ᠲᠦᠷᠦ᠍᠎ᠶ᠋ᠢᠨ ᠪᠤᠳᠤᠯᠭ᠎ᠠ᠎ᠶ᠋ᠢᠨ ᠲᠠᠢᠯᠤᠮᠵᠢ᠄ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ(ᠭᠤᠷᠪᠠ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭᠠᠰᠤᠨ᠎ᠤ ᠨᠡᠭᠡᠭᠡᠨ ᠬᠥᠭᠵᠢᠭᠦᠯᠦᠯᠲᠡ᠎ᠶᠢᠨ ᠵᠠᠭᠠᠭ ᠪᠠ ᠳᠠᠪᠬᠤᠴᠠᠭᠰᠠᠨ ᠠᠭᠤᠷᠬᠠᠢ᠎ᠶᠢᠨ ᠦᠢ᠍ᠯᠡᠰ᠎ᠦᠨ ᠡᠷᠬᠡ᠎ᠶᠢᠨ ᠰᠢᠢᠳᠪᠦᠷᠢᠯᠡᠯᠲᠡ
2025-05-30

  ᠨᠢᠭᠡ᠂ ᠲᠦᠷᠦ᠍᠎ᠶ᠋ᠢᠨ ᠪᠤᠳᠤᠯᠭ᠎ᠠ᠎ᠶ᠋ᠢᠨ ᠲᠠᠢᠯᠤᠮᠵᠢ

  (ᠨᠢᠭᠡ) ᠬᠣᠲᠠ ᠪᠠᠯᠭᠠᠰᠤᠨ᠎ᠤ ᠨᠡᠭᠡᠭᠡᠨ ᠬᠥᠭᠵᠢᠭᠦᠯᠦᠯᠲᠡ᠎ᠶᠢᠨ ᠵᠠᠭᠠᠭ᠎ᠲᠠᠢ ᠳᠠᠪᠬᠤᠴᠠᠭᠰᠠᠨ ᠠᠭᠤᠷᠬᠠᠢ᠎ᠶᠢᠨ ᠡᠷᠬᠡ᠎ᠶᠢᠨ ᠰᠢᠢᠳᠪᠦᠷᠢᠯᠡᠯᠲᠡ 

  ᠠᠭᠤᠷᠬᠠᠶ ᠡᠷᠢᠬᠦ ᠡᠷᠬᠡ ( ᠨᠢᠭᠡᠨᠲᠡ ᠪᠠᠢᠭᠤᠯᠤᠭ᠍ᠰᠠᠨ ᠪᠠ ᠱᠢᠨ᠎ᠡ᠎ᠪᠡᠷ ᠪᠠᠢᠭᠤᠯᠤᠭ᠍ᠰᠠᠨ ᠪᠠᠭ᠍ᠲᠠᠨ᠎ᠠ ) ᠂ ᠤᠰᠤᠨ᠎ᠤ ᠠᠭᠤᠷᠬᠠᠶ ᠮᠠᠯᠲᠠᠬᠤ ᠡᠷᠬᠡ ( ᠨᠢᠭᠡᠨᠲᠡ ᠪᠠᠢᠭᠤᠯᠤᠭ᠍ᠰᠠᠨ ᠪᠠ ᠱᠢᠨ᠎ᠡ᠎ᠪᠡᠷ ᠪᠠᠢᠭᠤᠯᠤᠭ᠍ᠰᠠᠨ ᠠᠭᠤᠷᠬᠠᠶ ᠮᠠᠯᠲᠠᠬᠤ ᠡᠷᠬᠡ ᠪᠠᠭ᠍ᠲᠠᠨ᠎ᠠ ) ᠂ ᠨᠢᠭᠡᠨᠲᠡ ᠬᠠᠤᠯᠢ ᠶᠣᠰᠣᠭᠠᠷ ᠪᠠᠢᠭᠤᠯᠤᠭ᠍ᠰᠠᠨ ᠪᠤᠰᠤᠳ ᠠᠭᠤᠷᠬᠠᠶ ᠮᠠᠯᠲᠠᠬᠤ ᠡᠷᠬᠡ ᠵᠡᠷᠭᠡ ᠠᠳᠠᠯᠢ ᠪᠤᠰᠤ ᠪᠠᠢᠳᠠᠯ᠎ᠢᠶᠠᠷ ᠲᠥᠷᠥᠯ ᠬᠤᠪᠢᠶᠠᠨ ᠱᠢᠶ᠋ᠳᠪᠦᠷᠢᠯᠡᠨ᠎ᠡ ᠃

  1. ᠠᠭᠤᠷᠬᠠᠶ ᠡᠷᠢᠬᠦ ᠡᠷᠬᠡ

  ᠠᠭᠤᠷᠬᠠᠶ ᠡᠷᠢᠬᠦ ᠡᠷᠬᠡ ᠬᠢᠭᠡᠳ ᠬᠣᠲᠠ ᠪᠠᠯᠭᠠᠰᠤᠨ᠎ᠤ ᠨᠡᠭᠡᠭᠡᠨ ᠬᠥᠭᠵᠢᠭᠦᠯᠦᠯᠲᠡ᠎ᠶᠢᠨ ᠵᠠᠭᠠᠭ᠎ᠲᠠᠢ ᠳᠠᠪᠬᠤᠴᠠᠭᠰᠠᠨ ᠪᠣᠯ ᠠᠭᠤᠷᠬᠠᠶ ᠡᠷᠢᠬᠦ ᠡᠷᠬᠡ᠎ᠶ᠋ᠢᠨ ᠬᠦᠴᠦᠨ᠎ᠲᠡᠶ ᠬᠤᠭᠤᠴᠠᠭᠠᠨ᠎ᠤ ᠳᠣᠲᠣᠷ᠎ᠠ ᠬᠠᠢᠨ ᠪᠠᠢᠴᠠᠭᠠᠬᠤ ᠠᠵᠢᠯᠯᠠᠭ᠎ᠠ ᠥᠷᠨᠢᠭᠦᠯᠵᠦ᠍ ᠪᠣᠯᠤᠨ᠎ᠠ ᠃ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠭᠤᠷᠬᠠᠶ ᠡᠷᠢᠬᠦ ᠡᠷᠬᠡᠲᠦ ᠬᠥᠮᠦᠨ᠎ᠯᠦᠭᠡ ᠬᠠᠷᠢᠯᠴᠠᠨ ᠨᠥᠯᠥᠭᠡᠯᠡᠬᠦ᠌ ᠦᠭᠡᠶ ᠵᠥᠪᠯᠡᠯᠴᠡᠭᠡᠷ᠎ᠲᠦ ᠬᠣᠶᠠᠷ ᠲᠠᠯ᠎ᠠ᠎ᠶ᠋ᠢᠨ ᠡᠷᠬᠡ ᠡᠭᠦᠷᠭᠡ᠎ᠶ᠋ᠢ ᠲᠣᠳᠣᠷᠬᠠᠢᠯᠠᠬᠤ᠎ᠶ᠋ᠢᠨ ᠬᠠᠮᠲᠤ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠌ ᠪᠠᠢᠭᠠᠳ ᠬᠣᠲᠠ ᠪᠠᠯᠭᠠᠰᠤ᠎ᠶ᠋ᠢᠨ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠶ᠃

  2. ᠱᠢᠨ᠎ᠡ᠎ᠪᠡᠷ ᠪᠠᠢᠭᠤᠯᠤᠭ᠍ᠰᠠᠨ ᠠᠭᠤᠷᠬᠠᠶ ᠮᠠᠯᠲᠠᠬᠤ ᠡᠷᠬᠡ

   ᠱᠢᠨ᠎ᠡ᠎ᠪᠡᠷ ᠪᠠᠢᠭᠤᠯᠤᠭ᠍ᠰᠠᠨ ᠠᠭᠤᠷᠬᠠᠶ ᠡᠷᠢᠬᠦ ᠡᠷᠬᠡ᠎ᠶ᠋ᠢ ᠵᠠᠷᠴᠢᠮ ᠳᠡᠭᠡᠷ᠎ᠡ᠎ᠪᠡᠨ ᠨᠢᠭᠡᠨᠲᠡ ᠬᠤᠪᠢᠶᠠᠷᠢᠯᠠᠨ ᠲᠣᠭ᠍ᠲᠠᠭᠠᠭ᠍ᠰᠠᠨ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ᠎ᠲᠠᠶ ᠳᠠᠪᠬᠤᠴᠠᠭᠤᠯᠵᠤ ᠪᠣᠯᠬᠤ ᠦᠭᠡᠶ᠃

  3. ᠤᠰᠤ ᠬᠡᠢ᠎ᠶ᠋ᠢᠨ ᠠᠭᠤᠷᠬᠠᠶ ᠮᠠᠯᠲᠠᠬᠤ ᠡᠷᠬᠡ

  ᠭᠠᠵᠠᠷ᠎ᠤᠨ ᠢᠯᠴᠢ᠂ ᠷᠠᠱᠢᠶᠠᠨ ᠤᠰᠤ᠂ ᠨᠡᠭᠦᠷᠡᠰᠦᠨ ᠳᠠᠪᠬᠤᠷᠭ᠎ᠠ᠎ᠶ᠋ᠢᠨ ᠬᠡᠢ ᠵᠡᠷᠭᠡ ᠤᠰᠤ ᠬᠡᠢ᠎ᠶ᠋ᠢᠨ ᠠᠭᠤᠷᠬᠠᠶ ᠮᠠᠯᠲᠠᠬᠤ ᠡᠷᠬᠡ ( ᠨᠢᠭᠡᠨᠲᠡ ᠪᠠᠢᠭᠤᠯᠤᠭ᠍ᠰᠠᠨ ᠪᠠ ᠱᠢᠨ᠎ᠡ᠎ᠪᠡᠷ ᠪᠠᠢᠭᠤᠯᠤᠭ᠍ᠰᠠᠨ ᠠᠭᠤᠷᠬᠠᠶ ᠮᠠᠯᠲᠠᠬᠤ ᠡᠷᠬᠡ ᠪᠠᠭ᠍ᠲᠠᠨ᠎ᠠ ) ᠎ᠶ᠋ᠢᠨ ᠭᠠᠵᠠᠷ ᠰᠣᠩᠭᠣᠬᠤ ᠣᠨᠴᠠᠭ᠋ᠠᠢ ᠴᠢᠨᠠᠷ᠂ ᠠᠭᠤᠷᠬᠠᠶ᠎ᠶ᠋ᠢᠨ ᠪᠤᠯᠠᠭ᠍ᠳᠠᠴᠠ ᠵᠡᠷᠭᠡ ᠱᠢᠯᠲᠠᠭᠠᠨ᠎ᠠᠴᠠ ᠪᠣᠯᠵᠤ᠂ ᠦᠨᠡᠨ ᠬᠦ᠌ ᠬᠣᠲᠠ ᠪᠠᠯᠭᠠᠰᠤ᠎ᠶ᠋ᠢ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠠᠴᠠ ᠵᠠᠢᠯᠠᠭᠤᠯᠬᠤ᠎ᠶ᠋ᠢᠨ ᠠᠷᠭ᠎ᠠ ᠦᠭᠡᠶ ᠪᠣᠯ᠂ ᠠᠭᠤᠷᠬᠠᠶ᠎ᠶ᠋ᠢᠨ ᠡᠷᠬᠡᠲᠦ ᠬᠥᠮᠦᠨ ᠨᠢ ᠭᠤᠶᠤᠴᠢᠯᠠᠬᠤ᠎ᠶ᠋ᠢᠨ ᠬᠠᠮᠲᠤ ᠲᠣᠳᠣᠷᠬᠠᠶ ᠠᠷᠭ᠎ᠠ ᠬᠡᠮᠵᠢᠶ᠎ᠡ ᠳᠤᠷᠠᠳᠤᠭ᠍ᠰᠠᠨ᠎ᠤ ᠳᠠᠷᠠᠭ᠎ᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠲᠠᠢ ᠬᠠᠷᠢᠯᠴᠠᠨ ᠥᠯᠥ ᠨᠥᠯᠥᠭᠡᠯᠡᠬᠦ ᠬᠡᠯᠡᠯᠴᠡᠭᠡᠷ ᠲᠣᠭᠲᠠᠵᠤ ᠪᠣᠯᠣᠨ᠎ᠠ ᠂ ᠤᠤᠯ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ ᠬᠠᠷᠢᠯᠴᠠᠨ ᠥᠯᠥ ᠨᠥᠯᠥᠭᠡᠯᠡᠬᠦ ᠬᠡᠯᠡᠯᠴᠡᠭᠡᠷ ᠲᠣᠭᠲᠠᠭᠰᠠᠨ᠎ᠤ ᠳᠠᠷᠠᠭ᠎ᠠ᠂ ᠬᠣᠲᠠ ᠪᠠᠯᠭᠠᠰᠤᠨ᠎ᠤ ᠨᠡᠭᠡᠭᠡᠨ ᠬᠥᠭᠵᠢᠭᠦᠯᠦᠯᠲᠡ᠎ᠶᠢᠨ ᠵᠠᠭᠠᠭ ᠱᠤᠭᠤᠮ᠎ᠲᠠᠢ ᠳᠠᠪᠬᠤᠴᠠᠵᠤ ᠪᠣᠯᠣᠨ᠎ᠠ᠃ ᠲᠥᠷᠥᠯ ᠵᠦᠢᠯ᠎ᠤᠨ ᠪᠠᠢᠭ᠎ᠠ ᠭᠠᠵᠠᠷ᠎ᠤᠨ ᠬᠤᠲᠠ᠂ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠᠢᠭᠠᠯᠢ᠎ᠶ᠋ᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠠᠭᠤᠷᠬᠠᠶ᠎ᠶ᠋ᠢᠨ ᠦᠢᠯᠡᠰ᠎ᠤᠨ ᠡᠷᠬᠡᠲᠦ ᠬᠥᠮᠦᠨ᠎ᠤ ᠳᠠᠪᠬᠤᠴᠠᠭ᠍ᠰᠠᠨ ᠬᠡᠪᠴᠢᠶᠡᠨ᠎ᠳᠤ ᠭᠠᠵᠠᠷ᠎ᠤᠨ ᠭᠠᠳᠠᠷᠭᠤ᠎ᠶᠢ ᠬᠢᠨᠠᠨ ᠬᠡᠮᠵᠢᠬᠦ᠌ ᠵᠡᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠬᠢᠨᠠᠯᠲᠠ ᠲᠠᠯᠪᠢᠬᠤ ᠬᠡᠷᠡᠭ᠌ᠲᠡᠶ᠃

