ᠤᠯᠠᠭ᠋ᠠᠨᠬᠠᠳᠠ ᠵᠢᠨ ᠳ᠋ᠦᠩ ᠯᠢ ᠢᠮᠠᠭ᠋ᠠᠨ᠎ᠤ ᠨᠤᠤᠯᠤᠭᠤᠷ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠡᠷᠭᠡ 5 ᠠᠵᠤ ᠠᠬᠤᠶ᠋ᠢᠯᠠᠯ᠎ᠳᠤ 2020 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ ᠣᠯᠭᠣᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠳᠡᠷᠡᠭᠦᠯᠬᠡ
2022-03-11

                                ᠥᠪᠥᠷ ᠵᠠᠰᠠᠭ ᠥᠰᠦᠭ [2021] 51 ᠳ᠋ᠦ᠍ᠭᠡᠷ ᠲᠣᠭ᠋ᠠᠲᠤ
      ᠤᠯᠠᠭ᠋ᠠᠨᠬᠠᠳᠠ ᠵᠢᠨ ᠳ᠋ᠦᠩ ᠯᠢ ᠢᠮᠠᠭ᠋ᠠᠨ᠎ᠤ ᠨᠤᠤᠯᠤᠭᠤᠷ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠡᠷᠭᠡ 5 ᠠᠵᠤ ᠠᠬᠤᠶ᠋ᠢᠯᠠᠯ ᠎ᠳᠤ 2020 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ ᠣᠯᠭᠣᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠳᠡᠷᠡᠭᠦᠯᠬᠡ
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂   ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
      ᠶᠠᠰᠤ ᠴᠢᠨᠠᠷ᠎ᠤᠨ ᠠᠵᠢᠯ᠎ᠤᠨ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠡᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ   ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ   ᠨᠠᠢ᠌ᠳᠠᠪᠤᠷᠢᠵᠢᠭᠤᠯᠵᠤ᠂ ᠶᠠᠰᠤ ᠴᠢᠨᠠᠷ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠨ᠂ ᠪᠦᠬᠦ ᠣᠷᠣᠨ᠎ᠤ ᠡᠯ᠎ᠡ ᠠᠵᠢᠯ   ᠲᠥᠷᠥᠯ᠎ᠤᠨ᠎ᠬᠢᠨ᠎ᠤ ᠶᠠᠰᠤ ᠴᠢᠨᠠᠷ᠎ᠤᠨ ᠬᠠᠮᠢᠶᠠᠷᠤᠯᠲᠠ᠎ᠪᠠᠨ ᠴᠢᠩᠭ᠋ᠠᠳᠬᠠᠬᠤ ᠵᠢ ᠵᠢᠭ᠋ᠠᠨ ᠵᠢᠯᠣᠭᠤᠳᠴᠤ ᠤᠷᠮᠠᠰᠢᠭᠤᠯᠤᠨ᠂ ᠭᠠᠷᠮᠠᠭ᠋ᠠᠶ ᠠᠮᠵᠢᠯᠲᠠ ᠪᠦᠲᠦᠮᠵᠢ ᠣᠯᠬᠤ ᠵᠢ   ᠬᠥᠭᠡᠭᠡᠴᠡᠯᠳᠦᠵᠦ᠂ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ   ᠶᠡᠷᠦᠩᠬᠡᠶ᠋ᠢᠯᠡᠭᠰᠡᠨ ᠠᠵᠤ ᠠᠬᠤᠶ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ᠎ᠢ ᠬᠢᠨᠠᠨ ᠲᠣᠭᠲᠠᠭ᠋ᠠᠬᠤ ᠲᠤᠰᠬᠠᠶ   ᠠᠵᠢᠯ᠎ᠤᠨ ᠳᠤᠭᠤᠶ᠋ᠢᠯᠠᠩ᠎ᠤᠨ ᠬᠢᠨᠠᠨ ᠲᠣᠭᠲᠠᠭ᠋ᠠᠯᠲᠠ᠎ᠪᠠᠷ ᠳᠡᠮᠵᠢᠨ᠂ ᠤᠯᠠᠭ᠋ᠠᠨᠬᠠᠳᠠ ᠵᠢᠨ ᠳ᠋ᠦᠩ ᠯᠢ ᠢᠮᠠᠭ᠋ᠠᠨ᠎ᠤ ᠨᠤᠤᠯᠤᠭᠤᠷ᠎ᠤᠨ ᠬᠤᠪᠢ ᠣᠷᠣᠭᠤᠯᠤᠭᠰᠠᠨ   ᠬᠢᠵᠠᠭ᠋ᠠᠷᠲᠤ ᠺᠣᠮᠫᠠᠨᠢ ᠵᠡᠷᠭᠡ 5 ᠠᠵᠤ ᠠᠬᠤᠶ᠋ᠢᠯᠠᠯ᠎ᠳᠤ 2020 ᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠶᠠᠰᠤ   ᠴᠢᠨᠠᠷ᠎ᠤᠨ ᠱᠠᠩᠨᠠᠯ》 ᠣᠯᠭᠣᠬᠤ᠎ᠪᠠᠷ ᠲᠣᠭᠲᠠᠪᠠ᠃
      ᠱᠠᠩᠨᠠᠯ ᠣᠯᠤᠭᠰᠠᠨ ᠠᠵᠤ ᠠᠬᠤᠶ᠋ᠢᠯᠠᠯ᠎ᠤᠳ ᠢᠷᠠᠭᠤ ᠠᠯᠳᠠᠷ ᠵᠶ᠋ᠠᠨ ᠨᠠᠨᠳᠢᠩᠨᠠᠨ᠂ ᠦᠷᠭᠦᠯᠵᠢᠯᠡᠨ ᠴᠢᠷᠮᠠᠶ᠋ᠢᠵᠤ᠂ ᠶᠠᠰᠤ ᠴᠢᠨᠠᠷ᠎ᠤᠨ ᠬᠡᠪ ᠳᠠᠭᠤᠷᠢᠶᠠᠯ᠎ᠤᠨ   ᠵᠢᠱ᠌ᠢᠶ᠎ᠡ ᠦᠵᠡᠭᠦᠯᠦᠨ ᠬᠥᠲᠥᠯᠦᠨ ᠳᠠᠭ᠋ᠠᠭᠤᠯᠬᠤ ᠦᠢ᠍ᠯᠡᠳᠦᠯ᠎ᠢ᠎ᠪᠠᠨ ᠭᠦᠢ᠍ᠴᠡᠳ ᠪᠠᠳᠠᠷᠠᠭᠤᠯᠤᠨ᠂ ᠶᠠᠰᠤ ᠴᠢᠨᠠᠷ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠥᠲᠥᠭᠡᠨ   ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ᠎ᠳᠤ ᠳᠠᠬᠢᠨ ᠰᠢᠨ᠎ᠡ ᠭᠠᠪᠢᠶ᠎ᠠ ᠵᠢᠳᠭᠦᠯ ᠪᠠᠶ᠋ᠢᠭᠤᠯᠬᠤ ᠵᠢ ᠬᠦᠰᠡᠵᠦ ᠪᠠᠶ᠋ᠢᠨ᠎ᠠ᠃ ᠪᠥᠬᠥ ᠣᠷᠣᠨ᠎ᠤ ᠥᠷᠭᠡᠨ ᠣᠯᠠᠨ   ᠠᠵᠤ ᠠᠬᠤᠶ᠋ᠢᠯᠠᠯ᠎ᠨᠢ ᠱᠠᠩᠨᠠᠯ ᠣᠯᠤᠭᠰᠠᠨ ᠠᠵᠤ ᠠᠬᠤᠶ᠋ᠢᠯᠠᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠡᠷᠢᠭᠦᠨ᠎ᠤ ᠲᠤᠷᠰᠢᠯᠭ᠎ᠠ ᠵᠢ ᠬᠢᠨᠠᠮᠠᠭ᠋ᠠᠶ ᠰᠤᠷᠤᠯᠴᠠᠨ ᠲᠣᠯᠢ   ᠪᠣᠯᠭ᠋ᠠᠵᠤ᠂ ᠶᠠᠰᠤ ᠴᠢᠨᠠᠷ᠎ᠤᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠨ᠂ ᠶᠠᠰᠤ ᠴᠢᠨᠠᠷ᠎ᠤᠨ ᠦᠨᠡᠨᠴᠢ ᠢᠲᠡᠭᠡᠮᠵᠢ ᠵᠢ ᠴᠢᠩᠭ᠎ᠠ ᠰᠠᠬᠢᠵᠤ᠂ ᠶᠠᠰᠤ ᠴᠢᠨᠠᠷ᠎ᠤᠨ ᠠᠮᠤᠷ ᠲᠦᠪᠰᠢᠨ᠎ᠢ ᠪᠥᠬᠥ ᠲᠠᠯ᠎ᠠ᠎ᠪᠠᠷ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠨᠢ ᠲᠥᠷᠥ ᠵᠢᠨ   ᠪᠣᠳᠣᠯᠭ᠎ᠠ᠎ᠪᠠᠷ ᠬᠥᠲᠥᠯᠦᠨ ᠵᠢᠯᠣᠭᠣᠳᠬᠤ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠋ᠠᠨ᠎ᠢ ᠭᠦᠨᠵᠡᠭᠡᠶ ᠦᠷᠨᠢᠭᠦᠯᠦᠨ᠂ ᠭᠠᠷᠮᠠᠭ᠋ᠠᠶ ᠠᠮᠵᠢᠯᠲᠠ ᠪᠦᠲᠦᠮᠵᠢ ᠣᠯᠬᠤ ᠵᠢ ᠬᠥᠭᠡᠭᠡᠴᠡᠯᠳᠦᠬᠦ᠂ ᠶᠠᠰᠤ ᠴᠢᠨᠠᠷ᠎ᠢ ᠡᠷᠬᠢᠮᠯᠡᠬᠦ ᠵᠢ ᠪᠥᠬᠥ ᠨᠡᠶ᠋ᠢᠭᠡᠮ᠎ᠤᠨ ᠥᠷᠲᠡᠭ᠎ᠤᠨ ᠤᠳᠤᠷᠢᠳᠤᠮᠵᠢ ᠪᠠ ᠴᠠᠭ ᠦᠶ᠎ᠡ ᠵᠢᠨ ᠵᠣᠷᠢᠭ ᠰᠠᠨᠠᠭ᠎ᠠ ᠪᠣᠯᠭ᠋ᠠᠵᠤ᠂ ᠪᠥᠬᠥ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠰᠢᠨ᠎ᠡ ᠨᠠᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠶ᠃
      ᠳᠠᠭ᠋ᠠᠯᠳᠤᠭᠤᠯᠤᠯ᠄ 2020 ᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ》   ᠭᠥᠷᠳᠡᠭᠰᠡᠨ ᠠᠵᠤ ᠠᠬᠤᠶ᠋ᠢᠯᠠᠯ᠎ᠤᠨ ᠨᠡᠷᠡᠰ
                             2021 ᠣᠨ᠎ᠤ 6 ᠳ᠋ᠤᠭ᠋ᠠᠷ ᠰᠠᠷ᠎ᠠ ᠵᠢᠨ 11᠎ᠤ ᠡᠳᠦᠷ
                             (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
      ᠳᠠᠭ᠋ᠠᠯᠳᠤᠭᠤᠯᠤᠯ᠄ 2020 ᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ》 ᠭᠦᠷᠲᠡᠭᠰᠡᠨ ᠠᠵᠤ   ᠠᠬᠤᠶ᠋ᠢᠯᠠᠯ᠎ᠤᠨ ᠨᠡᠷᠡᠰ
      ᠤᠯᠠᠭ᠋ᠠᠨᠬᠠᠳᠠ ᠵᠢᠨ ᠳ᠋ᠦᠩ ᠯᠢ ᠢᠮᠠᠭ᠋ᠠᠨ᠎ᠤ ᠨᠤᠤᠯᠤᠭᠤᠷ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ
      ᠪᠤᠭᠤᠲᠤ ᠵᠢᠨ ᠲᠢᠶᠠᠨ ᠾᠧ ᠰᠣᠷᠢᠨᠵᠢᠨ ᠮᠠᠲ᠋ᠧᠷᠢᠶᠠᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ
      ᠥᠪᠥᠷ ᠮᠣᠩᠭᠣᠯ᠎ᠤᠨ ᠾᠧᠩ ᠹᠸᠩ ᠪᠦᠯᠦᠭᠯᠡᠯ᠎ᠤᠨ ᠶᠢᠨ ᠯᠢᠶᠠᠩ ᠭᠤᠯᠢᠷ᠎ᠤᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ
      ᠪᠤᠭᠤᠲᠤ ᠬᠤᠲᠠ ᠵᠢᠨ ᠰᠠᠢ᠌ᠪᠸᠢ ᠮᠠᠰᠢᠨ ᠲᠥᠬᠥᠭᠡᠷᠦᠮᠵᠢ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ
      ᠰᠢᠯᠢ ᠵᠢᠨ ᠭᠣᠣᠯ ᠠᠶ᠋ᠢᠮᠠᠭ᠎ᠤᠨ ᠶᠠᠩ ᠶᠠᠩ ᠮᠠᠯ ᠠᠵᠤ ᠠᠬᠤᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ  
     

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