᠴᠠ ᠬᠡᠯᠲᠦᠷᠢᠭᠦᠯᠵᠦ᠍ ᠪᠣᠯᠣᠨ᠎ᠠ᠃
② ᠪᠣᠳᠠᠲᠠᠶ ᠪᠦᠲᠦᠭᠡᠨ ᠪᠠᠢᠭᠤᠯᠤᠯᠲᠠ᠎ᠶ᠋ᠢᠨ ᠠᠵᠢᠯᠯᠠᠭ᠎ᠠ ᠦᠭᠡᠢ ᠪᠣᠯ ᠬᠤᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠢᠨᠠᠯᠲᠠ ᠬᠠᠮᠢᠶᠠᠷᠤᠯᠲᠠ᠎ᠶ᠋ᠢ ᠰᠠᠢᠲᠤᠷ ᠬᠢᠨ᠎ᠡ᠃
ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠤ᠋ᠨ ᠳᠣᠲᠣᠷᠠᠬᠢ ᠬᠢᠵᠠᠭ᠋ᠠᠷ ᠲᠠᠢ ᠬᠦᠮᠦᠨ᠎ᠦ ᠠᠵᠢᠯᠯᠠᠭ᠎ᠠ᠎ᠶᠢ ᠮᠠᠭᠠᠳᠯᠠᠨ ᠲᠣᠭ᠍ᠲᠠᠭᠠᠬᠤ ᠴᠤᠪᠤᠷᠠᠯ
ᠱᠢᠨ᠎ᠡ᠎ᠪᠠᠷ ᠨᠡᠮᠡᠭ᠌ᠳᠡᠭ᠌ᠰᠡᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠲᠤ ᠬᠤᠯᠪᠣᠭ᠍ᠳᠠᠬᠤ
ᠠᠢᠮᠠᠭ᠎ᠤᠨ ᠵᠠᠬᠢᠷᠭ᠎ᠠ᠂ ᠬᠤᠳᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠳᠣᠲᠣᠷ᠎ᠠ ᠬᠢᠵᠠᠭᠠᠷ᠎ᠲᠠᠢ ᠠᠵᠢᠯᠯᠠᠭ᠎ᠠ᠎ᠶ᠋ᠢ ᠮᠠᠭᠠᠳᠯᠠᠨ ᠲᠣᠭ᠍ᠲᠠᠭᠠᠬᠤ᠎ᠶ᠋ᠢ ᠵᠥᠪᠱᠢᠶᠡᠷᠡᠬᠦ᠌ ᠵᠢᠭᠠᠪᠤᠷᠢ ᠠᠪᠬᠤ ᠬᠡᠷᠡᠭ᠌ᠲᠡᠢ ᠭᠡᠵᠦ᠍ ᠳᠤᠷᠠᠳᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠭᠠᠪᠤᠷᠢ ᠠᠪᠤᠭ᠍ᠰᠠᠨ᠎ᠤ ᠳᠠᠷᠠᠭ᠎ᠠ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠳᠤ ᠬᠠᠭᠤᠯᠤᠨ ᠬᠦᠷᠭᠡᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠨᠢ ᠱᠢᠯᠵᠢᠭᠦᠯᠦᠨ ᠱᠢᠢᠳᠪᠦᠷᠢᠯᠡᠭ᠌ᠰᠡᠨ᠎ᠢᠶᠠᠷ ᠦᠵᠡᠨ᠎ᠡ᠃
ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠨᠤᠲᠠᠯᠠᠯᠲᠠ᠎ᠶ᠋ᠢᠨ ᠮᠡᠳᠡᠭᠦᠯᠦᠯᠲᠡ ᠪᠤᠶᠤ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠨᠤᠲᠠᠯᠠᠯᠲᠠ᠎ᠶ᠋ᠢᠨ ᠭᠠᠵᠠᠷ ᠱᠢᠷᠣᠶ᠎ᠶ᠋ᠢ ᠠᠷᠪᠢᠲᠠᠶ ᠡᠷᠴᠢᠮᠯᠢᠭ ᠬᠡᠷᠡᠭ᠌ᠯᠡᠬᠦ᠌ ᠲᠤᠰᠭᠠᠶ ᠪᠦᠯᠦᠭ᠎ᠢ ᠪᠠᠭ᠍ᠲᠠᠭᠠᠭ᠍ᠰᠠᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠨᠤᠲᠠᠯᠠᠯᠲᠠ᠎ᠶ᠋ᠢᠨ ᠰᠠᠨᠠᠯ ᠵᠡᠷᠭᠡ ᠭᠡᠷᠡᠴᠢᠯᠡᠬᠦ᠌ ᠮᠠᠲ᠋ᠧᠷᠢᠶᠠᠯ᠎ᠢ ᠠᠪᠴᠤ᠌᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠬᠤᠯᠪᠣᠭ᠍ᠳᠠᠪᠠᠯ᠂ ᠣᠶ ᠱᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠬᠠᠮᠢᠶᠠᠷᠤᠯᠲᠠ᠎ᠶ᠋ᠢᠨ ᠪᠠᠢᠭᠤᠯᠤᠮᠵᠢ᠎ᠳᠤ ᠰᠠᠨᠠᠯ᠎ᠢᠶᠠᠨ ᠬᠠᠩᠭᠠᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠪᠥᠲᠥᠭᠡᠨ ᠪᠠᠢᠭᠤᠯᠵᠤ ᠪᠣᠯᠬᠤ ᠡᠰᠡᠬᠦ᠌᠎ᠶ᠋ᠢ ᠲᠣᠳᠣᠷᠬᠠᠢᠯᠠᠨ᠎ᠠ᠃
ᠴᠢᠬᠤᠯᠠᠲᠠᠶ ᠦᠢ᠎ᠡ᠎ᠳᠦ ᠬᠠᠮᠢᠶ᠎ᠠ ᠪᠦᠬᠦᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠰᠠᠨᠠᠯ ᠢ ᠬᠤᠷᠢᠶᠠᠬᠤ ᠪᠤᠶᠤ ᠬᠠᠢᠨ ᠱᠢᠨᠵᠢᠬᠦ᠌᠎ᠶ᠋ᠢ ᠵᠣᠬᠢᠶᠠᠨ ᠪᠠᠢᠭᠤᠯᠤᠨ᠎ᠠ ᠃
ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠬᠢᠨᠠᠨ ᠬᠠᠷᠭᠤᠭᠤᠯᠤᠨ᠎ᠠ
ᠨᠡᠢ᠌ᠴᠡᠬᠦ
ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠲᠥᠷᠥᠯ ᠵᠦᠢᠯ ᠭᠠᠷᠭᠠᠵᠤ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠳᠣᠲᠣᠷ᠎ᠠ ᠬᠢᠵᠠᠭᠠᠷ᠎ᠲᠠᠢ ᠵᠣᠷᠢᠭᠤᠳᠠ ᠠᠵᠢᠯᠯᠠᠭ᠎ᠠ ᠬᠢᠬᠦ᠌᠎ᠶ᠋ᠢ ᠵᠥᠪᠱᠢᠶᠡᠷᠡᠬᠦ᠌ ᠰᠠᠨᠠᠯ ᠭᠠᠷᠭᠠᠪᠠ᠃
ᠨᠡᠢᠴᠡᠬᠦ᠌ ᠦᠭᠡᠶ
ᠪᠤᠴᠠᠭᠠᠬᠤ ᠵᠦᠢᠯ᠎ᠢ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠠᠴᠠ ᠠᠢᠮᠠᠭ᠎ᠤᠨ ᠵᠠᠬᠢᠷᠭ᠎ᠠ᠂ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠭᠤ ᠲᠤᠰᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠬᠠᠭᠤᠯᠤᠨ ᠢᠯᠡᠭᠡᠬᠦ᠌ ᠬᠡᠷᠡᠭ᠌ᠲᠡᠶ᠃
ᠱᠢᠨ᠎ᠡ᠎ᠪᠠᠷ ᠨᠡᠮᠡᠭ᠌ᠳᠡᠭ᠌ᠰᠡᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠲᠤ ᠬᠤᠯᠪᠣᠭ᠍ᠳᠠᠬᠤ ᠦᠭᠡᠢ
ᠪᠤᠳᠠᠳᠠᠢ ᠪᠦᠳᠦᠬᠡᠨ ᠪᠠᠢᠭᠤᠯᠤᠯᠳᠠ᠎ᠶ᠋ᠢᠨ ᠠᠵᠢᠯᠯᠠᠭ᠎ᠠ ᠲᠠᠢ
ᠪᠦᠲᠦᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢᠨ ᠪᠠᠢᠭ᠎ᠠ ᠭᠠᠵᠠᠷ᠎ᠤᠨ ᠬᠣᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠳᠣᠲᠣᠷ᠎ᠠ ᠬᠢᠵᠠᠭᠠᠷ᠎ᠲᠠᠶ ᠵᠣᠷᠢᠭᠤᠳᠠ ᠠᠵᠢᠯᠯᠠᠭ᠎ᠠ ᠬᠢᠬᠦ᠌᠎ᠶ᠋ᠢ ᠵᠥᠪᠱᠢᠶᠡᠷᠡᠬᠦ᠌ ᠰᠠᠨᠠᠯ ᠭᠠᠷᠭᠠᠵᠤ ᠂ ᠪᠦᠲᠦᠭᠡᠨ ᠪᠠᠢᠭᠤᠯᠤᠯᠲᠠ᠎ᠶ᠋ᠢᠨ ᠠᠵᠢᠯᠯᠠᠭ᠎ᠠ ᠥᠷᠨᠢᠭᠦᠯᠬᠦ᠌ ᠵᠢᠴᠢ ᠬᠠᠮᠢᠶ᠎ᠠ ᠪᠦᠬᠦᠢ ᠭᠠᠷᠳᠠᠮ ᠭᠦᠢᠴᠡᠳᠭᠡᠬᠦ᠌᠎ᠶ᠋ᠢᠨ ᠦᠨᠳᠦᠰᠦᠯᠡᠯ ᠪᠣᠯᠭᠠᠬᠤ ᠬᠡᠷᠡᠭ᠌ᠲᠡᠶ᠃ ᠣᠣᠯ᠎ᠤᠨ ᠰᠠᠭᠤᠭ᠎ᠠ ᠰᠠᠭᠤᠭᠠᠯᠢ ᠠᠷᠠᠳ ᠪᠣᠯᠤᠨ ᠪᠤᠰᠤᠳ ᠬᠠᠤᠯᠢ ᠶᠣᠰᠣᠨ᠎ᠤ ᠡᠷᠬᠡ ᠠᠱᠢᠭ᠎ᠤᠨ ᠭᠣᠤᠯ ᠴᠣᠭ᠍ᠴᠠ᠎ᠳᠤ ᠬᠠᠷᠢᠶᠠᠯᠠᠭ᠍ᠳᠠᠬᠤ ᠣᠳᠣ᠎ᠶ᠋ᠢᠨ ᠪᠠᠢᠭ᠎ᠠ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠢ ᠥᠷᠭᠡᠳᠭᠡᠬᠦ᠌ ᠦᠭᠡᠶ ᠤᠷᠢᠲᠠᠯ ᠳᠣᠤᠷ᠎ᠠ ᠠᠮᠢᠳᠤᠷᠠᠯ᠎ᠤᠨ ᠪᠡᠯᠡᠳᠭᠡᠮᠵᠢ᠎ᠶ᠋ᠢ ᠰᠡᠯᠪᠢᠨ ᠵᠠᠰᠠᠪᠠᠯ ᠂ ᠮᠠᠭᠠᠳᠯᠠᠨ ᠲᠣᠭ᠍ᠲᠠᠭᠠᠬᠤ ᠰᠠᠨᠠᠯ ᠭᠠᠷᠭᠠᠬᠤ᠎ᠠᠴᠠ ᠬᠡᠯᠲᠦᠷᠢᠭᠦᠯᠵᠦ᠍ ᠪᠣᠯᠤᠨ᠎ᠠ ᠃
ᠪᠣᠳᠠᠲᠠᠢ ᠪᠦᠲᠦᠭᠡᠨ ᠪᠠᠢᠭᠤᠯᠬᠤ ᠠᠵᠢᠯᠯᠠᠭ᠎ᠠ ᠦᠭᠡᠢ
ᠬᠣᠱᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠢᠨᠠᠯᠲᠠ ᠬᠠᠮᠢᠶᠠᠷᠤᠯᠲᠠ᠎ᠶ᠋ᠢ ᠰᠠᠢᠲᠤᠷ ᠬᠢᠨ᠎ᠡ᠃
(ᠬᠤᠶᠠᠷ) ᠴᠢᠬᠤᠯᠠ ᠶᠡᠭᠡ ᠲᠦᠷᠦᠯ ᠵᠦᠢᠯ᠎ᠤᠨ ᠡᠵᠡᠯᠡᠨ ᠬᠡᠷᠡᠭ᠌ᠯᠡᠬᠦ᠌ ᠭᠠᠷᠳᠠᠮ᠎ᠤᠨ ᠴᠣᠪᠤᠷᠠᠯ
ᠠᠢᠮᠠᠭ᠎ᠤᠨ ᠵᠠᠬᠢᠷᠭ᠎ᠠ᠂ ᠬᠤᠳᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠤᠯᠤᠰ᠎ᠤᠨ ᠴᠢᠬᠤᠯᠠ ᠶᠡᠭᠡ ᠲᠦᠷᠦᠯ ᠵᠦᠢᠯ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠡᠵᠡᠯᠡᠨ ᠬᠡᠷᠡᠭ᠌ᠯᠡᠭ᠌ᠰᠡᠨ ᠪᠠᠢᠪᠠᠯ ᠨᠤᠲᠠᠯᠠᠯᠲᠠ ᠬᠢᠯᠭᠡᠬᠦ᠌ ᠪᠡᠷ ᠭᠤᠶᠤᠴᠢᠯᠠᠨ᠎ᠠ (ᠵᠢᠭᠠᠪᠤᠷᠢ ᠠᠪᠬᠤ ᠪᠢᠴᠢᠭ ᠮᠠᠲ᠋ᠧᠷᠢᠶᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠢᠶᠠᠷ ᠬᠠᠭᠤᠯᠤᠨ ᠬᠦᠷᠭᠡᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠢᠶᠠᠷ ᠱᠢᠯᠵᠢᠭᠦᠯᠦᠨ ᠱᠢᠢᠳᠪᠦᠷᠢᠯᠡᠭᠦᠯᠬᠦ᠌᠎ᠪᠠᠷ ᠦᠵᠡᠨ᠎ᠡ)᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠡᠵᠡᠯᠡᠨ ᠬᠡᠷᠡᠭ᠌ᠯᠡᠬᠦ᠌᠎ᠶ᠋ᠢᠨ ᠴᠢᠬᠤᠯᠠ ᠴᠢᠨᠠᠷ᠂ ᠠᠷᠪᠢᠲᠠᠢ ᠡᠷᠴᠢᠮᠯᠢᠭ ᠪᠠ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠨᠥᠯᠥᠭᠡᠯᠡᠯ᠎ᠢ ᠪᠠᠭᠠᠰᠭᠠᠬᠤ ᠠᠷᠭ᠎ᠠ ᠬᠡᠮᠵᠢᠶ᠎ᠡ ᠵᠡᠷᠭᠡ᠎ᠶ᠋ᠢ ᠲᠣᠳᠣᠷᠬᠠᠢᠯᠠᠬᠤ᠎ᠶ᠋ᠢᠨ ᠬᠠᠮᠲᠤ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠨᠤᠲᠠᠯᠠᠯᠲᠠ᠎ᠠᠴᠠ ᠵᠠᠢᠯᠠᠵᠤ ᠪᠣᠯᠬᠤ ᠦᠭᠡᠢ ᠭᠡᠵᠦ᠍ ᠳᠤᠷᠠᠳᠪᠠ᠃ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠬᠣᠯᠪᠣᠭ᠍ᠳᠠᠪᠠᠯ᠂ ᠣᠶ ᠱᠢᠭᠤᠶ ᠪᠣᠯᠤᠨ ᠨᠤᠲᠤᠭ ᠪᠡᠯᠴᠢᠭᠡᠷ᠎ᠦᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠬᠠᠮᠢᠶᠠᠷᠤᠯᠲᠠ᠎ᠶ᠋ᠢᠨ ᠪᠠᠢᠭᠤᠯᠤᠮᠵᠢ᠎ᠳᠤ ᠬᠠᠩᠭᠠᠬᠤ ᠰᠠᠨᠠᠯ᠎ᠢᠶᠠᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠳᠣᠲᠣᠷ᠎ᠠ ᠪᠦᠲᠦᠭᠡᠨ ᠪᠠᠢᠭᠤᠯᠵᠤ ᠪᠣᠯᠬᠤ ᠡᠰᠡᠬᠦ᠌᠎ᠶ᠋ᠢ ᠲᠣᠳᠣᠷᠬᠠᠢᠯᠠᠬᠤ ᠬᠡᠷᠡᠭ᠌ᠲᠡᠶ᠃
ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠬᠢᠨᠠᠨ ᠬᠠᠷᠭᠤᠭᠤᠯᠵᠤ᠂ ᠤᠯᠤᠰ᠎ᠤᠨ ᠴᠢᠬᠤᠯᠠ ᠶᠡᠭᠡ ᠲᠥᠷᠥᠯ ᠵᠦᠢᠯ᠎ᠤᠨ ᠮᠠᠲ᠋ᠧᠷᠢᠶᠠᠯ᠎ᠨᠢ ᠪᠦᠷᠢᠨ ᠭᠦᠢᠴᠡᠳ ᠪᠠᠢᠪᠠᠯ᠂ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠨᠤᠲᠠᠯᠠᠭᠤᠯᠵᠤ᠂ ᠴᠢᠬᠤᠯᠠᠲᠠᠶ ᠦᠶ᠎ᠡ᠎ᠳᠤ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠪᠤᠶᠤ ᠬᠠᠢᠨ ᠱᠢᠨᠵᠢᠬᠦ᠌᠎ᠶ᠋ᠢ ᠵᠣᠬᠢᠶᠠᠨ ᠪᠠᠢᠭᠤᠯᠤᠨ᠎ᠠ᠃ ᠵᠠᠮ ᠬᠠᠷᠢᠯᠴᠠᠭ᠎ᠠ᠂ ᠡᠨᠧᠷᠭᠢ᠂ ᠤᠰᠤᠨ ᠠᠱᠢᠭ᠍ᠯᠠᠯᠲᠠ ᠵᠡᠷᠭᠡ ᠰᠠᠭᠤᠷᠢ ᠪᠡᠯᠡᠳᠭᠡᠮᠵᠢ᠎ᠶ᠋ᠢᠨ ᠲᠥᠷᠥᠯ ᠵᠦᠢᠯ᠎ᠨᠢ ᠲᠠᠷᠢᠶᠠᠨ ᠭᠠᠵᠠᠷ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠲᠠᠢ ᠬᠤᠯᠪᠣᠭ᠍ᠳᠠᠪᠠᠯ᠂ ᠵᠠᠢᠯᠠᠵᠤ ᠪᠣᠯᠣᠰᠢ ᠦᠭᠡᠢ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠤᠨ ᠨᠤᠲᠠᠯᠠᠯᠲᠠ ᠬᠢᠭᠡᠳ ᠲᠠᠷᠢᠶᠠᠨ ᠭᠠᠵᠠᠷ ᠪᠠ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠎ᠶᠢ ᠬᠠᠢᠨ ᠰᠢᠨᠵᠢᠵᠦ ᠨᠤᠲᠠᠯᠠᠯᠲᠠ ᠬᠢᠬᠦ᠎ᠳᠦ ᠵᠠᠷᠴᠢᠮ ᠳᠡᠭᠡᠷ᠎ᠡ᠎ᠪᠡᠨ ᠨᠢᠭᠡ ᠤᠳᠠᠭᠠᠨ᠎ᠤ ᠬᠠᠢᠨ ᠰᠢᠨᠵᠢᠬᠦ ᠪᠠ ᠲᠤᠰᠬᠠᠢ ᠮᠡᠷᠭᠡᠵᠢᠯᠲᠡᠨ᠎ᠦ ᠨᠤᠲᠠᠯᠠᠯᠲᠠ ᠬᠢᠬᠦ᠎ᠶᠢ ᠵᠣᠬᠢᠶᠠᠨ ᠪᠠᠶ᠋ᠢᠭᠤᠯᠬᠤ ᠬᠡᠷᠡᠭᠲᠡᠢ᠃ ᠨᠤᠲᠠᠯᠠᠯᠲᠠ᠎ᠶᠢ ᠳᠠᠮᠵᠢᠭ᠍ᠰᠠᠨ ᠨᠢ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠨᠤᠲᠠᠯᠠᠯᠲᠠ᠎ᠠᠴᠠ ᠵᠠᠢᠯᠠᠭᠤᠯᠵᠤ ᠪᠣᠯᠬᠤ ᠥᠬᠡᠶ ᠰᠠᠨᠠᠯ ᠭᠠᠷᠭᠠᠵᠤ᠂ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠤ ᠬᠡᠷᠡᠭ᠌ᠯᠡᠬᠦ᠌ ᠭᠠᠵᠠᠷ᠎ᠤᠨ ᠡᠪᠬᠡᠮᠡᠯ ᠪᠠᠢᠭᠤᠯᠵᠤ ᠮᠡᠳᠡᠭᠦᠯᠦᠨ ᠵᠥᠪᠱᠢᠶᠡᠷᠡᠭᠦᠯᠬᠦ᠌᠎ᠳᠤ ᠵᠠᠪᠠᠯ ᠱᠠᠭᠠᠷᠳᠠᠭ᠍ᠳᠠᠬᠤ ᠮᠠᠲ᠋ᠧᠷᠢᠶᠠᠯ ᠪᠣᠯᠭᠠᠨ᠎ᠠ᠃
ᠤᠯᠤᠰ᠎ᠤᠨ ᠴᠢᠬᠤᠯᠠ ᠶᠡᠭᠡ ᠲᠦᠷᠦᠯ ᠵᠦᠢᠯ᠎ᠨᠢ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠡᠵᠡᠯᠡᠨ ᠭᠡᠷᠡᠭᠯᠡᠨ᠎ᠡ
ᠠᠢᠮᠠᠭ᠎ᠤᠨ ᠵᠠᠬᠢᠷᠭ᠎ᠠ᠂ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠤᠯᠤᠰ᠎ᠤᠨ ᠴᠢᠬᠤᠯᠠ ᠶᠡᠭᠡ ᠲᠥᠷᠥᠯ ᠵᠦᠢᠯ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠡᠵᠡᠯᠡᠨ ᠬᠡᠷᠡᠭ᠌ᠯᠡᠬᠦ᠌᠎ᠶ᠋ᠢ ᠨᠤᠲᠠᠯᠠᠭᠤᠯᠬᠤ ᠭᠤᠶᠤᠴᠢᠯᠠᠯ ᠭᠠᠷᠭᠠᠵᠤ ᠪᠣᠯᠬᠤ ᠦᠭᠡᠢ ᠭᠡᠵᠦ᠍ ᠳᠤᠷᠠᠳᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠭᠠᠪᠤᠷᠢ ᠠᠪᠤᠭ᠍ᠰᠠᠨ᠎ᠤ ᠳᠠᠷᠠᠭ᠎ᠠ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠳᠤ ᠬᠠᠭᠤᠯᠤᠨ ᠬᠦᠷᠭᠡᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠨᠢ ᠱᠢᠯᠵᠢᠭᠦᠯᠦᠨ ᠱᠢᠢᠳᠪᠦᠷᠢᠯᠡᠭ᠌ᠰᠡᠨ᠎ᠢᠶᠠᠷ ᠦᠵᠡᠨ᠎ᠡ᠃
ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠡᠵᠡᠯᠡᠨ ᠬᠡᠷᠡᠭ᠌ᠯᠡᠬᠦ᠌᠎ᠶ᠋ᠢᠨ ᠴᠢᠬᠤᠯᠠ ᠴᠢᠨᠠᠷ᠂ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠨᠥᠯᠥᠭᠡᠯᠡᠯ᠎ᠢ ᠠᠷᠪᠢᠲᠠᠢ ᠡᠷᠴᠢᠮᠯᠢᠭ ᠪᠠ ᠤᠳᠠᠭᠠᠱᠢᠷᠠᠭᠤᠯᠬᠤ ᠠᠷᠭ᠎ᠠ ᠬᠡᠮᠵᠢᠶ᠎ᠡ ᠵᠡᠷᠭᠡ᠎ᠶ᠋ᠢ ᠲᠣᠳᠣᠷᠬᠠᠢᠯᠠᠬᠤ᠎ᠶ᠋ᠢᠨ ᠬᠠᠮᠲᠤ᠌᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠨᠤᠲᠠᠯᠠᠯᠲᠠ᠎ᠶ᠋ᠢᠨ ᠮᠡᠳᠡᠭᠦᠯᠦᠯᠲᠡ᠎ᠠᠴᠠ ᠵᠠᠢᠯᠠᠵᠤ ᠪᠣᠯᠬᠤ ᠦᠭᠡᠢ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠬᠤᠯᠪᠣᠭ᠍ᠳᠠᠭ᠍ᠰᠠᠨ ᠪᠠᠢᠪᠠᠯ᠂ ᠤᠢ ᠱᠢᠭᠤᠢ ᠪᠠ ᠨᠤᠲᠤᠭ ᠪᠡᠯᠴᠢᠭᠡᠷ᠎ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠬᠠᠮᠢᠶᠠᠷᠤᠯᠲᠠ᠎ᠶ᠋ᠢᠨ ᠪᠠᠢᠭᠤᠯᠤᠮᠵᠢ᠎ᠳᠤ ᠬᠠᠩᠭᠠᠬᠤ ᠰᠠᠨᠠᠯ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠪᠠᠢᠭᠤᠯᠵᠤ ᠪᠣᠯᠬᠤ ᠡᠰᠡᠬᠦ᠌᠎ᠶ᠋ᠢ ᠲᠣᠳᠣᠷᠬᠠᠢᠯᠠᠨ᠎ᠠ᠃
ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠬᠢᠨᠠᠨ ᠬᠠᠷᠭᠤᠭᠤᠯᠤᠨ᠎ᠠ
ᠨᠡᠢᠴᠡᠬᠦ ᠨᠢ᠄ ᠤᠯᠤᠰ ᠤᠨ ᠴᠢᠬᠤᠯᠠ ᠶᠡᠬᠡ ᠲᠥᠷᠥᠯ ᠵᠦᠢᠯ ᠳᠤ ᠬᠠᠷᠢᠶᠠᠯᠠᠭᠳᠠᠬᠤ ᠮᠥᠷᠲᠡᠭᠡᠨ ᠮᠠᠲᠸᠷᠢᠶᠠᠯ ᠨᠢ ᠪᠦᠷᠢᠨ ᠭᠦᠢᠴᠡᠳ ᠪᠠᠢᠪᠠᠯ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠢᠭᠤᠯᠤᠨ ᠨᠤᠲᠠᠯᠠᠭᠤᠯᠵᠤ᠂ ᠴᠢᠬᠤᠯᠠᠲᠠᠢ ᠦᠶ᠎ᠡ ᠳᠤ ᠬᠠᠮᠢᠶ᠎ᠠ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠪᠤᠶᠤ ᠵᠣᠬᠢᠶᠠᠨ ᠪᠠᠢᠭᠤᠯᠤᠨ ᠬᠠᠢᠨ ᠰᠢᠨᠵᠢᠵᠦ ᠲᠤᠰᠬᠠᠢ ᠮᠡᠷᠭᠡᠵᠢᠯᠲᠡᠨ ᠢ ᠵᠣᠬᠢᠶᠠᠨ ᠪᠠᠢᠭᠤᠯᠤᠨ ᠨᠤᠲᠠᠯᠠᠭᠤᠯᠤᠨ᠎ᠠ᠃