  4. ᠬᠠᠣᠯᠢ ᠶᠣᠰᠣᠭᠠᠷ ᠪᠠᠢ᠌ᠭᠣᠯᠣᠬ᠍ᠰᠠᠨ ᠪᠤᠰᠣᠣᠠ ᠠᠭᠤᠷᠬᠠᠢ ᠮᠠᠯᠲᠠᠬᠤ ᠡᠷᠭᠡ

  ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ᠎ᠤᠨ ᠳᠣᠲᠣᠷ᠎ᠠ ᠨᠢᠭᠡᠨᠲᠡ ᠬᠠᠤᠯᠢ ᠶᠣᠰᠣᠭᠠᠷ ᠪᠠᠢᠭᠤᠯᠤᠭ᠍ᠰᠠᠨ ᠪᠤᠰᠤᠳ ᠠᠭᠤᠷᠬᠠᠶ ᠮᠠᠯᠲᠠᠬᠤ ᠡᠷᠬᠡ ᠨᠢ ᠵᠠᠷᠴᠢᠮ ᠳᠡᠭᠡᠷ᠎ᠡ᠎ᠪᠡᠨ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠳᠠᠪᠬᠤᠴᠠᠵᠤ ᠪᠣᠯᠬᠤ ᠦᠭᠡᠶ᠂ ᠭᠡᠪᠡᠴᠦ ᠠᠭᠤᠷᠬᠠᠶ᠎ᠶ᠋ᠢᠨ ᠦᠢᠯᠡᠰ᠎ᠦᠨ ᠡᠷᠬᠡ᠎ᠶ᠋ᠢᠨ ᠬᠡᠪᠴᠢᠶ᠎ᠡ᠎ᠶ᠋ᠢ ᠬᠤᠪᠢᠷᠠᠭᠤᠯᠬᠤ ᠦᠭᠡᠶ ᠪᠤᠶᠤ ᠪᠠᠭᠠᠰᠭᠠᠬᠤ ᠪᠠᠢᠳᠠᠯ ᠳᠣᠤᠷ᠎ᠠ ᠂ ᠠᠭᠤᠷᠬᠠᠶ᠎ᠶ᠋ᠢᠨ ᠦᠢᠯᠡᠰ᠎ᠦᠨ ᠡᠷᠬᠡ᠎ᠶ᠋ᠢ ᠦᠷᠭᠦᠯᠵᠢᠯᠡᠭᠦᠯᠬᠦ᠌᠂ ᠠᠭᠤᠷᠬᠠᠶ᠎ᠶ᠋ᠢᠨ ᠡᠷᠬᠡᠲᠦ ᠬᠥᠮᠦᠨ᠎ᠦ ᠨᠡᠷᠡᠢᠳᠦᠯ ( ᠱᠢᠯᠵᠢᠭᠦᠯᠦᠨ ᠥᠭ᠌ᠬᠦ᠎ᠶᠢ  ᠪᠠᠭᠲᠠᠭ᠋ᠠᠨ᠎ᠠ ) ᠎ᠢ ᠬᠤᠪᠢᠷᠠᠭᠤᠯᠬᠤ ᠂ ᠦᠯᠡᠳᠡᠭᠡᠬᠦ᠌ ᠂ ᠪᠠᠭᠠᠰᠭᠠᠬᠤ ᠵᠡᠷᠭᠡ᠎ᠶ᠋ᠢ ᠭᠦᠢᠴᠡᠳᠭᠡᠵᠦ᠍ ᠪᠣᠯᠤᠨ᠎ᠠ ᠃ ᠳᠣᠤᠷᠠᠬᠢ ᠪᠠᠢᠳᠠᠯ ᠣᠷᠣᠱᠢᠵᠤ ᠪᠠᠢᠪᠠᠯ ᠂ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠢᠭᠤᠯᠤᠨ ᠬᠢᠨᠠᠨ ᠬᠠᠷᠭᠤᠭᠤᠯᠤᠭ᠍ᠰᠠᠨ᠎ᠤ ᠳᠠᠷᠠᠭ᠎ᠠ ᠲᠥᠷᠥᠯ ᠬᠤᠪᠢᠶᠠᠨ ᠱᠢᠶ᠋ᠳᠪᠦᠷᠢᠯᠡᠵᠦ᠍ ᠂ ᠠᠭᠤᠷᠬᠠᠶ ᠮᠠᠯᠲᠠᠬᠤ ᠡᠷᠬᠡᠲᠦ ᠬᠥᠮᠦᠨ ᠭᠤᠶᠤᠴᠢᠯᠠᠵᠤ᠂ ᠲᠣᠭ᠍ᠲᠠᠭᠤᠨ ᠪᠥᠭᠡᠳ ᠬᠣᠲᠠ ᠪᠠᠯᠭᠠᠰᠤ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠰᠡᠷᠭᠡᠢᠯᠡᠨ ᠬᠠᠮᠠᠭᠠᠯᠠᠬᠤ ᠵᠠᠭᠠᠭ ᠎ᠢ ᠲᠣᠳᠣᠷᠬᠠᠢᠯᠠᠵᠤ᠂ ᠬᠣᠲᠠ ᠪᠠᠯᠭᠠᠰᠤ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠮᠤᠷ ᠲᠦᠪᠱᠢᠨ ᠎ᠢ ᠪᠠᠲᠤᠯᠠᠵᠤ᠂ ᠤᠤᠯ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ ᠬᠠᠷᠢᠯᠴᠠᠨ ᠦᠯᠤ ᠨᠥᠯᠥᠭᠡᠯᠡᠬᠦ ᠬᠡᠯᠡᠯᠴᠡᠭᠡᠷ ᠲᠣᠭᠲᠠᠭᠠᠭᠰᠠᠨ᠎ᠤ ᠲᠠᠷᠠᠭ᠎ᠠ᠂ ᠬᠤᠳᠠ ᠪᠠᠯᠭᠠᠰᠤᠨ᠎ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠎ᠲᠠᠢ ᠳᠠᠪᠬᠤᠴᠠᠵᠤ ᠪᠣᠯᠣᠨ᠎ᠠ ᠄

  ᠨᠢᠭᠡ᠎ᠳᠤ᠂ ᠰᠢᠶᠠᠨ᠎ᠤ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢᠶᠠᠷ ᠬᠢᠨᠠᠨ ᠮᠠᠭᠠᠳᠯᠠᠭᠤᠯᠵᠤ᠂ ᠳᠠᠪᠬᠤᠷᠳᠠᠭ᠍ᠰᠠᠨ ᠬᠡᠪᠴᠢᠶᠡᠨ ᠳᠣᠲᠣᠷᠠᠬᠢ ᠣᠳᠣᠬᠢ ᠪᠠᠢᠳᠠᠯ᠎ᠨᠢ ᠲᠠᠷᠢᠶᠠᠨ ᠭᠠᠵᠠᠷ ᠵᠡᠷᠭᠡ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ ᠪᠤᠶᠤ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠠᠢᠯ ᠲᠣᠰᠭᠤᠨ᠎ᠤ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠪᠣᠯᠤᠨ᠎ᠠ᠂ ᠦᠨᠡᠨ᠎ᠳᠡᠭᠡᠨ ᠲᠡᠦᠬᠡᠨ ᠳᠡᠭᠡᠷᠡᠬᠢ ᠠᠵᠤ ᠦᠢᠯᠡᠳᠪᠦᠷᠢ᠎ᠶᠢᠨ ᠠᠭᠤᠳᠠᠮ ᠲᠠᠯᠠᠪᠠᠢ ᠵᠢᠴᠢ ᠲᠡᠭᠦᠨ᠎ᠦ ᠢᠵᠢ ᠪᠦᠷᠢᠳᠦᠭᠰᠡᠨ ᠦᠢᠯᠡᠳᠪᠦᠷᠢᠯᠡᠯ᠎ᠦᠨ ᠲᠥᠬᠦᠭᠡᠷᠦᠮᠵᠢ ᠪᠣᠯᠣᠨ᠎ᠠ᠃

  ᠬᠣᠶᠠᠷ᠎ᠲᠤ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠠᠵᠤ ᠦᠢᠯᠡᠰ᠎ᠦᠨ ᠬᠡᠯᠬᠢᠶ᠎ᠡ᠎ᠶ᠋ᠢ ᠦᠷᠭᠦᠯᠵᠢᠯᠡᠭᠦᠯᠵᠦ᠍᠂ ᠠᠭᠤᠷᠬᠠᠶ ᠮᠠᠯᠲᠠᠬᠤ ᠡᠷᠬᠡ᠎ᠶ᠋ᠢᠨ ᠬᠡᠪᠴᠢᠶᠡᠨ ᠳᠣᠲᠣᠷ᠎ᠠ ᠠᠭᠤᠷᠬᠠᠶ᠎ᠶ᠋ᠢᠨ ᠭᠠᠷᠤᠯᠲᠠ᠎ᠶ᠋ᠢ ᠭᠦᠨᠵᠡᠭᠡᠶ ᠡᠳ᠋ᠱᠢᠭᠦᠯᠬᠦ᠂ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠬᠤ ᠵᠡᠷᠭᠡ ᠠᠵᠤ ᠦᠢᠯᠡᠳᠪᠦᠷᠢ᠎ᠶ᠋ᠢᠨ ᠲᠥᠷᠥᠯ ᠵᠦᠢᠯ᠎ᠢ ᠬᠡᠷᠡᠭ᠌ᠵᠢᠭᠦᠯᠦᠨ᠎ᠡ᠃

  ᠭᠤᠷᠪᠠ᠎ᠳᠤ᠂ ᠦᠨᠡᠨ ᠬᠦ᠌ ᠵᠠᠢᠯᠠᠭᠤᠯᠬᠤ᠎ᠶ᠋ᠢᠨ ᠠᠷᠭ᠎ᠠ ᠦᠭᠡᠶ ᠪᠤᠰᠤᠳ ᠪᠠᠢᠳᠠᠯ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠦᠢᠴᠡᠳ ᠨᠤᠲᠠᠯᠠᠭ᠍ᠰᠠᠨ ᠪᠠᠢᠳᠠᠯ ᠳᠣᠤᠷ᠎ᠠ᠂ ᠳᠠᠪᠬᠤᠷᠳᠠᠭᠰᠠᠨ ᠬᠡᠪᠴᠢᠶ᠎ᠡ᠎ᠶ᠋ᠢ ᠲᠣᠳᠣᠷᠬᠠᠢᠯᠠᠬᠤ᠎ᠶ᠋ᠢᠨ ᠬᠠᠮᠲᠤ ᠠᠭᠤᠷᠬᠠᠶ᠎ᠶ᠋ᠢᠨ ᠦᠢᠯᠡᠰ᠎ᠦᠨ ᠡᠷᠬᠡ᠎ᠶ᠋ᠢ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ᠎ᠡᠴᠡ ᠳᠠᠪᠬᠤᠷᠳᠠᠭ᠍ᠰᠠᠨ ᠣᠷᠣᠨ᠎ᠳᠤ ᠮᠠᠯᠲᠠᠬᠤ᠎ᠶ᠋ᠢ ᠴᠠᠭᠠᠵᠠᠯᠠᠬᠤ ᠣᠷᠣᠨ ᠪᠣᠯᠭᠠᠨ ᠬᠢᠨᠠᠨ ᠲᠣᠭ᠍ᠲᠠᠭᠠᠵᠤ᠂ ᠨᠡᠭᠡᠭᠡᠨ ᠮᠠᠯᠲᠠᠬᠤ ᠠᠵᠢᠯᠯᠠᠭ᠎ᠠ ᠬᠢᠵᠦ᠍ ᠪᠣᠯᠬᠤ ᠦᠭᠡᠶ ᠃

  (ᠬᠤᠶᠠᠷ) ᠬᠤᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠦᠯᠲᠡ᠎ᠶ᠋ᠢᠨ ᠵᠠᠭᠠᠭ᠎ᠢ ᠰᠢᠯᠢᠳᠡᠭᠵᠢᠭᠦᠯᠬᠦ ᠎ᠳᠦ ᠬᠤᠯᠪᠣᠭ᠍ᠳᠠᠭ᠍ᠰᠠᠨ ᠠᠭᠤᠷᠬᠠᠢ᠎ᠶ᠋ᠢᠨ ᠡᠷᠬᠡ᠎ᠶ᠋ᠢ ᠱᠢᠢᠳᠪᠦᠷᠢᠯᠡᠬᠦ᠌

  1. ᠬᠤᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠱᠤᠭᠤᠮ᠎ᠤᠨ ᠬᠡᠰᠡᠭ ᠲᠠᠯ᠎ᠠ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠬᠤ ᠣᠷᠣᠨ᠎ᠢ ᠵᠠᠷᠴᠢᠮ ᠳᠡᠭᠡᠷ᠎ᠡ᠎ᠪᠠᠨ ᠨᠢᠭᠡᠨᠲᠡ ᠪᠠᠢᠭᠤᠯᠤᠭ᠍ᠰᠠᠨ ᠠᠭᠤᠷᠬᠠᠶ ᠮᠠᠯᠲᠠᠬᠤ ᠡᠷᠬᠡ᠎ᠯᠦᠭᠡ ᠳᠠᠪᠬᠤᠴᠠᠭᠤᠯᠵᠤ ᠪᠣᠯᠬᠤ ᠦᠭᠡᠢ᠃

