ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠠᠮᠢ ᠠᠬᠤᠢ ᠵᠢᠨ ᠣᠷᠴᠢᠨ ᠲᠣᠭᠤᠷᠢᠨ᠎ᠤ ᠶᠠᠮᠤᠨ ᠡᠳ᠋᠎ᠤᠨ ᠵᠠᠰᠠᠭ᠎ᠤᠨ ᠶᠠᠮᠤᠨ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠪᠣᠬᠢᠷᠲᠤᠯ ᠦᠭᠡᠶ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
ᠪᠠᠶ᠋ᠢᠭ᠋ᠠᠯᠢ ᠵᠢᠨ ᠡᠬᠢ ᠪᠠᠶᠠᠯᠢᠭ ᠳᠦᠷᠢᠮ [2020] 1 ᠳ᠋ᠤᠬᠡᠷ ᠲᠣᠭ᠋ᠠᠲᠤ
ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ (ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ (ᠲᠣᠪᠴᠢᠶ᠎ᠠ)᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠲᠢᠩᠬᠢᠮ᠂ ᠵᠥᠪᠯᠡᠯ)᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠄
ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠪᠣᠯ ᠠᠭᠤᠷᠬᠠᠶ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠠᠭᠤᠷᠬᠠᠶ ᠵᠢᠨ ᠦᠢ᠍ᠯᠡᠰ᠎ᠤᠨ ᠬᠦᠷᠢᠶᠡᠨ᠎ᠳᠠᠬᠢ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠦᠴᠦᠲᠡᠶ ᠭᠠᠷᠳᠠᠴᠠ ᠮᠥᠨ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠪᠡᠶᠡᠯᠡᠭᠦᠯᠬᠦ ᠵᠢᠨ ᠵᠠᠶ᠋ᠢᠯᠠᠰᠢ ᠥᠬᠡᠶ ᠱᠠᠭ᠋ᠠᠷᠳᠠᠯᠭ᠎ᠠ ᠮᠥᠨ᠂ ᠠᠭᠤᠷᠬᠠᠶ ᠵᠢᠨ ᠦᠢ᠍ᠯᠡᠰ᠎ᠤᠨ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ᠎ᠪᠠᠷ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠲᠦᠷᠭᠡᠳᠬᠡᠵᠦ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠬᠤ ᠵᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠪᠡ᠃
ᠨᠢᠭᠡ᠂ ᠶᠡᠷᠦᠩᠬᠡᠢ ᠱᠠᠭ᠋ᠠᠷᠳᠠᠯᠭ᠎ᠠ