ᠨᠣᠲᠠᠯᠠᠯᠲᠠ᠎ᠶᠢ ᠳᠠᠮᠵᠢᠭ᠍ᠰᠠᠨ ᠨᠢ᠄ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠱᠢᠭᠦᠯᠵᠦ᠍ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠨᠤᠲᠠᠯᠠᠯᠲᠠ᠎ᠶ᠋ᠢᠨ ᠰᠠᠨᠠᠯ ᠭᠠᠷᠭᠠᠵᠤ ᠪᠣᠯᠬᠤ ᠥᠬᠡᠶ᠂ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠤ ᠬᠡᠷᠡᠭ᠌ᠯᠡᠬᠦ᠌ ᠭᠠᠵᠠᠷ᠎ᠤᠨ ᠡᠪᠬᠡᠮᠡᠯ ᠪᠠᠢᠭᠤᠯᠵᠤ ᠮᠡᠳᠡᠭᠦᠯᠦᠨ ᠵᠥᠪᠱᠢᠶᠡᠷᠡᠭᠦᠯᠬᠦ᠌᠎ᠳᠤ ᠵᠠᠪᠠᠯ ᠱᠠᠭᠠᠷᠳᠠᠭ᠍ᠳᠠᠬᠤ ᠮᠠᠲ᠋ᠧᠷᠢᠶᠠᠯ ᠪᠣᠯᠭᠠᠨ᠎ᠠ᠃
ᠨᠡᠢᠴᠡᠬᠦ᠌ ᠦᠭᠡᠶ ᠨᠢ᠄ ᠪᠤᠴᠠᠭᠠᠬᠤ ᠵᠦᠢᠯ᠎ᠢ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠡᠴᠡ ᠠᠢᠮᠠᠭ᠎ᠤᠨ ᠵᠠᠬᠢᠷᠭ᠎ᠠ᠂ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠭᠤ ᠲᠤᠰᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠦ ᠬᠠᠭᠤᠯᠤᠨ ᠢᠯᠡᠭᠡᠬᠦ᠌ ᠬᠡᠷᠡᠭ᠌ᠲᠡᠶ᠃
ᠭᠤᠷᠪᠠ᠂ ᠦᠷᠭᠦᠯᠵᠢ ᠲᠣᠬᠢᠶᠠᠯᠳᠤᠳᠠᠭ ᠠᠰᠠᠭᠤᠳᠠᠯ᠎ᠤᠨ ᠬᠠᠷᠢᠭᠤᠯᠲᠠ
ᠲᠦᠷᠦᠯ ᠵᠦᠢᠯ᠎ᠨᠢ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠳᠣᠲᠣᠷ᠎ᠠ ᠪᠠᠢᠬᠤ ᠡᠰᠡᠬᠦ᠌᠎ᠶ᠋ᠢ ᠬᠡᠷᠬᠢᠨ ᠪᠠᠢᠴᠠᠭᠠᠨ ᠯᠠᠪᠯᠠᠬᠤ ᠪᠤᠢ?
《ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ 〈ᠨᠢᠭᠡ ᠵᠢᠷᠤᠭ〉 ᠤᠨ ᠱᠢᠰᠲ᠋ᠧᠮ》 ᠢᠶᠠᠷ ᠳᠠᠮᠵᠢᠭᠤᠯᠤᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠠᠯᠪᠠᠨ ᠰᠦᠯᠵᠢᠶ᠎ᠡ᠎ᠶ᠋ᠢ ᠰᠦᠯᠵᠢᠶᠡᠨ ᠳᠡᠭᠡᠷ᠎ᠡ ᠪᠠᠢᠴᠠᠭᠠᠨ ᠯᠠᠪᠯᠠᠬᠤ ᠪᠤᠶᠤ ᠬᠠᠷᠢᠶ᠎ᠠ ᠭᠠᠵᠠᠷ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠠᠴᠠ ᠲᠤᠬᠠᠶ᠎ᠶ᠋ᠢᠨ ᠲᠠᠯᠠᠪᠤᠷ᠎ᠲᠤ ᠬᠠᠷᠭᠤᠭᠤᠯᠤᠨ ᠪᠠᠢᠴᠠᠭᠠᠬᠤ᠎ᠶ᠋ᠢ ᠭᠤᠶᠤᠴᠢᠯᠠᠨ᠎ᠠ᠃
ᠬᠢᠨᠠᠨ ᠵᠥᠪᠱᠢᠶᠡᠷᠡᠬᠦ᠌᠎ᠳᠤ ᠶᠠᠮᠠᠷ ᠶᠠᠮᠠᠷ ᠮᠠᠲ᠋ᠧᠷᠢᠶᠠᠯ᠎ᠢ ᠬᠡᠷᠡᠭ᠌ᠰᠡᠬᠦ᠌ ᠪᠤᠢ?