  2. ᠬᠣᠲᠠ ᠪᠠᠯᠭᠠᠰᠤ᠎ᠶ᠋ᠢ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠢ ᠬᠡᠰᠡᠭ ᠲᠠᠯ᠎ᠠ᠎ᠪᠠᠷ ᠱᠢᠯᠢᠳᠡᠭ᠌ᠵᠢᠭᠦᠯᠬᠦ᠌ ᠳᠤᠮᠳᠠ ᠠᠭᠤᠷᠬᠠᠶ᠎ᠶ᠋ᠢᠨ ᠡᠷᠬᠡ ᠳᠠᠪᠬᠤᠴᠠᠭ᠍ᠰᠠᠨ ᠣᠷᠣᠨ ᠪᠦᠰᠡ᠎ᠶ᠋ᠢᠨ ᠲᠥᠯᠥᠪᠵᠢᠭᠦᠯᠭᠡ᠎ᠳᠦ ᠨᠡᠢᠴᠡᠬᠦ᠌ ᠭᠠᠵᠠᠷ ᠱᠢᠷᠣᠶ᠎ᠶ᠋ᠢ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ᠎ᠠᠴᠠ ᠱᠢᠯᠵᠢᠭᠦᠯᠦᠨ ᠭᠠᠷᠭᠠᠵᠤ ᠪᠣᠯᠤᠨ᠎ᠠ᠃ ᠡᠭᠦᠨ᠎ᠳᠤ᠂ ᠣᠷᠣᠨ ᠪᠦᠰᠡ᠎ᠨᠢ ᠤᠯᠤᠰ ᠪᠤᠶᠤ ᠮᠤᠵᠢ᠎ᠶ᠋ᠢᠨ ᠱᠠᠲᠤᠨ᠎ᠤ ᠨᠡᠭᠡᠭᠡᠯᠲᠡ᠎ᠶ᠋ᠢᠨ ᠣᠷᠣᠨ ᠵᠢᠴᠢ ᠬᠦᠷᠢᠶᠡᠯᠡᠩ ᠲᠣᠭᠤᠷᠢᠭ᠎ᠲᠤ ᠪᠠᠢᠪᠠᠯ᠂ ᠨᠡᠭᠡᠭᠡᠨ ᠬᠥᠭ᠌ᠵᠢᠭᠦᠯᠬᠦ᠌ ᠬᠠᠮᠢᠶᠠᠷᠤᠯᠲᠠ᠎ᠶ᠋ᠢᠨ ᠪᠠᠢᠭᠤᠯᠤᠮᠵᠢ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ᠎ᠶ᠋ᠢᠨ ᠠᠷᠭ᠎ᠠ》 ( ᠥᠪᠥᠷ ᠵᠠᠰᠠᠭ ᠠᠯᠪᠠᠨ ᠲᠠᠷᠬᠠᠭᠠᠭ᠍ᠰᠠᠨ [2023] 72 ᠳ᠋ᠤᠭᠠᠷ ᠲᠣᠭᠠᠲᠤ ) ᠵᠡᠷᠭᠡ ᠬᠤᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠨᠡᠭᠡᠭᠡᠨ ᠬᠥᠭ᠌ᠵᠢᠭᠦᠯᠬᠦ᠌ ᠣᠷᠣᠨ᠎ᠤ ᠳᠥᠷᠪᠡᠨ ᠵᠠᠬ᠎ᠠ᠎ᠶ᠋ᠢᠨ ᠬᠡᠪᠴᠢᠶᠡᠨ᠎ᠳᠤ ᠲᠣᠬᠢᠷᠠᠭᠤᠯᠤᠯᠲᠠ ᠬᠢᠬᠦ᠌ ᠠᠵᠢᠯ᠎ᠢ ᠤᠷᠢᠳᠠᠪᠠᠷ ᠪᠡᠶᠡᠯᠡᠭᠦᠯᠦᠨ᠎ᠡ᠃

  ᠬᠤᠶᠠᠷ᠂ ᠬᠤᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠱᠤᠭᠤᠮ᠎ᠲᠠᠢ ᠳᠠᠪᠬᠤᠴᠠᠭ᠍ᠰᠠᠨ ᠠᠭᠤᠷᠬᠠᠢ᠎ᠶ᠋ᠢᠨ ᠡᠷᠬᠡ᠎ᠶ᠋ᠢ ᠱᠢᠢᠳᠪᠦᠷᠢᠯᠡᠬᠦ᠌ ᠴᠤᠪᠤᠷᠠᠯ

  (ᠨᠢᠭᠡ) ᠠᠭᠤᠷᠬᠠᠢ ᠡᠷᠢᠬᠦ ᠡᠷᠬᠡ

  ᠠᠭᠤᠷᠬᠠᠶ ᠡᠷᠢᠬᠦ ᠡᠷᠬᠡ ( ᠨᠢᠭᠡᠨᠲᠡ ᠪᠠᠢᠭᠤᠯᠤᠭ᠍ᠰᠠᠨ ᠪᠠ ᠱᠢᠨ᠎ᠡ᠎ᠪᠡᠷ ᠪᠠᠢᠭᠤᠯᠤᠭ᠍ᠰᠠᠨ ᠪᠠᠭ᠍ᠲᠠᠨ᠎ᠠ) ᠬᠢᠭᠡᠳ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠳᠠᠪᠬᠤᠴᠠᠭ᠍ᠰᠠᠨ ᠪᠣᠯ ᠂ ᠠᠭᠤᠷᠬᠠᠢ ᠡᠷᠢᠬᠦ ᠡᠷᠬᠡᠲᠦ ᠬᠥᠮᠥᠨ ᠨᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠯᠤᠭ᠎ᠠ ᠬᠠᠷᠢᠯᠴᠠᠨ ᠥᠯᠥ ᠨᠥᠯᠥᠭᠡᠯᠡᠬᠦ ᠵᠥᠪᠯᠡᠯᠴᠡᠭᠡᠷ ᠲᠣᠭᠲᠠᠬᠤ ᠬᠡᠷᠡᠭᠲᠡᠢ᠃

  (ᠬᠤᠶᠠᠷ) ᠭᠠᠵᠠᠷ᠎ᠤᠨ ᠢᠯᠴᠢ᠂ ᠷᠠᠱᠢᠶᠠᠨ ᠤᠰᠤ᠂ ᠨᠡᠭᠦᠷᠡᠰᠤᠨ ᠲᠠᠪᠬᠤᠷᠭ᠎ᠠ᠎ᠶ᠋ᠢᠨ ᠬᠡᠢ ᠵᠡᠷᠭᠡ ᠤᠰᠤ ᠬᠡᠢ᠎ᠶ᠋ᠢᠨ ᠠᠭᠤᠷᠬᠠᠢ ᠮᠠᠯᠲᠠᠬᠤ ᠡᠷᠬᠡ

  ᠭᠠᠵᠠᠷ᠎ᠤᠨ ᠢᠯᠴᠢ ᠂ ᠷᠠᠱᠢᠶᠠᠨ ᠤᠰᠤ ᠂ ᠨᠡᠭᠦᠷᠡᠰᠦᠨ ᠳᠠᠪᠬᠤᠷᠭ᠎ᠠ᠎ᠶ᠋ᠢᠨ ᠬᠡᠢ ᠵᠡᠷᠭᠡ ᠤᠰᠤ ᠬᠡᠢ᠎ᠶ᠋ᠢᠨ ᠠᠭᠤᠷᠬᠠᠶ ᠮᠠᠯᠲᠠᠬᠤ ᠡᠷᠬᠡ ( ᠨᠢᠭᠡᠨᠲᠡ ᠪᠠᠢᠭᠤᠯᠤᠭ᠍ᠰᠠᠨ ᠪᠠ ᠱᠢᠨ᠎ᠡ᠎ᠪᠡᠷ ᠪᠠᠢᠭᠤᠯᠤᠭ᠍ᠰᠠᠨ ᠪᠠᠭ᠍ᠲᠠᠨ᠎ᠠ ) ᠎ᠶ᠋ᠢᠨ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠎ᠢ ᠦᠨᠡᠨᠬᠦ᠌ ᠵᠠᠢᠯᠠᠭᠤᠯᠬᠤ ᠴᠢᠬᠤᠯᠠᠲᠠᠶ ᠪᠠᠢᠪᠠᠯ᠂ ᠠᠭᠤᠷᠬᠠᠶ᠎ᠶ᠋ᠢᠨ ᠡᠷᠬᠡᠲᠦ ᠬᠥᠮᠦᠨ᠎ᠡᠴᠡ ᠭᠤᠶᠤᠴᠢᠯᠠᠯ ᠭᠠᠷᠭᠠᠵᠤ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠯᠤᠭ᠎ᠠ ᠬᠠᠷᠢᠯᠴᠠᠨ ᠥᠯᠥ ᠨᠥᠯᠥᠭᠡᠯᠡᠬᠦ ᠵᠥᠪᠯᠡᠯᠴᠡᠭᠡᠷ ᠲᠣᠭᠲᠠᠬᠤ ᠬᠡᠷᠡᠭᠲᠡᠢ ᠃

  (ᠭᠤᠷᠪᠠ) ᠤᠰᠤᠨ᠎ᠤ᠋ ᠠᠭᠤᠷᠬᠠᠢ᠎ᠶᠢᠨ ᠡᠷᠬᠡ᠎ᠡᠴᠡ ᠭᠠᠳᠠᠨᠠᠬᠢ ᠪᠤᠰᠤᠳ ᠠᠭᠤᠷᠬᠠᠢ ᠎ᠶᠢᠨ ᠡᠷᠬᠡ

  ᠬᠣᠱᠢᠭᠤ ᠰᠠᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠢᠭᠤᠯᠤᠨ ᠬᠢᠨᠠᠨ ᠬᠠᠷᠭᠤᠭᠤᠯᠤᠭ᠍ᠰᠠᠨ᠎ᠤ ᠳᠠᠷᠠᠭ᠎ᠠ ᠲᠥᠷᠥᠯ ᠬᠤᠪᠢᠶᠠᠨ ᠱᠢᠢᠳᠪᠦᠷᠢᠯᠡᠬᠦ᠌ ᠬᠡᠷᠡᠭ᠌ᠲᠡᠢ᠃

  (1) ᠳᠠᠪᠬᠤᠷᠳᠠᠭ᠍ᠰᠠᠨ ᠬᠡᠪᠴᠢᠶᠡᠨ ᠳᠣᠲᠣᠷᠠᠬᠢ ᠣᠳᠣᠬᠢ ᠪᠠᠢᠳᠠᠯ᠎ᠢ ᠪᠠᠢᠴᠠᠭᠠᠬᠤ ᠭᠠᠵᠠᠷ᠎ᠤᠨ ᠲᠥᠷᠥᠯ᠎ᠨᠢ ᠬᠤᠲᠠ ᠪᠠᠯᠭᠠᠰᠤ᠎ᠶ᠋ᠢᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠪᠤᠶᠤ ᠠᠢᠯ ᠲᠣᠰᠭᠤᠨ᠎ᠤ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠪᠣᠯ ᠪᠣᠳᠠᠲᠠᠶ᠎ᠪᠠᠷ ᠠᠭᠤᠷᠬᠠᠶ᠎ᠶ᠋ᠢᠨ ᠳᠡᠭᠡᠷᠡᠬᠢ ᠠᠵᠤ ᠦᠢᠯᠡᠳᠪᠦᠷᠢ᠎ᠶ᠋ᠢᠨ ᠲᠠᠯᠠᠪᠠᠶ ᠵᠢᠴᠢ ᠢᠵᠢ ᠪᠥᠷᠢᠳᠦᠭᠦᠯᠬᠦ᠌ ᠦᠢᠯᠡᠳᠪᠦᠷᠢᠯᠡᠯ᠎ᠤᠨ ᠪᠡᠯᠡᠳᠭᠡᠮᠵᠢ ᠪᠠᠢᠵᠤ᠂ ᠬᠤᠱᠢᠭᠤ ᠱᠢᠶᠠᠨ᠎ᠤ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠵᠤ ᠨᠤᠲᠠᠯᠠᠭ᠍ᠰᠠᠨ ᠪᠢᠴᠢᠭ ᠮᠠᠲ᠋ᠧᠷᠢᠶᠠᠯ ᠬᠠᠩᠭᠠᠨ᠎ᠠ᠃

  (2) ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠲᠤ ᠲᠦᠱᠢᠭ᠌ᠯᠡᠨ᠂ ᠠᠭᠤᠷᠬᠠᠶ ᠮᠠᠯᠲᠠᠬᠤ ᠡᠷᠬᠡ᠎ᠶ᠋ᠢᠨ ᠬᠡᠪᠴᠢᠶᠡᠨ ᠳᠣᠲᠣᠷ᠎ᠠ ᠠᠭᠤᠷᠬᠠᠶ᠎ᠶ᠋ᠢᠨ ᠭᠠᠷᠤᠯᠲᠠ᠎ᠶ᠋ᠢ ᠭᠦᠨᠵᠡᠭᠡᠶ ᠡᠳ᠋ᠱᠢᠭᠦᠯᠬᠦ᠂ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠬᠤ ᠵᠡᠷᠭᠡ ᠠᠵᠤ ᠦᠢᠯᠡᠳᠪᠦᠷᠢ᠎ᠶ᠋ᠢᠨ ᠲᠥᠷᠥᠯ ᠵᠦᠢᠯ᠎ᠢ ᠬᠡᠷᠡᠭ᠌ᠵᠢᠭᠦᠯᠵᠦ᠍᠂ ᠠᠭᠤᠷᠬᠠᠶ ᠮᠠᠯᠲᠠᠬᠤ ᠡᠷᠬᠡ᠎ᠶ᠋ᠢᠨ ᠬᠡᠪᠴᠢᠶᠡᠨ ᠳᠣᠲᠣᠷᠠᠬᠢ ᠬᠦᠴᠦᠨ ᠪᠦᠬᠦᠢ ᠭᠡᠷᠡᠴᠢ ᠪᠠ ᠬᠠᠮᠢᠶ᠎ᠠ ᠪᠦᠬᠦᠢ ᠠᠵᠤ ᠦᠢᠯᠡᠳᠪᠦᠷᠢ᠎ᠶ᠋ᠢᠨ ᠲᠥᠷᠥᠯ ᠵᠦᠢᠯ᠎ᠤᠨ ᠭᠡᠷᠡᠴᠢ ᠭᠠᠷᠭᠠᠬᠤ ᠮᠠᠲ᠋ᠧᠷᠢᠶᠠᠯ᠎ᠢ ᠬᠠᠩᠭᠠᠨ᠎ᠠ᠃

  (3) ᠪᠤᠰᠤᠳ ᠵᠠᠢᠯᠠᠭᠤᠯᠬᠤ᠎ᠶ᠋ᠢᠨ ᠠᠷᠭ᠎ᠠ ᠦᠭᠡᠶ ᠪᠠᠢᠳᠠᠯ᠂ ᠬᠣᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠦᠢᠴᠡᠳ ᠨᠤᠲᠠᠯᠠᠭ᠍ᠰᠠᠨ ᠪᠠᠢᠳᠠᠯ ᠳᠣᠤᠷ᠎ᠠ ᠂ ᠠᠭᠤᠷᠬᠠᠶ᠎ᠶ᠋ᠢᠨ ᠦᠢᠯᠡᠰ᠎ᠦᠨ ᠡᠷᠬᠡ᠎ᠶ᠋ᠢ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ᠎ᠡᠴᠡ ᠳᠠᠪᠬᠤᠴᠠᠭ᠍ᠰᠠᠨ ᠣᠷᠣᠨ᠎ᠤ ᠭᠡᠷᠡᠴᠢ ᠭᠠᠷᠭᠠᠬᠤ᠎ᠶ᠋ᠢ ᠴᠠᠭᠠᠵᠠᠯᠠᠬᠤ ᠣᠷᠣᠨ᠎ᠳᠤ  ᠭᠡᠷᠡᠴᠢ ᠭᠠᠷᠭ᠋ᠠᠬᠤ ᠮᠠᠲ᠋ᠧᠷᠢᠶᠠᠯ ᠬᠠᠩᠭ᠋ᠠᠨ᠎ᠠ ᠃

  (ᠲᠦᠷᠪᠡ) ᠠᠭᠤᠷᠬᠠᠢ ᠮᠠᠯᠲᠠᠬᠤ ᠡᠷᠬᠡ ᠬᠢᠭᠡᠳ ᠬᠣᠲᠠ ᠪᠠᠯᠭᠠᠰᠤ᠎ᠶᠢᠨ ᠨᠡᠭᠡᠭᠡᠯᠲᠡ᠎ᠶᠢᠨ ᠵᠠᠭᠠᠭ ᠳᠠᠪᠬᠤᠷᠳᠠᠭᠰᠠᠨ᠎ᠢ ᠰᠢᠢᠳᠪᠦᠷᠢᠯᠡᠬᠦ ᠬᠠᠮᠢᠶᠠᠷᠤᠯᠲᠠ᠎ᠶᠢᠨ ᠱᠠᠭᠠᠷᠳᠠᠯᠭ᠎ᠠ 

  ᠠᠭᠤᠷᠬᠠᠶ ᠮᠠᠯᠲᠠᠬᠤ ᠡᠷᠬᠡᠲᠦ ᠬᠥᠮᠦᠨ ᠨᠢ ᠬᠣᠱᠢᠭᠤ ᠱᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠳᠤ ᠪᠢᠴᠢᠭ᠌ᠯᠡᠭ᠌ᠰᠡᠨ ᠭᠤᠶᠤᠴᠢᠯᠠᠯ᠎ᠢᠶᠠᠨ ᠲᠤᠱᠢᠶᠠᠬᠤ᠎ᠶ᠋ᠢᠨ ᠬᠠᠮᠲᠤ ᠂ 《 ᠪᠠᠷᠢᠯᠭ᠎ᠠ ᠂ ᠤᠰᠤᠨ ᠴᠣᠭ᠍ᠴᠠ ᠂ ᠲᠡᠮᠦᠷ ᠵᠠᠮ ᠵᠢᠴᠢ ᠭᠣᠤᠯ ᠬᠤᠳᠳᠤᠭ ᠭᠤᠳᠤᠮᠵᠢ᠎ᠶ᠋ᠢᠨ ᠨᠡᠭᠦᠷᠡᠰᠦᠨ ᠲᠤᠯᠭᠠᠭᠤᠷᠢ᠎ᠶ᠋ᠢ ᠦᠯᠡᠳᠡᠭᠡᠨ ᠪᠠᠢᠷᠢᠯᠠᠭᠤᠯᠬᠤ ᠬᠢᠭᠡᠳ ᠨᠡᠭᠦᠷᠡᠰᠦ ᠳᠠᠷᠤᠵᠤ ᠨᠡᠬᠡᠬᠡᠨ ᠮᠠᠯᠲᠠᠬᠤ ᠵᠢᠷᠤᠮᠵᠢᠯ》 ᠵᠡᠷᠭᠡ ᠬᠠᠮᠢᠶ᠎ᠠ ᠪᠦᠬᠦᠢ ᠪᠠᠷᠢᠮᠵᠢᠶ᠎ᠠ᠎ᠪᠠᠷ ᠯᠠᠪᠯᠠᠯᠲᠠ ᠪᠣᠯᠭᠠᠨ ᠠᠭᠤᠷᠬᠠᠶ ᠮᠠᠯᠲᠠᠬᠤ ᠡᠷᠬᠡ᠎ᠶ᠋ᠢ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ᠎ᠤᠨ ᠳᠠᠪᠬᠤᠴᠠᠭ᠍ᠰᠠᠨ ᠨᠥᠯᠥᠭᠡ᠎ᠳᠦ ᠨᠤᠲᠠᠯᠠᠯᠲᠠ᠎ᠶ᠋ᠢᠨ ᠮᠡᠳᠡᠭᠦᠯᠦᠯᠲᠡ᠎ᠶ᠋ᠢ ᠨᠠᠢᠷᠠᠭᠤᠯᠤᠨ ᠵᠣᠬᠢᠶᠠᠵᠤ ᠂ ᠠᠭᠤᠷᠬᠠᠶ ᠮᠠᠯᠲᠠᠬᠤ ᠡᠷᠬᠡ᠎ᠶ᠋ᠢ ᠨᠢ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ᠎ᠲᠤ ᠦᠨᠡᠨᠬᠦ᠌ ᠦᠯᠡᠳᠡᠭᠡᠬᠦ᠌ ᠬᠡᠷᠡᠭ᠌ᠲᠡᠶ ᠂ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ᠎ᠲᠤ ᠦᠨᠡᠨᠬᠦ᠌ ᠵᠠᠢᠯᠠᠭᠤᠯᠵᠤ ᠳᠡᠢᠯᠬᠦ᠌ ᠦᠭᠡᠶ ᠪᠠᠢᠪᠠᠯ ᠭᠦᠢᠴᠡᠳ ᠨᠤᠲᠠᠯᠠᠬᠤ᠎ᠶ᠋ᠢᠨ ᠬᠠᠮᠲᠤ ᠂ ᠮᠠᠯᠲᠠᠬᠤ᠎ᠶ᠋ᠢ ᠴᠠᠭᠠᠵᠠᠯᠠᠬᠤ ᠣᠷᠣᠨ ᠪᠠᠢᠭᠤᠯᠬᠤ ᠂ ᠨᠡᠭᠦᠷᠡᠰᠦᠨ ᠪᠠᠭᠠᠨ᠎ᠠ ( ᠬᠠᠳᠠᠨ ᠲᠤᠯᠭᠠᠭᠤᠷᠢ) ᠪᠠᠢᠭᠤᠯᠵᠤ ᠂ ᠭᠠᠵᠠᠷ᠎ᠤᠨ ᠭᠠᠳᠠᠷᠭᠤ᠎ᠳᠤ ᠰᠠᠭᠤᠭᠳᠠᠯ᠎ᠢ ᠠᠵᠢᠭ᠍ᠯᠠᠬᠤ ᠵᠡᠷᠭᠡ ᠠᠶᠤᠯ ᠦᠭᠡᠶ᠎ᠶ᠋ᠢᠨ ᠬᠠᠮᠠᠭᠠᠯᠠᠯᠲᠠ᠎ᠶ᠋ᠢᠨ ᠠᠷᠭ᠎ᠠ ᠬᠡᠮᠵᠢᠶ᠎ᠡ᠎ᠶ᠋ᠢ ᠲᠣᠳᠣᠷᠬᠠᠶ ᠲᠣᠭ᠍ᠲᠠᠭᠠᠵᠤ ᠂ ᠠᠶᠤᠯ ᠦᠭᠡᠶ ᠦᠢᠯᠡᠳᠪᠦᠷᠢᠯᠡᠯ᠎ᠦᠨ ᠬᠠᠮᠢᠶ᠎ᠠ ᠪᠦᠬᠦᠢ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠬᠤ᠎ᠶ᠋ᠢᠨ ᠬᠠᠮᠲᠤ ᠱᠢᠭᠤᠳ ᠬᠢᠨᠠᠨ ᠬᠠᠮᠢᠶᠠᠷᠬᠤ᠎ᠶ᠋ᠢ ᠬᠡᠷᠡᠭ᠌ᠵᠢᠭᠦᠯᠬᠦ᠌ ᠬᠡᠷᠡᠭ᠌ᠲᠡᠶ ᠃

  ᠬᠣᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠳᠠᠯᠢ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ ᠂ ᠪᠠᠴᠢᠮ ᠪᠠᠢᠳᠠᠯ ᠎ᠢ  ᠠᠷᠭ᠋ᠠᠴᠠᠭ᠋ᠠᠬᠤ ᠬᠠᠮᠢᠶᠠᠷᠤᠯᠲᠠ᠂ ᠠᠶᠤᠯ ᠦᠭᠡᠶ ᠦᠢᠯᠡᠳᠪᠦᠷᠢᠯᠡᠯ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠶ᠋ᠢ ᠵᠣᠬᠢᠶᠠᠨ ᠪᠠᠢᠭᠤᠯᠤᠨ᠂ ᠬᠣᠯᠪᠣᠭ᠍ᠳᠠᠯ ᠪᠦᠬᠦᠢ ᠠᠵᠢᠯ ᠲᠥᠷᠥᠯ᠎ᠦᠨ ᠲᠤᠰᠭᠠᠶ ᠮᠡᠷᠭᠡᠵᠢᠯᠲᠡᠨ ᠳᠠᠪᠬᠤᠴᠠᠭ᠍ᠰᠠᠨ ᠨᠥᠯᠥᠭᠡ᠎ᠳᠦ ᠭᠦᠢᠴᠡᠳ ᠨᠤᠲᠠᠯᠠᠯᠲᠠ ᠬᠢᠬᠦ᠌ ᠬᠡᠷᠡᠭ᠌ᠲᠡᠶ ᠃ ᠨᠤᠲᠠᠯᠠᠭ᠍ᠰᠠᠨ ᠳ᠋ᠦᠩᠨᠡᠯᠲᠡ᠎ᠨᠢ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠢᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠬᠠᠮᠲᠤ ᠠᠩᠬ᠎ᠠ ᠠᠯᠬᠤᠮ᠎ᠤᠨ ᠬᠢᠨᠠᠨ ᠬᠠᠷᠭᠤᠭᠤᠯᠤᠭ᠍ᠰᠠᠨ ᠰᠠᠨᠠᠯ ᠭᠠᠷᠭᠠᠪᠡ ; ᠠᠭᠤᠷᠬᠠᠶ᠎ᠶ᠋ᠢᠨ ᠦᠢᠯᠡᠰ᠎ᠤᠨ ᠡᠷᠬᠡᠲᠦ ᠬᠥᠮᠦᠨ᠎ᠤ ᠠᠮᠤᠷ ᠲᠦᠪᠱᠢᠨ᠎ᠢ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠳᠤ ᠬᠢᠨᠠᠯᠲᠠ ᠲᠠᠯᠪᠢᠵᠤ᠂ ᠬᠤᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢᠨ ᠠᠮᠤᠷ ᠲᠦᠪᠱᠢᠨ᠎ᠢ ᠪᠠᠲᠤᠯᠠᠵᠤ᠂ ᠳᠠᠪᠬᠤᠴᠠᠭ᠍ᠰᠠᠨ ᠣᠷᠣᠨ ᠪᠦᠰᠡ᠎ᠶ᠋ᠢᠨ ᠭᠠᠵᠠᠷ᠎ᠤᠨ ᠭᠠᠳᠠᠷᠭᠤ ᠰᠠᠭᠤᠭ᠍ᠳᠠᠬᠤ᠎ᠶ᠋ᠢ ᠬᠢᠨᠠᠨ ᠬᠡᠮᠵᠢᠬᠦ᠌ ᠬᠠᠮᠢᠶᠠᠷᠤᠯᠲᠠ᠎ᠶ᠋ᠢ ᠰᠠᠢᠲᠤᠷ ᠬᠢᠬᠦ᠌ ᠬᠡᠷᠡᠭ᠌ᠲᠡᠶ᠃

  

  ᠬᠣᠲᠠ ᠪᠠᠯᠭᠠᠰᠤᠨ᠎ᠤ ᠨᠡᠭᠡᠭᠡᠨ ᠬᠥᠭᠵᠢᠭᠦᠯᠬᠦ ᠵᠠᠭᠠᠭ᠎ᠲᠠᠢ ᠳᠠᠪᠬᠤᠴᠠᠭᠰᠠᠨ ᠠᠭᠤᠷᠬᠠᠢ᠎ᠶᠢᠨ ᠦᠢᠯᠡᠰ᠎ᠦᠨ ᠡᠷᠬᠡ 

  ᠠᠭᠤᠷᠬᠠᠢ ᠡᠷᠢᠬᠦ ᠡᠷᠬᠡ ( ᠨᠢᠭᠡᠨᠲᠡ ᠪᠠᠢᠭᠤᠯᠤᠭ᠍ᠰᠠᠨ ᠪᠠ ᠱᠢᠨ᠎ᠡ᠎ᠪᠠᠷ ᠪᠠᠢᠭᠤᠯᠤᠭ᠍ᠰᠠᠨ᠎ᠢ ᠪᠠᠭ᠍ᠲᠠᠭᠠᠨ᠎ᠠ )

  ᠬᠤᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠭᠤᠷᠬᠠᠢ᠎ᠶ᠋ᠢᠨ ᠦᠢᠯᠡᠰ᠎ᠤᠨ ᠡᠷᠬᠡᠲᠦ ᠬᠥᠮᠦᠨ᠎ᠲᠠᠢ ᠬᠠᠷᠢᠯᠴᠠᠨ ᠨᠥᠯᠥᠭᠡᠯᠡᠬᠦ᠌ ᠦᠭᠡᠶ ᠬᠡᠯᠡᠯᠴᠡᠭᠡᠷ ᠲᠣᠭ᠍ᠲᠠᠵᠤ ᠬᠤᠶᠠᠷ ᠲᠠᠯ᠎ᠠ᠎ᠶ᠋ᠢᠨ ᠡᠷᠬᠡ ᠡᠭᠦᠷᠭᠡ᠎ᠶ᠋ᠢ ᠲᠣᠳᠣᠷᠬᠠᠢᠯᠠᠬᠤ᠎ᠶ᠋ᠢᠨ ᠬᠠᠮᠲᠤ ᠪᠣᠳᠠᠲᠠᠶ ᠠᠷᠭ᠎ᠠ ᠬᠡᠮᠵᠢᠶ᠎ᠡ ᠠᠪᠴᠤ᠌ ᠪᠠᠢᠭᠠᠳ ᠬᠤᠲᠠ ᠪᠠᠯᠭᠠᠰᠤ᠎ᠶ᠋ᠢᠨ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠶ

  

  ᠤᠰᠤ ᠬᠡᠢ ᠎ᠶᠢᠨ ᠠᠭᠤᠷᠬᠠᠢ ᠎ᠶᠢᠨ ᠡᠷᠬᠡ ᠡᠴᠡ ᠭᠠᠳᠠᠨᠠᠬᠢ ᠪᠤᠰᠤᠳ ᠠᠭᠤᠷᠬᠠᠢ ᠎ᠶᠢᠨ ᠡᠷᠬᠡ

  ᠠᠭᠤᠷᠬᠠᠶ᠎ᠶ᠋ᠢᠨ ᠦᠢᠯᠡᠰ᠎ᠤᠨ ᠡᠷᠬᠡᠲᠦ ᠬᠥᠮᠦᠨ᠎ᠨᠢ ᠪᠢᠴᠢᠭ᠎ᠢᠶᠠᠷ ᠭᠤᠶᠤᠴᠢᠯᠠᠯ ᠭᠠᠷᠭᠠᠵᠤ᠂ ᠠᠭᠤᠷᠬᠠᠶ᠎ᠶ᠋ᠢᠨ ᠦᠢᠯᠡᠰ᠎ᠤᠨ ᠡᠷᠬᠡ ᠬᠢᠭᠡᠳ ᠬᠤᠲᠠ ᠪᠠᠯᠭᠠᠰᠤᠨ᠎ᠤ ᠨᠡᠭᠡᠭᠡᠨ ᠬᠥᠭ᠌ᠵᠢᠭᠦᠯᠬᠦ᠌ ᠵᠠᠭᠠᠭ᠎ᠤᠨ ᠳᠠᠪᠬᠤᠴᠠᠭᠰᠠᠨ ᠪᠠᠢᠳᠠᠯ᠎ᠢ ᠲᠣᠳᠣᠷᠬᠠᠢᠯᠠᠬᠤ᠎ᠶ᠋ᠢᠨ ᠬᠠᠮᠲᠤ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠬᠤᠲᠠ ᠪᠠᠯᠭᠠᠰᠤᠨ᠎ᠤ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠤᠨ ᠳᠠᠪᠬᠤᠴᠠᠭ᠍ᠰᠠᠨ ᠨᠥᠯᠥᠭᠡ᠎ᠶ᠋ᠢ ᠨᠤᠲᠠᠯᠠᠭ᠍ᠰᠠᠨ ᠮᠡᠳᠡᠭᠦᠯᠦᠯᠲᠡ᠎ᠶ᠋ᠢ ᠨᠠᠢᠷᠠᠭᠤᠯᠤᠨ ᠵᠣᠬᠢᠶᠠᠨ᠎ᠠ

  ᠬᠤᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠳᠠᠯᠢ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠂ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ᠎ᠶ᠋ᠢ ᠵᠣᠬᠢᠶᠠᠨ ᠪᠠᠢᠭᠤᠯᠵᠤ᠂ ᠠᠵᠢᠯ ᠲᠦᠷᠦᠯ᠎ᠤᠨ ᠲᠤᠰᠭᠠᠢ ᠮᠡᠷᠭᠡᠵᠢᠯᠲᠡᠨ᠎ᠢ ᠤᠷᠢᠵᠤ ᠳᠠᠪᠬᠤᠴᠠᠭ᠍ᠰᠠᠨ ᠨᠥᠯᠥᠭᠡ᠎ᠶ᠋ᠢ ᠭᠦᠢᠴᠡᠳ ᠨᠤᠲᠠᠯᠠᠭᠤᠯᠬᠤ᠎ᠶ᠋ᠢᠨ ᠬᠠᠮᠲᠤ᠌᠂ ᠠᠩᠬ᠎ᠠ ᠠᠯᠬᠤᠮ ᠬᠢᠨᠠᠨ ᠬᠠᠷᠭᠤᠭᠤᠯᠵᠤ ᠮᠠᠭᠠᠳᠯᠠᠨ ᠲᠣᠭ᠍ᠲᠠᠭᠠᠭ᠍ᠰᠠᠨ ᠰᠠᠨᠠᠯ ᠭᠠᠷᠭᠠᠵᠤ ᠥᠭ᠌ᠭᠦᠨ᠎ᠡ

  ᠠᠢᠮᠠᠭ᠎ᠤᠨ ᠵᠠᠬᠢᠷᠭ᠎ᠠ ᠂ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠱᠢᠶᠡᠷᠡᠭᠦᠯᠬᠦ᠌ ᠬᠡᠷᠡᠭ᠌ᠲᠡᠶ

  ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠷᠢᠯᠴᠠᠨ ᠥᠯᠥ ᠨᠥᠯᠥᠭᠡᠯᠡᠬᠦ ᠬᠡᠯᠡᠯᠴᠡᠭᠡᠷ᠎ᠢ ᠵᠥᠪᠰᠢᠶᠡᠷᠡᠵᠦ ᠭᠠᠷ᠎ᠤᠨ ᠥᠰᠥᠭ  ᠵᠢᠷᠤᠨ᠎ᠠ 

  ᠭᠠᠵᠠᠷ᠎ᠤᠨ ᠢᠯᠴᠢ᠂ ᠷᠠᠰᠢᠶᠠᠨ ᠤᠰᠤ᠂ ᠨᠡᠭᠦᠷᠡᠰᠦᠨ ᠳᠠᠪᠬᠤᠷᠭ᠎ᠠ᠎ᠶ᠋ᠢᠨ ᠬᠡᠢ ᠵᠡᠷᠭᠡ ᠤᠰᠤᠨ᠎ᠤ ᠠᠭᠤᠷᠬᠠᠢ ᠮᠠᠯᠲᠠᠬᠤ ᠡᠷᠬᠡ ( ᠨᠢᠭᠡᠨᠲᠡ ᠪᠠᠢᠭᠤᠯᠤᠭ᠍ᠰᠠᠨ ᠪᠠ ᠱᠢᠨ᠎ᠡ᠎ᠪᠠᠷ ᠪᠠᠢᠭᠤᠯᠤᠭ᠍ᠰᠠᠨ᠎ᠢ ᠪᠠᠭ᠍ᠲᠠᠭᠠᠨ᠎ᠠ )

  ᠠᠭᠤᠷᠬᠠᠶ᠎ᠶ᠋ᠢᠨ ᠡᠷᠬᠡᠲᠦ ᠬᠥᠮᠦᠨ᠎ᠨᠢ ᠪᠢᠴᠢᠭ᠎ᠢᠶᠠᠷ ᠭᠤᠶᠤᠴᠢᠯᠠᠯ ᠳᠤᠷᠠᠳᠭᠤ᠎ᠶ᠋ᠢᠨ ᠬᠠᠮᠲᠤ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠬᠤᠲᠠ ᠪᠠᠯᠭᠠᠰᠤ᠎ᠶ᠋ᠢ ᠨᠡᠭᠡᠭᠡᠨ ᠬᠥᠭ᠌ᠵᠢᠭᠦᠯᠬᠦ᠌ ᠵᠠᠭᠠᠭ᠎ᠤᠨ ᠳᠠᠪᠬᠤᠴᠠᠭ᠍ᠰᠠᠨ ᠨᠥᠯᠥᠭᠡ᠎ᠶ᠋ᠢ ᠨᠤᠲᠠᠯᠠᠬᠤ ᠮᠡᠳᠡᠭᠦᠯᠦᠯᠲᠡ᠎ᠶ᠋ᠢ ᠨᠠᠢᠷᠠᠭᠤᠯᠤᠨ ᠵᠣᠬᠢᠶᠠᠨ᠎ᠠ

  ᠬᠤᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠳᠠᠯᠢ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠂ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ᠎ᠶ᠋ᠢ ᠵᠣᠬᠢᠶᠠᠨ ᠪᠠᠢᠭᠤᠯᠵᠤ᠂ ᠠᠵᠢᠯ ᠲᠦᠷᠦᠯ᠎ᠤᠨ ᠲᠤᠰᠭᠠᠢ ᠮᠡᠷᠭᠡᠵᠢᠯᠲᠡᠨ᠎ᠢ ᠤᠷᠢᠵᠤ ᠳᠠᠪᠬᠤᠴᠠᠭ᠍ᠰᠠᠨ ᠨᠥᠯᠥᠭᠡ᠎ᠶ᠋ᠢ ᠭᠦᠢᠴᠡᠳ ᠨᠤᠲᠠᠯᠠᠭᠤᠯᠬᠤ᠎ᠶ᠋ᠢᠨ ᠬᠠᠮᠲᠤ᠌᠂ ᠠᠩᠬ᠎ᠠ ᠠᠯᠬᠤᠮ ᠬᠢᠨᠠᠨ ᠬᠠᠷᠭᠤᠭᠤᠯᠵᠤ ᠮᠠᠭᠠᠳᠯᠠᠨ ᠲᠣᠭ᠍ᠲᠠᠭᠠᠭ᠍ᠰᠠᠨ ᠰᠠᠨᠠᠯ ᠭᠠᠷᠭᠠᠵᠤ ᠥᠭ᠌ᠭᠦᠨ᠎ᠡ

  ᠠᠢᠮᠠᠭ᠎ᠤᠨ ᠵᠠᠬᠢᠷᠭ᠎ᠠ ᠂ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠱᠢᠶᠡᠷᠡᠭᠦᠯᠬᠦ᠌ ᠬᠡᠷᠡᠭ᠌ᠲᠡᠶ

  ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠷᠢᠯᠴᠠᠨ ᠥᠯᠥ ᠨᠥᠯᠥᠭᠡᠯᠡᠬᠦ ᠬᠡᠯᠡᠯᠴᠡᠭᠡᠷ᠎ᠢ ᠵᠥᠪᠰᠢᠶᠡᠷᠡᠵᠦ ᠭᠠᠷ᠎ᠤᠨ ᠥᠰᠥᠭ  ᠵᠢᠷᠤᠨ᠎ᠠ

  ᠭᠤᠷᠪᠠ᠂ ᠬᠤᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠢ ᠱᠢᠯᠢᠳᠡᠭ᠌ᠵᠢᠭᠦᠯᠬᠦ᠌᠎ᠳᠤ ᠬᠤᠯᠪᠣᠭ᠍ᠳᠠᠭ᠍ᠰᠠᠨ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢ ᠲᠣᠬᠢᠷᠠᠭᠤᠯᠤᠨ ᠣᠷᠣᠭᠤᠯᠬᠤ ᠴᠤᠪᠤᠷᠠᠯ

  (ᠨᠢᠭᠡ) ᠠᠭᠤᠷᠬᠠᠶ᠎ᠶ᠋ᠢᠨ ᠡᠷᠬᠡ᠎ᠶ᠋ᠢ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ᠎ᠲᠤ ᠱᠢᠯᠵᠢᠭᠦᠯᠦᠨ ᠤᠷᠤᠭᠤᠯᠤᠨ᠎ᠠ

  ᠬᠣᠲᠠ ᠪᠠᠯᠭᠠᠰᠤ᠎ᠶ᠋ᠢᠨ ᠵᠠᠭᠠᠭ᠎ᠤᠨ ᠱᠢᠯᠵᠢᠭᠦᠯᠦᠨ ᠣᠷᠣᠭᠤᠯᠬᠤ ᠣᠷᠣᠨ ᠨᠢ ᠨᠢᠭᠡᠨᠲᠡ ᠪᠠᠢᠭᠤᠯᠤᠭ᠍ᠰᠠᠨ ᠠᠭᠤᠷᠬᠠᠶ᠎ᠶ᠋ᠢᠨ ᠦᠢᠯᠡᠰ᠎ᠦᠨ ᠡᠷᠬᠡ᠎ᠯᠦᠭᠡ ᠬᠣᠯᠪᠣᠭ᠍ᠳᠠᠪᠠᠯ᠂ ᠤᠤᠯ᠎ᠤᠨ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠢ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠢ ᠬᠡᠰᠡᠭ ᠲᠠᠯ᠎ᠠ᠎ᠪᠠᠷ ᠱᠢᠯᠢᠳᠡᠭ᠌ᠵᠢᠭᠦᠯᠬᠦ᠌ ᠲᠥᠰᠦᠯ᠎ᠦᠨ ᠲᠤᠬᠠᠶ ᠠᠭᠤᠷᠬᠠᠶ᠎ᠶ᠋ᠢᠨ ᠦᠢᠯᠡᠰ᠎ᠦᠨ ᠡᠷᠬᠡᠲᠦ ᠬᠥᠮᠦᠨ᠎ᠦ ᠰᠠᠨᠠᠯ᠎ᠢ ᠬᠤᠷᠢᠶᠠᠬᠤ ᠬᠡᠷᠡᠭ᠌ᠲᠡᠶ᠃ ᠡᠭᠦᠨ᠎ᠳᠦ ᠂ ᠠᠭᠤᠷᠬᠠᠶ᠎ᠶ᠋ᠢᠨ ᠦᠢᠯᠡᠰ᠎ᠦᠨ ᠡᠷᠬᠡᠲᠦ ᠬᠥᠮᠦᠨ ᠵᠥᠪᠱᠢᠶᠡᠷᠡᠭ᠌ᠰᠡᠨ ᠪᠠᠢᠪᠠᠯ ᠂ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠢ ᠠᠭᠤᠷᠬᠠᠶ᠎ᠶ᠋ᠢᠨ ᠡᠷᠬᠡᠲᠦ ᠬᠥᠮᠦᠨ᠎ᠲᠡᠶ ᠬᠠᠷᠢᠯᠴᠠᠨ ᠵᠥᠪᠳᠡᠯᠴᠡᠬᠡᠷ ᠲᠣᠭ᠍ᠲᠠᠵᠤ ᠪᠣᠯᠬᠤ ᠦᠭᠡᠶ ᠂ ᠵᠠᠢᠯᠠᠭᠤᠯᠵᠤ ᠦᠯᠦ᠍ ᠪᠣᠯᠬᠤ ᠨᠤᠲᠠᠯᠠᠯᠲᠠ ᠬᠢᠬᠦ᠌ ᠂ ᠬᠣᠲᠠ᠎ᠶ᠋ᠢᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠬᠡᠮᠵᠢᠶ᠎ᠡ ᠂ ᠠᠭᠤᠷᠬᠠᠶ᠎ᠶ᠋ᠢᠨ ᠡᠷᠬᠡᠲᠦ ᠬᠥᠮᠦᠨ ᠨᠢ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠎ᠢ ᠱᠢᠯᠢᠳᠡᠭ᠌ᠵᠢᠭᠦᠯᠬᠦ᠌ ᠲᠥᠰᠦᠯ ᠵᠡᠷᠭᠡ ᠬᠠᠮᠢᠶ᠎ᠠ ᠪᠦᠬᠦᠢ ᠭᠡᠷᠡᠴᠢᠯᠡᠬᠦ᠌ ᠮᠠᠲ᠋ᠧᠷᠢᠶᠠᠯ᠎ᠢ ᠪᠠᠭ᠍ᠲᠠᠭᠠᠭ᠍ᠰᠠᠨ ᠪᠠᠢᠬᠤ ᠬᠡᠷᠡᠭ᠌ᠲᠡᠶ ; ᠠᠭᠤᠷᠬᠠᠶ᠎ᠶ᠋ᠢᠨ ᠦᠢᠯᠡᠰ᠎ᠦᠨ ᠡᠷᠬᠡᠲᠦ ᠬᠥᠮᠦᠨ ᠨᠢ ᠵᠥᠪᠱᠢᠶᠡᠷᠡᠬᠦ᠌ ᠦᠭᠡᠶ ᠪᠣᠯ ᠂ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠢ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠎ᠢ ᠰᠢᠯᠢᠳᠡᠭᠵᠢᠭᠦᠯᠬᠦ ᠲᠥᠰᠦᠯ᠎ᠳᠦ ᠴᠠᠭ ᠲᠤᠬᠠᠶ᠎ᠳᠤᠨᠢ ᠵᠠᠰᠠᠪᠤᠷᠢ ᠣᠷᠣᠭᠤᠯᠵᠤ ᠂ ᠠᠭᠤᠷᠬᠠᠶ᠎ᠶ᠋ᠢᠨ ᠦᠢᠯᠡᠰ᠎ᠦᠨ ᠡᠷᠬᠡ᠎ᠶ᠋ᠢᠨ ᠬᠦᠷᠢᠶ᠎ᠡ ᠬᠡᠪᠴᠢᠶ᠎ᠡ᠎ᠡᠴᠡ ᠵᠠᠢᠯᠠᠵᠤ ᠠᠭᠤᠷᠬᠠᠶ᠎ᠶ᠋ᠢᠨ ᠦᠢᠯᠡᠰ᠎ᠦᠨ ᠡᠷᠬᠡᠲᠦ ᠬᠥᠮᠦᠨ᠎ᠦ ᠬᠠᠤᠯᠢ ᠶᠣᠰᠣᠨ᠎ᠤ ᠡᠷᠬᠡ ᠠᠱᠢᠭ ᠎ᠢ ᠪᠠᠲᠤᠯᠠᠬᠤ ᠬᠡᠷᠡᠭ᠌ᠲᠡᠶ ᠃

  ᠠᠭᠤᠷᠬᠠᠢ ᠡᠷᠢᠬᠦ ᠡᠷᠬᠡ

  ᠱᠢᠯᠵᠢᠭᠦᠯᠦᠨ ᠣᠷᠣᠭᠤᠯᠬᠤ ᠣᠷᠣᠨ᠎ᠳᠤ ᠠᠭᠤᠷᠬᠠᠶ ᠡᠷᠢᠬᠦ ᠡᠷᠬᠡ᠎ᠯᠦᠭᠡ ᠬᠣᠯᠪᠣᠭ᠍ᠳᠠᠪᠠᠯ᠂ ᠤᠤᠯ᠎ᠤᠨ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠢ ᠠᠭᠤᠷᠬᠠᠶ᠎ᠶ᠋ᠢᠨ ᠦᠢᠯᠡᠰ᠎ᠦᠨ ᠡᠷᠬᠡᠲᠦ ᠬᠥᠮᠦᠨ᠎ᠦ ᠵᠥᠪᠱᠢᠶᠡᠷᠡᠭ᠌ᠰᠡᠨ ᠰᠠᠨᠠᠯ᠂ ᠤᠤᠯ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠭᠤᠷᠬᠠᠢ᠎ᠶᠢᠨ ᠦᠢᠯᠡᠰ᠎ᠦᠨ ᠡᠷᠬᠡᠲᠦ ᠬᠥᠮᠥᠨ᠎ᠦ ᠵᠥᠪᠰᠢᠶᠡᠷᠡᠭᠰᠡᠨ ᠰᠠᠨᠠᠯ᠂ ᠤᠤᠯ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠠᠭᠤᠷᠬᠠᠢ᠎ᠶᠢᠨ ᠦᠢᠯᠡᠰ᠎ᠦᠨ ᠡᠷᠬᠡᠲᠦ ᠬᠥᠮᠥᠨ᠎ᠦ ᠲᠣᠭᠲᠠᠭᠠᠭᠰᠠᠨ ᠬᠠᠷᠢᠯᠴᠠᠨ ᠨᠥᠯᠥᠭᠡᠯᠡᠬᠦ ᠦᠭᠡᠢ ᠬᠡᠯᠡᠯᠴᠡᠭᠡᠷ ᠵᠢᠴᠢ ᠤᠤᠯ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠷᠭᠠᠭᠰᠠᠨ ᠵᠠᠢᠯᠠᠵᠤ ᠪᠣᠯᠣᠰᠢ ᠦᠭᠡᠢ ᠨᠤᠲᠠᠯᠠᠯᠲᠠ᠂ ᠬᠣᠲᠠ᠎ᠶᠢᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ᠎ᠶᠢᠨ ᠲᠣᠳᠣᠷᠬᠠᠢᠯᠠᠯᠲᠠ ᠵᠡᠷᠭᠡ ᠭᠡᠷᠡᠴᠢᠯᠡᠬᠦ ᠮᠠᠲᠧᠷᠢᠶᠠᠯ᠎ᠢ ᠬᠠᠩᠭᠠᠬᠤ ᠬᠡᠷᠡᠭ᠌ᠲᠡᠶ᠃

  ᠭᠠᠵᠠᠷ᠎ᠤᠨ ᠢᠯᠴᠢ᠂ ᠷᠠᠰᠢᠶᠠᠨ ᠤᠰᠤ᠂ ᠨᠡᠭᠦᠷᠡᠰᠤᠨ ᠲᠠᠪᠬᠤᠷᠭ᠎ᠠ᠎ᠶ᠋ᠢᠨ ᠬᠡᠢ ᠵᠡᠷᠭᠡ ᠤᠰᠤ ᠬᠡᠢ᠎ᠶ᠋ᠢᠨ ᠠᠭᠤᠷᠬᠠᠢ᠎ᠶᠢᠨ ᠡᠷᠬᠡ

  ᠱᠢᠯᠵᠢᠭᠦᠯᠦᠨ ᠣᠷᠣᠭᠤᠯᠬᠤ ᠣᠷᠣᠨ᠎ᠳᠤ ᠨᠢᠭᠡᠨᠲᠡ ᠪᠠᠢᠭᠤᠯᠤᠭ᠍ᠰᠠᠨ ᠤᠰᠤ ᠬᠡᠢ ᠠᠭᠤᠷᠬᠠᠶ ᠮᠠᠯᠲᠠᠬᠤ ᠡᠷᠬᠡ᠎ᠳᠤ ᠬᠤᠯᠪᠣᠭ᠍ᠳᠠᠭ᠍ᠰᠠᠨ ᠪᠠᠢᠪᠠᠯ᠂ ᠤᠤᠯ᠎ᠤᠨ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠠᠭᠤᠷᠬᠠᠶ᠎ᠶ᠋ᠢᠨ ᠦᠢᠯᠡᠰ᠎ᠤᠨ ᠡᠷᠬᠡᠲᠦ ᠬᠥᠮᠦᠨ᠎ᠤ ᠵᠥᠪᠱᠢᠶᠡᠷᠡᠭ᠌ᠰᠡᠨ ᠰᠠᠨᠠᠯ᠂ ᠤᠤᠯ᠎ᠤᠨ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠠᠭᠤᠷᠬᠠᠶ᠎ᠶ᠋ᠢᠨ ᠦᠢᠯᠡᠰ᠎ᠤᠨ ᠡᠷᠬᠡᠲᠦ ᠬᠥᠮᠦᠨ᠎ᠯᠦᠭᠡ ᠲᠣᠭ᠍ᠲᠠᠭ᠍ᠰᠠᠨ ᠬᠠᠷᠢᠯᠴᠠᠨ ᠵᠥᠪᠳᠡᠯᠴᠡᠭᠡᠷ᠎ᠢ ᠨᠥᠯᠥᠭᠡᠯᠡᠬᠦ᠌ ᠥᠬᠡᠶ᠂ ᠤᠤᠯ᠎ᠤᠨ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠷᠭᠠᠭ᠍ᠰᠠᠨ ᠵᠠᠢᠯᠠᠭᠤᠯᠵᠤ ᠪᠣᠯᠤᠰᠢ ᠥᠬᠡᠶ ᠨᠤᠲᠠᠯᠠᠯᠲᠠ᠂ ᠬᠤᠲᠠ᠎ᠶ᠋ᠢᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠬᠡᠮᠵᠢᠶ᠎ᠡ᠎ᠶ᠋ᠢᠨ ᠲᠣᠳᠣᠷᠬᠠᠢᠯᠠᠯᠲᠠ᠂ ᠠᠭᠤᠷᠬᠠᠶ ᠮᠠᠯᠲᠠᠬᠤ ᠡᠷᠬᠡ᠎ᠨᠢ ᠬᠤᠲᠠ ᠪᠠᠯᠭᠠᠰᠤ᠎ᠶ᠋ᠢ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠲᠠᠬᠢ ᠨᠥᠯᠥᠭᠡᠯᠡᠬᠦ᠌ ᠨᠤᠲᠠᠯᠠᠯᠲᠠ᠎ᠶ᠋ᠢᠨ ᠮᠡᠳᠡᠭᠦᠯᠦᠯᠲᠡ ᠵᠢᠴᠢ ᠨᠤᠲᠠᠯᠠᠯᠲᠠ᠎ᠶ᠋ᠢᠨ ᠰᠠᠨᠠᠯ᠂ ᠤᠤᠯ᠎ᠤᠨ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠷᠭᠠᠭ᠍ᠰᠠᠨ ᠠᠩᠬ᠎ᠠ ᠠᠯᠬᠤᠮ ᠬᠢᠨᠠᠨ ᠪᠠᠢᠴᠠᠭᠠᠵᠤ ᠮᠠᠭᠠᠳᠯᠠᠨ ᠲᠣᠭ᠍ᠲᠠᠭᠠᠭ᠍ᠰᠠᠨ ᠰᠠᠨᠠᠯ᠂ ᠤᠤᠯ᠎ᠤᠨ ᠵᠠᠰᠠᠭ ᠵᠠᠬᠢᠷᠭᠠᠨ᠎ᠤ ᠵᠠᠬᠢᠷᠭ᠎ᠠ ᠪᠤᠶᠤ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠭᠠᠷᠭᠠᠭ᠍ᠰᠠᠨ ᠵᠥᠪᠱᠢᠶᠡᠷᠡᠬᠦ᠌ ᠰᠠᠨᠠᠯ ᠵᠡᠷᠭᠡ ᠭᠡᠷᠡᠴᠢ ᠮᠠᠲ᠋ᠧᠷᠢᠶᠠᠯ᠎ᠢ ᠬᠠᠩᠭᠠᠬᠤ ᠴᠢᠬᠤᠯᠠᠲᠠᠶ᠃