ᠭᠡᠷᠡᠴᠢ ᠮᠠᠲ᠋ᠧᠷᠢᠶᠠᠯ᠎ᠨᠢ ᠲᠥᠷᠥᠯ ᠵᠦᠢᠯ᠎ᠤᠨ ᠰᠡᠳᠦᠪ ᠲᠣᠭ᠍ᠲᠠᠭᠠᠬᠤ ᠪᠢᠴᠢᠭ ᠮᠠᠲ᠋ᠧᠷᠢᠶᠠᠯ᠂ ᠬᠠᠤᠯᠢ ᠶᠣᠰᠣᠭᠠᠷ ᠵᠥᠪᠱᠢᠶᠡᠷᠡᠭ᠌ᠰᠡᠨ ᠳᠡᠮᠵᠢᠯᠭᠡ᠎ᠶ᠋ᠢᠨ ᠴᠢᠨᠠᠷᠲᠠᠶ ᠪᠢᠴᠢᠭ ᠮᠠᠲ᠋ᠧᠷᠢᠶᠠᠯ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠠᠴᠠ ᠵᠠᠢᠯᠠᠭᠤᠯᠵᠤ ᠪᠣᠯᠬᠤ ᠥᠬᠡᠶ ᠨᠤᠲᠠᠯᠠᠯᠲᠠ᠎ᠶ᠋ᠢᠨ ᠮᠡᠳᠡᠭᠦᠯᠦᠯᠲᠡ ᠪᠤᠶᠤ ᠭᠠᠵᠠᠷ᠎ᠢ ᠠᠷᠪᠢᠲᠠᠶ ᠡᠷᠴᠢᠮᠯᠢᠭ ᠬᠡᠷᠡᠭ᠌ᠯᠡᠬᠦ᠌ ᠲᠤᠰᠭᠠᠶ ᠰᠡᠳᠦᠪ ᠵᠢᠴᠢ ᠲᠤᠰᠭᠠᠶ ᠮᠡᠷᠭᠡᠵᠢᠯᠲᠡᠨ᠎ᠤ ᠨᠤᠲᠠᠯᠠᠯᠲᠠ᠎ᠶ᠋ᠢᠨ ᠰᠠᠨᠠᠯ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠲᠤᠯᠭᠠᠭᠤᠷᠢᠯᠠᠬᠤ ᠴᠢᠨᠠᠷᠲᠠᠶ ᠮᠠᠲ᠋ᠧᠷᠢᠶᠠᠯ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠵᠢᠴᠢ ᠣᠶ ᠱᠢᠭᠤᠶ ᠪᠠ ᠨᠤᠲᠤᠭ ᠪᠡᠯᠴᠢᠭᠡᠷ ( ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠲᠤ ᠬᠣᠯᠪᠣᠭᠳᠠᠬᠤ᠎ᠳᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠦᠨ ᠲᠣᠪᠴᠢᠶ᠎ᠠ ᠪᠤᠶᠤ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠲᠥᠷᠥᠯ ᠵᠦᠢᠯ᠎ᠦᠨ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠲᠤ ᠬᠣᠯᠪᠣᠭᠳᠠᠬᠤ ᠲᠠᠯᠠᠪᠠᠶ᠂ ᠴᠢᠳᠠᠮᠵᠢ᠎ᠶᠢᠨ ᠬᠤᠪᠢᠶᠠᠷᠢ ᠲᠣᠭᠣᠷᠢᠭ᠋ ᠵᠢᠴᠢ ᠲᠣᠰ ᠬᠠᠮᠠᠭᠠᠯᠠᠯᠲᠠ᠎ᠶᠢᠨ ᠭᠠᠵᠠᠷ᠎ᠲᠤ ᠪᠦᠲᠦᠭᠡᠨ ᠪᠠᠶ᠋ᠢᠭᠤᠯᠬᠤ᠎ᠶᠢ ᠵᠥᠪᠰᠢᠶᠡᠷᠡᠬᠦ ᠰᠠᠨᠠᠯ᠎ᠢ ᠲᠣᠳᠣᠷᠬᠠᠢ ᠭᠠᠷᠭᠠᠵᠤ ᠥᠭᠬᠦ ᠬᠡᠷᠡᠭᠲᠡᠢ ) ᠂ ᠠᠮᠢ ᠠᠬᠤᠶ᠎ᠶ᠋ᠢᠨ ᠣᠷᠴᠢᠨ ᠲᠣᠭᠤᠷᠢᠨ᠂ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ᠎ᠤᠨ ᠰᠠᠨᠠᠯ᠎ᠢ ᠲᠣᠳᠣᠷᠬᠠᠶ ᠭᠠᠷᠭᠠᠵᠤ ᠥᠭ᠌ᠭᠦᠨ᠎ᠡ᠃