  ᠤᠰᠤ ᠬᠡᠢ᠎ᠶᠢᠨ ᠠᠭᠤᠷᠬᠠᠢ ᠮᠠᠯᠲᠠᠬᠤ ᠡᠷᠬᠡ᠎ᠡᠴᠡ ᠭᠠᠳᠠᠨᠠᠬᠢ ᠪᠤᠰᠤᠳ ᠨᠢᠭᠡᠨᠲᠡ ᠭᠠᠷᠭᠠᠭᠰᠠᠨ ᠠᠭᠤᠷᠬᠠᠢ ᠮᠠᠯᠲᠠᠬᠤ ᠡᠷᠬᠡ 

   ᠱᠢᠯᠵᠢᠭᠦᠯᠦᠨ ᠣᠷᠣᠭᠤᠯᠬᠤ ᠣᠷᠣᠨ᠎ᠳᠤ ᠤᠰᠤᠨ᠎ᠤ ᠱᠢᠲᠠᠮᠠᠬᠠᠶ ᠬᠡᠢ᠎ᠶ᠋ᠢᠨ ᠠᠭᠤᠷᠬᠠᠶ ᠮᠠᠯᠲᠠᠬᠤ ᠡᠷᠬᠡ᠎ᠠᠴᠠ ᠪᠤᠰᠤᠳ ᠨᠢᠭᠡᠨᠲᠡ ᠪᠠᠢᠭᠤᠯᠤᠭ᠍ᠰᠠᠨ ᠠᠭᠤᠷᠬᠠᠶ ᠮᠠᠯᠲᠠᠬᠤ ᠡᠷᠬᠡ᠎ᠲᠠᠢ ᠬᠤᠯᠪᠣᠭ᠍ᠳᠠᠪᠠᠯ᠂ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠭᠤᠷᠬᠠᠶ᠎ᠶ᠋ᠢᠨ ᠦᠢᠯᠡᠰ᠎ᠤᠨ ᠡᠷᠬᠡᠲᠦ ᠬᠥᠮᠦᠨ᠎ᠤ ᠰᠠᠨᠠᠯ᠎ᠢ ᠬᠠᠩᠭᠠᠬᠤ ᠴᠢᠬᠤᠯᠠᠲᠠᠶ ᠲᠣᠳᠣᠷᠬᠠᠢᠯᠠᠯᠲᠠ᠂ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠭᠤᠷᠬᠠᠶ᠎ᠶ᠋ᠢᠨ ᠦᠢᠯᠡᠰ᠎ᠤᠨ ᠡᠷᠬᠡᠲᠦ ᠬᠥᠮᠦᠨ᠎ᠲᠠᠢ ᠲᠣᠭ᠍ᠲᠠᠭ᠍ᠰᠠᠨ ᠬᠠᠷᠢᠯᠴᠠᠨ ᠬᠡᠯᠡᠯᠴᠡᠭᠡᠷ᠎ᠢ ᠨᠥᠯᠥᠭᠡᠯᠡᠬᠦ᠌ ᠥᠬᠡᠶ᠂ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠷᠭᠠᠭ᠍ᠰᠠᠨ ᠨᠡᠭᠡᠭᠡᠨ ᠬᠥᠭ᠌ᠵᠢᠭᠦᠯᠬᠦ᠌ ᠨᠤᠲᠠᠯᠠᠯᠲᠠ᠎ᠶ᠋ᠢ ᠨᠥᠯᠥᠭᠡᠯᠡᠵᠦ᠍ ᠪᠣᠯᠬᠤ ᠥᠬᠡᠶ᠂ ᠠᠮᠤᠷ ᠲᠦᠪᠱᠢᠨ᠎ᠤ ᠵᠠᠶ᠎ᠶ᠋ᠢᠨ ᠠᠷᠭ᠎ᠠ ᠬᠡᠮᠵᠢᠶ᠎ᠡ᠎ᠶ᠋ᠢᠨ ᠲᠣᠳᠣᠷᠬᠠᠢᠯᠠᠯᠲᠠ᠂ ᠠᠭᠤᠷᠬᠠᠶ ᠮᠠᠯᠲᠠᠬᠤ ᠡᠷᠬᠡ᠎ᠶ᠋ᠢᠨ ᠬᠤᠲᠠ ᠪᠠᠯᠭᠠᠰᠤᠨ᠎ᠤ ᠨᠡᠭᠡᠭᠡᠨ ᠬᠥᠭ᠌ᠵᠢᠭᠦᠯᠬᠦ᠌ ᠬᠢᠯᠢ᠎ᠳᠤ ᠠᠮᠤᠷ ᠲᠦᠪᠱᠢᠨ᠎ᠢ ᠦᠨᠡᠯᠡᠨ ᠵᠢᠱ᠌ᠢᠭ᠌ᠰᠡᠨ ᠮᠡᠳᠡᠭᠦᠯᠦᠯᠲᠡ ᠵᠢᠴᠢ ᠠᠵᠢᠯ ᠲᠥᠷᠥᠯ᠎ᠤᠨ ᠰᠠᠨᠠᠯ᠂ ᠱᠢᠶᠠᠨ ᠬᠤᠲᠠ᠎ᠶ᠋ᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠷᠭᠠᠭ᠍ᠰᠠᠨ ᠠᠩᠬ᠎ᠠ ᠠᠯᠬᠤᠮ᠎ᠤᠨ ᠬᠢᠨᠠᠨ ᠪᠠᠢᠴᠠᠭᠠᠭ᠍ᠰᠠᠨ ᠰᠠᠨᠠᠯ᠎ᠢ ᠬᠠᠩᠭᠠᠬᠤ ᠬᠡᠷᠡᠭ᠌ᠲᠡᠶ᠃ ᠱᠢᠯᠵᠢᠭᠦᠯᠦᠨ ᠣᠷᠣᠭᠤᠯᠬᠤ ᠣᠷᠣᠨ᠎ᠳᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠵᠤ ᠬᠢᠨᠠᠨ ᠬᠠᠷᠭᠤᠭᠤᠯᠤᠭ᠍ᠰᠠᠨ᠎ᠤ ᠳᠠᠷᠠᠭ᠎ᠠ ᠲᠥᠷᠥᠯ ᠬᠤᠪᠢᠶᠠᠨ ᠱᠢᠢᠳᠪᠦᠷᠢᠯᠡᠬᠦ᠌᠎ᠳᠤ ᠬᠤᠯᠪᠣᠭ᠍ᠳᠠᠪᠠᠯ᠂ ᠡᠷᠬᠡᠪᠰᠢ ᠨᠤᠲᠠᠯᠠᠭ᠍ᠰᠠᠨ ᠰᠠᠨᠠᠯ᠎ᠤᠨ ᠶᠣᠰᠣᠭᠠᠷ ᠮᠠᠲ᠋ᠧᠷᠢᠶᠠᠯ ᠬᠠᠩᠭᠠᠬᠤ ᠬᠡᠷᠡᠭ᠌ᠲᠡᠶ᠄ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠠᠷᠭᠠᠭ᠍ᠰᠠᠨ ᠨᠢᠭᠡᠳᠦᠭᠡᠷ ᠲᠥᠷᠥᠯ᠎ᠤᠨ ᠪᠠᠢᠳᠠᠯ ᠵᠡᠷᠭᠡ ᠱᠢᠨᠵᠢ ᠴᠢᠨᠠᠷ᠎ᠤᠨ ᠦᠨᠳᠦᠰᠦᠯᠡᠯ ᠮᠠᠲ᠋ᠧᠷᠢᠶᠠᠯ᠎ᠢ ᠬᠠᠩᠭᠠᠨ᠎ᠠ; ᠬᠤᠶᠠᠳᠤᠭᠠᠷ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠭᠤᠷᠬᠠᠶ ᠮᠠᠯᠲᠠᠬᠤ ᠡᠷᠬᠡ ᠵᠢᠴᠢ ᠲᠦᠷᠢᠶᠡᠰᠦᠯᠡᠬᠦ᠌ ᠬᠡᠯᠡᠯᠴᠡᠭᠡᠷ ᠵᠡᠷᠭᠡ ᠳᠠᠩᠰᠠᠯᠠᠨ ᠲᠡᠮᠳᠡᠭ᠌ᠯᠡᠬᠦ᠌ ᠭᠡᠷᠡᠴᠢ ᠮᠠᠲ᠋ᠧᠷᠢᠶᠠᠯ᠎ᠢ ᠨᠥᠬᠦᠵᠦ᠍ ᠭᠦᠢᠴᠡᠳᠭᠡᠵᠦ᠍ ᠪᠣᠯᠤᠨ᠎ᠠ; ᠭᠤᠷᠪᠠᠳᠤᠭᠠᠷ ᠲᠥᠷᠥᠯ᠎ᠤᠨ ᠪᠠᠢᠳᠠᠯ ( ᠵᠢᠱ᠌ᠢᠶᠡᠯᠡᠪᠡᠯ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ ) ᠎ᠢ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠢᠯᠠᠭᠤᠯᠬᠤ᠎ᠶ᠋ᠢᠨ ᠠᠷᠭ᠎ᠠ ᠦᠭᠡᠢ ᠬᠡᠰᠡᠭ ᠲᠣᠭᠤᠷᠢᠭ ᠵᠢᠴᠢ ᠠᠭᠤᠷᠬᠠᠢ᠎ᠶ᠋ᠢᠨ ᠦᠢᠯᠡᠰ᠎ᠤᠨ ᠡᠷᠬᠡ᠎ᠶ᠋ᠢ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ᠎ᠤᠨ ᠳᠠᠪᠬᠤᠷᠳᠠᠭ᠍ᠰᠠᠨ ᠣᠷᠣᠨ ᠪᠦᠰᠡ᠎ᠳᠤ ᠮᠠᠯᠲᠠᠬᠤ᠎ᠶ᠋ᠢ ᠴᠠᠭᠠᠵᠠᠯᠠᠬᠤ ᠣᠷᠣᠨ ᠪᠣᠯᠭᠠᠭ᠍ᠰᠠᠨ ᠪᠢᠴᠢᠭ ᠮᠠᠲ᠋ᠧᠷᠢᠶᠠᠯ ᠵᠡᠷᠭᠡ ᠭᠡᠷᠡᠴᠢ ᠮᠠᠲ᠋ᠧᠷᠢᠶᠠᠯ᠎ᠢ ᠦᠨᠳᠦᠰᠦᠯᠡᠨ ᠲᠣᠭ᠍ᠲᠠᠭᠠᠨ᠎ᠠ᠃

  ᠬᠣᠲᠠ ᠪᠠᠯᠭᠠᠰᠤᠨ᠎ᠤ ᠨᠡᠭᠡᠭᠡᠨ ᠬᠥᠭᠵᠢᠭᠦᠯᠦᠯᠲᠡ᠎ᠶᠢᠨ ᠵᠠᠭᠠᠭ᠎ᠤᠨ ᠰᠢᠯᠵᠢᠭᠦᠯᠦᠨ ᠣᠷᠣᠭᠤᠯᠬᠤ ᠲᠣᠭᠣᠷᠢᠭ᠋᠎ᠤᠨ ᠠᠭᠤᠷᠬᠠᠢ᠎ᠶᠢᠨ ᠦᠢᠯᠡᠰ᠎ᠦᠨ ᠡᠷᠬᠡ᠎ᠳᠦ ᠬᠣᠯᠪᠣᠭᠳᠠᠬᠤ ᠭᠡᠷᠡᠴᠢ ᠮᠠᠲᠧᠷᠢᠶᠠᠯ ᠬᠠᠩᠭᠠᠬᠤ ᠴᠤᠪᠤᠷᠠᠯ ᠵᠢᠷᠤᠭ 

  ᠬᠣᠲᠠ ᠪᠠᠯᠭᠠᠰᠤᠨ᠎ᠤ ᠨᠡᠭᠡᠭᠡᠨ ᠬᠥᠭᠵᠢᠭᠦᠯᠦᠯᠲᠡ᠎ᠶᠢᠨ ᠵᠠᠭᠠᠭ᠎ᠤᠨ ᠰᠢᠯᠵᠢᠭᠦᠯᠦᠨ ᠣᠷᠣᠭᠤᠯᠬᠤ ᠣᠷᠣᠨ᠎ᠤ ᠠᠭᠤᠷᠬᠠᠢ᠎ᠶᠢᠨ ᠦᠢᠯᠡᠰ᠎ᠤᠨ ᠡᠷᠭᠡ᠎ᠲᠠᠢ ᠬᠤᠯᠪᠤᠠᠠᠳ᠋ᠬᠠᠥ

  ᠨᠢᠭᠡᠨᠲᠡ ᠭᠠᠷᠭᠠᠭᠰᠠᠨ ᠠᠭᠤᠷᠬᠠᠢ ᠡᠷᠢᠬᠦ ᠡᠷᠬᠡ (ᠳᠣᠣᠷᠠᠬᠢ ᠭᠤᠷᠪᠠᠨ ᠵᠦᠢᠯ᠎ᠢ ᠬᠠᠩᠭᠠᠬᠤ ᠴᠢᠬᠤᠯᠠᠲᠠᠢ) 

  ᠬᠤᠱᠢᠭᠤ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ ᠠᠭᠤᠷᠬᠠᠢ᠎ᠶ᠋ᠢᠨ ᠦᠢᠯᠡᠰ᠎ᠤᠨ ᠡᠷᠬᠡᠲᠦ ᠬᠥᠮᠦᠨ᠎ᠤ ᠵᠥᠪᠱᠢᠶᠡᠷᠡᠬᠦ᠌ ᠰᠠᠨᠠᠯ᠎ᠢ ᠬᠤᠷᠢᠶᠠᠬᠤ ᠬᠡᠷᠡᠭ᠌ᠲᠡᠶ

  ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠠᠭᠤᠷᠬᠠᠢ᠎ᠶᠢᠨ ᠦᠢᠯᠡᠰ᠎ᠦᠨ ᠡᠷᠬᠡᠲᠦ ᠬᠥᠮᠥᠨ ᠯᠦ᠍ᠭᠡ ᠲᠣᠭᠲᠠᠭᠰᠠᠨ ᠬᠠᠷᠢᠯᠴᠠᠨ ᠥᠯᠥ ᠨᠥᠯᠥᠭᠡᠯᠡᠬᠦ ᠵᠥᠪᠯᠡᠯᠴᠡᠭᠡᠷ 

  ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠷᠭᠠᠭᠰᠠᠨ ᠵᠠᠢᠯᠠᠵᠤ ᠪᠣᠯᠣᠰᠢ ᠦᠭᠡᠢ ᠨᠤᠲᠠᠯᠠᠯᠲᠠ᠂ ᠬᠣᠲᠠ᠎ᠶᠢᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ᠎ᠶᠢᠨ ᠲᠣᠳᠣᠷᠬᠠᠢᠯᠠᠯᠲᠠ 

   ᠭᠠᠵᠠᠷ᠎ᠤᠨ ᠢᠯᠴᠢ᠂ ᠷᠠᠰᠢᠶᠠᠨ ᠤᠰᠤ᠂ ᠨᠡᠭᠦᠷᠡᠰᠦᠨ ᠲᠠᠪᠬᠤᠷᠭ᠎ᠠ᠎ᠶ᠋ᠢᠨ ᠬᠡᠢ ᠵᠡᠷᠭᠡ ᠤᠰᠤᠨ᠎ᠤ ᠠᠭᠤᠷᠬᠠᠢ ᠮᠠᠯᠲᠠᠬᠤ ᠡᠷᠬᠡ (ᠲᠣᠣᠷᠠᠬᠢ ᠵᠢᠷᠭᠤᠭᠠᠨ ᠵᠦᠢᠯ᠎ᠢ ᠬᠠᠩᠭᠠᠬᠤ ᠴᠢᠬᠤᠯᠠᠳᠠᠢ)

  ᠬᠤᠱᠢᠭᠤ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ ᠠᠭᠤᠷᠬᠠᠢ᠎ᠶ᠋ᠢᠨ ᠦᠢᠯᠡᠰ᠎ᠤᠨ ᠡᠷᠬᠡᠲᠦ ᠬᠥᠮᠦᠨ᠎ᠤ ᠵᠥᠪᠱᠢᠶᠡᠷᠡᠬᠦ᠌ ᠰᠠᠨᠠᠯ᠎ᠢ ᠬᠤᠷᠢᠶᠠᠬᠤ ᠬᠡᠷᠡᠭ᠌ᠲᠡᠶ

  ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠠᠭᠤᠷᠬᠠᠢ᠎ᠶᠢᠨ ᠦᠢᠯᠡᠰ᠎ᠦᠨ ᠡᠷᠬᠡᠲᠦ ᠬᠥᠮᠥᠨ ᠯᠦ᠍ᠭᠡ ᠲᠣᠭᠲᠠᠭᠰᠠᠨ ᠬᠠᠷᠢᠯᠴᠠᠨ ᠥᠯᠥ ᠨᠥᠯᠥᠭᠡᠯᠡᠬᠦ ᠵᠥᠪᠯᠡᠯᠴᠡᠭᠡᠷ 

  ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠷᠭᠠᠭᠰᠠᠨ ᠵᠠᠢᠯᠠᠵᠤ ᠪᠣᠯᠣᠰᠢ ᠦᠭᠡᠢ ᠨᠤᠲᠠᠯᠠᠯᠲᠠ᠂ ᠬᠣᠲᠠ᠎ᠶᠢᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ᠎ᠶᠢᠨ ᠲᠣᠳᠣᠷᠬᠠᠢᠯᠠᠯᠲᠠ 

  ᠠᠭᠤᠷᠬᠠᠢ ᠮᠠᠯᠳ᠋ᠬᠠᠥ ᠡᠷᠬᠡ᠎ᠨᠢ ᠬᠤᠳᠡ ᠪᠠᠯᠭᠠᠰᠣ᠎ᠶ᠋ᠢᠨ ᠨᠡᠭᠡᠭᠡᠨ ᠬᠦᠭ᠌ᠵᠢᠬᠦᠯᠬᠦ᠌ ᠵᠠᠭᠠᠭ᠎ᠲᠤ ᠭᠤᠤᠯᠳᠡᠯᠭ᠎ᠠ᠎ᠲᠠᠢ ᠨᠦᠯᠥᠭᠡᠯᠡᠬᠦ᠌ ᠨᠣᠳᠠᠯᠠᠯᠳᠡ᠎ᠶ᠋ᠢᠨ ᠮᠡᠳᠡᠬᠦᠯᠥᠯᠳᠡ

  ᠬᠤᠱᠢᠭᠤ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠠᠷᠭᠠᠵᠤ ᠥᠭ᠌ᠭᠦᠭ᠌ᠰᠡᠨ ᠠᠩᠬ᠎ᠠ ᠠᠯᠬᠤᠮ᠎ᠤᠨ ᠮᠠᠭᠠᠳᠯᠠᠨ ᠲᠣᠭ᠍ᠲᠠᠭᠠᠭ᠍ᠰᠠᠨ ᠰᠠᠨᠠᠯ

  ᠠᠢᠮᠠᠭ᠎ᠤᠨ ᠵᠠᠬᠢᠷᠭ᠎ᠠ ᠪᠤᠶᠤ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠭᠠᠷᠭᠠᠭ᠍ᠰᠠᠨ ᠵᠥᠪᠱᠢᠶᠡᠷᠡᠬᠦ᠌ ᠰᠠᠨᠠᠯ

  《ᠮᠡᠳᠡᠭ᠌ᠳᠡᠯ》 ᠎ᠳᠤ ᠲᠣᠳᠣᠷᠬᠠᠢᠯᠠᠭ᠍ᠰᠠᠨ ᠬᠤᠲᠠ ᠪᠠᠯᠭᠠᠰᠤ᠎ᠶ᠋ᠢᠨ ᠨᠡᠭᠡᠭᠡᠯᠲᠡ᠎ᠶ᠋ᠢᠨ ᠵᠠᠭᠠᠭ ᠬᠢᠵᠠᠭᠠᠷ᠎ᠲᠠᠢ ᠳᠠᠪᠬᠤᠴᠠᠵᠤ ᠪᠣᠯᠬᠤ ᠭᠤᠷᠪᠠᠨ ᠵᠦᠢᠯ᠎ᠤᠨ ᠪᠤᠰᠤᠳ ᠠᠭᠤᠷᠬᠠᠶ ᠮᠠᠯᠲᠠᠬᠤ ᠡᠷᠬᠡ (ᠳᠣᠤᠷᠠᠬᠢ ᠵᠢᠷᠭᠤᠭᠠᠨ ᠵᠦᠢᠯ + ᠭᠤᠷᠪᠠᠨ ᠵᠦᠢᠯ᠎ᠤᠨ ᠪᠠᠢᠳᠠᠯ᠎ᠢ ᠬᠠᠩᠭᠠᠬᠤ ᠴᠢᠬᠤᠯᠠᠲᠠᠶ ᠭᠤᠷᠪᠠᠨ ᠵᠦᠢᠯ᠎ᠤᠨ ᠭᠡᠷᠡᠴᠢ ᠬᠠᠩᠭᠠᠬᠤ ᠬᠡᠷᠡᠭ᠌ᠲᠡᠶ)

  ᠬᠤᠱᠢᠭᠤ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ ᠠᠭᠤᠷᠬᠠᠢ᠎ᠶ᠋ᠢᠨ ᠦᠢᠯᠡᠰ᠎ᠤᠨ ᠡᠷᠬᠡᠲᠦ ᠬᠥᠮᠦᠨ᠎ᠤ ᠵᠥᠪᠱᠢᠶᠡᠷᠡᠬᠦ᠌ ᠰᠠᠨᠠᠯ᠎ᠢ ᠬᠤᠷᠢᠶᠠᠬᠤ ᠬᠡᠷᠡᠭ᠌ᠲᠡᠶ

  ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠠᠭᠤᠷᠬᠠᠢ᠎ᠶᠢᠨ ᠦᠢᠯᠡᠰ᠎ᠦᠨ ᠡᠷᠬᠡᠲᠦ ᠬᠥᠮᠥᠨ ᠯᠦ᠍ᠭᠡ ᠲᠣᠭᠲᠠᠭᠰᠠᠨ ᠬᠠᠷᠢᠯᠴᠠᠨ ᠥᠯᠥ ᠨᠥᠯᠥᠭᠡᠯᠡᠬᠦ ᠵᠥᠪᠯᠡᠯᠴᠡᠭᠡᠷ

  ᠬᠤᠱᠢᠭᠤ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠠᠷᠭᠠᠵᠤ ᠥᠭ᠌ᠭᠦᠭ᠌ᠰᠡᠨ ᠵᠠᠢᠯᠠᠵᠤ ᠪᠣᠯᠣᠰᠢ ᠦᠭᠡᠢ ᠨᠤᠲᠠᠯᠠᠯᠲᠠ᠂ ᠬᠤᠲᠠ᠎ᠶ᠋ᠢᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠬᠡᠮᠵᠢᠶ᠎ᠡ᠎ᠶ᠋ᠢᠨ ᠲᠣᠳᠣᠷᠬᠠᠢᠯᠠᠯᠲᠠ

  ᠠᠭᠤᠷᠬᠠᠢ ᠮᠠᠯᠳ᠋ᠬᠠᠥ ᠡᠷᠬᠡ᠎ᠨᠢ ᠬᠤᠳᠡ ᠪᠠᠯᠭᠠᠰᠣ᠎ᠶ᠋ᠢᠨ ᠨᠡᠭᠡᠭᠡᠨ ᠬᠦᠭ᠌ᠵᠢᠬᠦᠯᠬᠦ᠌ ᠵᠠᠭᠠᠭ᠎ᠤᠨ ᠲᠠᠪᠬᠤᠷᠳᠠᠯ ᠨᠦᠯᠥᠭᠡᠯᠡᠯ᠎ᠤᠨ ᠨᠣᠳᠠᠯᠠᠯᠳᠡ᠎ᠶ᠋ᠢᠨ ᠮᠡᠳᠡᠬᠦᠯᠥᠯᠳᠡ

  ᠬᠤᠱᠢᠭᠤ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠷᠭᠠᠭ᠍ᠰᠠᠨ ᠠᠩᠬ᠎ᠠ ᠠᠯᠬᠤᠮ᠎ᠤᠨ ᠬᠢᠨᠠᠨ ᠬᠠᠷᠭᠤᠭᠤᠯᠵᠤ ᠮᠠᠭᠠᠳᠯᠠᠨ ᠲᠣᠭ᠍ᠲᠠᠭᠠᠭ᠍ᠰᠠᠨ ᠰᠠᠨᠠᠯ

  ᠠᠢᠮᠠᠭ᠎ᠤᠨ ᠵᠠᠬᠢᠷᠭ᠎ᠠ ᠪᠤᠶᠤ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠭᠠᠷᠭᠠᠭ᠍ᠰᠠᠨ ᠵᠥᠪᠱᠢᠶᠡᠷᠡᠬᠦ᠌ ᠰᠠᠨᠠᠯ

  ᠬᠤᠱᠢᠭᠤ ᠱᠢᠶᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠠᠷᠭᠠᠭ᠍ᠰᠠᠨ ᠬᠢᠨᠠᠨ ᠬᠠᠷᠭᠤᠭᠤᠯᠵᠤ ᠨᠤᠲᠠᠯᠠᠬᠤ ᠰᠠᠨᠠᠯ

  ᠠᠭᠤᠷᠬᠠᠶ ᠮᠠᠯᠲᠠᠬᠤ ᠦᠨᠡᠮᠯᠡᠯ ᠬᠢᠭᠡᠳ ᠪᠦᠳᠦᠭᠦᠪᠴᠢ ᠬᠡᠯᠡᠯᠴᠡᠭᠡᠷ ᠪᠤᠶᠤ ᠰᠤᠳᠤᠯᠵᠤ ᠪᠣᠯᠬᠤ (ᠠᠩᠬ᠎ᠠ ᠪᠠᠢᠭᠤᠯᠬᠤ) ᠵᠡᠷᠭᠡ ᠭᠡᠷᠡᠴᠢ ᠮᠠᠲ᠋ᠧᠷᠢᠶᠠᠯ

  ᠬᠤᠱᠢᠭᠤ ᠱᠢᠶᠠᠨ᠎ᠤ ᠠᠷᠠᠳ᠎ᠤᠨ ᠵᠠᠰᠠᠭ᠎ᠤᠨ ᠣᠷᠳᠤᠨ᠎ᠨᠢ ᠵᠠᠢᠯᠠᠭᠤᠯᠬᠤ᠎ᠶ᠋ᠢᠨ ᠠᠷᠭ᠎ᠠ ᠦᠭᠡᠢ ᠪᠠᠢᠬᠤ ᠭᠦᠢᠴᠡᠳ ᠨᠤᠲᠠᠯᠠᠯ ᠵᠢᠴᠢ ᠠᠭᠤᠷᠬᠠᠢ᠎ᠶ᠋ᠢᠨ ᠦᠢᠯᠡᠰ᠎ᠢ ᠬᠢᠨᠠᠨ ᠵᠥᠪᠱᠢᠶᠡᠷᠡᠬᠦ᠌ ᠰᠠᠯᠠᠭ᠎ᠠ ᠮᠦᠴᠢᠷ᠎ᠨᠢ ᠳᠠᠪᠬᠤᠴᠠᠭ᠍ᠰᠠᠨ ᠣᠷᠣᠨ ᠪᠦᠰᠡ᠎ᠳᠤ ᠮᠠᠯᠲᠠᠬᠤ᠎ᠶ᠋ᠢ ᠴᠠᠭᠠᠵᠠᠯᠠᠬᠤ ᠣᠷᠣᠨ ᠪᠣᠯᠭᠠᠨ ᠲᠣᠭ᠍ᠲᠠᠭᠠᠬᠤ ᠬᠡᠷᠡᠭ᠌ᠲᠡᠢ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