(ᠨᠢᠭᠡ) ᠵᠢᠯᠣᠭᠣᠳᠬᠤ ᠦᠵᠡᠯ ᠰᠠᠨᠠᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠵᠶ᠋ᠠᠷ ᠬᠠᠮᠠᠭ᠋ᠠᠯᠠᠬᠤ ᠵᠢᠨ ᠬᠠᠷᠢᠴᠠᠭ᠎ᠠ ᠵᠢ ᠵᠥᠪ ᠵᠶ᠋ᠠᠷ ᠰᠢᠢ᠍ᠳᠪᠦᠷᠢᠯᠡᠵᠦ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠨᠳᠦᠷᠴᠡ᠎ᠠᠴᠠ ᠠᠭᠤᠷᠬᠠᠢ ᠵᠢᠨ ᠦᠢ᠍ᠯᠡᠰ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠵᠢ ᠲᠥᠯᠥᠪᠵᠢᠭᠦᠯᠵᠦ᠂ ᠵᠠᠰᠠᠭ᠎ᠤᠨ ᠣᠷᠳᠣᠨ ᠬᠦᠳᠦᠯᠦᠨ ᠵᠢᠯᠣᠭᠤᠳᠬᠤ᠂ ᠰᠠᠯᠠᠭ᠎ᠠ ᠮᠥᠴᠢᠷ ᠬᠠᠮᠵᠢᠯᠴᠠᠬᠤ᠂ ᠠᠵᠤ ᠠᠬᠤᠶ᠋ᠢᠯᠠᠯ ᠭᠤᠣᠯᠯᠠᠨ ᠪᠠᠶ᠋ᠢᠭᠤᠯᠬᠤ᠂ ᠨᠡᠶ᠋ᠢᠭᠡᠮ᠎ᠤᠨ ᠬᠢᠨᠠᠯᠲᠠ ᠲᠠᠯᠪᠢᠬᠤ᠎ᠪᠠᠷ ᠳᠠᠮᠵᠢᠭᠤᠯᠵᠤ᠂ ᠪᠣᠬᠢᠷᠲᠤᠯ ᠦᠭᠡᠢ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠠᠰᠢᠭᠯᠠᠬᠤ ᠪᠦᠬᠦ ᠶᠠᠪᠤᠴᠠ᠎ᠳᠤ ᠲᠤᠭᠤᠰᠢᠯᠠᠭᠤᠯᠵᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠲᠦᠪᠰᠢᠨ᠎ᠢ ᠦᠨᠡᠨᠬᠦ ᠳᠡᠭᠡᠭᠰᠢᠯᠡᠭᠦᠯᠵᠦ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠨ᠎ᠡ᠃
(ᠬᠤᠶᠠᠷ) ᠦᠨᠳᠦᠰᠦᠨ ᠵᠠᠷᠴᠢᠮ
ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃ ᠡᠯ᠎ᠡ ᠭᠠᠵᠠᠷ᠎ᠤᠨ᠎ᠬᠢᠨ ᠠᠭᠤᠷᠬᠠᠢ ᠵᠢᠨ ᠦᠢ᠍ᠯᠡᠰ᠎ᠤᠨ ᠬᠥᠭᠵᠢᠯᠲᠡ ᠵᠢᠨ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠵᠠᠮ ᠱᠤᠭᠤᠮ᠎ᠤᠨ ᠵᠢᠷᠤᠭ ᠪᠠ ᠴᠠᠭ᠎ᠤᠨ ᠬᠦᠰᠦᠨᠦᠭᠲᠦ ᠵᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠲᠣᠭᠲᠠᠭ᠋ᠠᠵᠤ᠂ ᠲᠥᠯᠥᠪᠵᠢᠭᠦᠯᠭᠡ ᠵᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠨ᠂ ᠡᠬᠢ ᠡᠭᠦᠰᠦᠯ᠎ᠠᠴᠠ᠎ᠨᠢ ᠵᠠᠰᠠᠬᠤ᠂ ᠰᠢᠰᠲ᠋ᠧᠮ᠎ᠲᠠᠢ ᠵᠠᠰᠠᠬᠤ ᠵᠢ ᠠᠬᠢᠭᠤᠯᠵᠤ᠂ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ᠂ ᠦᠢ᠍ᠯᠡᠳᠪᠦᠷᠢᠯᠡᠵᠦ ᠪᠠᠶ᠋ᠢᠭ᠎ᠠ ᠠᠭᠤᠷᠬᠠᠢ (ᠭᠡᠷᠡᠴᠢ ᠦᠨᠡᠮᠯᠡᠯ᠎ᠨᠢ ᠬᠠᠤᠯᠢ ᠶᠣᠰᠣᠨ᠎ᠤ ᠪᠥᠭᠡᠳ ᠬᠦᠴᠦᠨ᠎ᠲᠠᠢ᠂ ᠣᠶ᠋ᠢᠷ᠎ᠠ ᠵᠢᠨ 3 ᠵᠢᠯ᠎ᠤᠨ ᠳᠣᠲᠣᠷ᠎ᠠ ᠬᠡᠪ᠎ᠤᠨ ᠶᠣᠰᠣᠭ᠋ᠠᠷ ᠦᠢ᠍ᠯᠡᠳᠪᠦᠷᠢᠯᠡᠵᠦ᠂ ᠦᠯᠡᠳᠡᠭᠰᠡᠨ ᠬᠠᠳᠠᠭ᠋ᠠᠯᠠᠭᠳᠠᠴᠠ᠎ᠨᠢ ᠮᠠᠯᠲᠠᠵᠤ ᠪᠣᠯᠬᠤ ᠵᠢᠯ ᠬᠤᠭᠤᠴᠠᠭ᠎ᠠ ᠵᠢ 3 ᠵᠢᠯ᠎ᠠᠴᠠ ᠳᠣᠣᠷ᠎ᠠ ᠪᠠᠶ᠋ᠢᠯᠭ᠋ᠠᠬᠤ ᠦᠭᠡᠢ) ᠪᠦᠬᠦᠨ᠎ᠢ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠬᠦ ᠵᠢ ᠠᠬᠢᠭᠤᠯᠬᠤ ᠬᠡᠷᠡᠭᠲᠡᠢ᠃
ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠵᠤ᠂ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠪᠠᠷᠢᠮᠲᠠᠯᠠᠨ᠎ᠠ᠃ ᠰᠢᠨ᠎ᠡ ᠵᠢ ᠡᠭᠦᠳᠬᠦ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠠᠭᠤᠷᠬᠠᠶ ᠵᠢᠨ ᠦᠢ᠍ᠯᠡᠰ᠎ᠤᠨ ᠬᠦᠷᠢᠶᠡᠨ᠎ᠳᠠᠬᠢ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠲᠣᠨᠤᠭ ᠲᠥᠬᠦᠭᠡᠷᠦᠮᠵᠢ ᠵᠢ ᠲᠠᠰ ᠳᠡᠪᠰᠢᠭᠦᠯᠦᠨ ᠥᠭᠡᠷᠡᠴᠢᠯᠡᠬᠦ ᠵᠢ ᠲᠦᠷᠭᠡᠳᠬᠡᠨ᠂ ᠵᠠᠩᠭᠢᠯᠠᠭ᠎ᠠ ᠵᠢᠨ ᠮᠡᠷᠭᠡᠵᠢᠯ᠎ᠤᠨ ᠰᠢᠪᠲᠤᠯᠤᠯᠲᠠ ᠵᠢ ᠬᠦᠴᠦᠯᠡᠨ ᠠᠬᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠲᠣᠨᠤᠭ ᠲᠥᠬᠦᠭᠡᠷᠦᠮᠵᠢ ᠵᠢ ᠲᠦᠷᠭᠡᠪᠴᠢᠯᠡᠨ ᠬᠥᠭᠵᠢᠭᠦᠯᠬᠦ ᠪᠠ ᠥᠷᠭᠡᠨ ᠵᠶ᠋ᠠᠷ ᠬᠡᠷᠡᠭᠯᠡᠬᠦ ᠵᠢ ᠠᠬᠢᠭᠤᠯᠤᠨ᠎ᠠ᠃
ᠬᠠᠮᠵᠢᠯᠴᠠᠨ ᠬᠢᠨᠠᠯᠲᠠ ᠲᠠᠯᠪᠢᠬᠤ᠂ ᠬᠥᠳᠡᠯᠦᠩᠭᠦᠢ᠎ᠪᠠᠷ ᠬᠠᠮᠢᠶᠠᠷᠬᠤ ᠵᠢ ᠪᠠᠷᠢᠮᠲᠠᠯᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠬᠤᠭᠤᠷᠤᠨᠳᠤᠬᠢ ᠵᠤᠬᠢᠴᠠᠯᠳᠤᠨ ᠬᠦᠳᠡᠯᠦᠯᠴᠡᠬᠦ ᠵᠢ ᠴᠢᠩᠭ᠋ᠠᠳᠬᠠᠵᠤ᠂ ᠪᠤᠬᠢᠷᠳᠤᠯ ᠦᠭᠡᠢ ᠠᠭᠤᠷᠬᠠᠢ ᠵᠢᠨ ᠡᠳᠦᠷ ᠳᠤᠲᠤᠮ᠎ᠤᠨ ᠬᠢᠨᠠᠯᠲᠠ ᠲᠠᠯᠪᠢᠯᠲᠠ ᠵᠢ ᠰᠠᠶ᠋ᠢᠲᠤᠷ ᠬᠢᠵᠦ᠂ ᠤᠯᠤᠰ᠎ᠤᠨ ᠳᠡᠰ ᠪᠠ ᠮᠤᠵᠢ ᠵᠢᠨ ᠳᠡᠰ᠎ᠤᠨ ᠪᠤᠬᠢᠷᠳᠤᠯ ᠦᠭᠡᠢ ᠠᠭᠤᠷᠬᠠᠢ ᠵᠢᠨ ᠨᠡᠷᠡᠰ᠎ᠤᠨ ᠵᠢᠭᠰᠠᠭ᠋ᠠᠯᠲᠠ ᠵᠢᠨ ᠬᠦᠳᠡᠯᠦᠩᠭᠦᠢ ᠬᠠᠮᠢᠶᠠᠷᠤᠯᠲᠠ ᠵᠢ ᠴᠢᠩᠭ᠋ᠠᠳᠬᠠᠨ᠂ ᠬᠤᠲᠠ ᠵᠢᠨ ᠳᠡᠰ᠂ ᠰᠢᠶᠠᠨ᠎ᠤ ᠳᠡᠰ᠎ᠤᠨ ᠪᠤᠬᠢᠷᠳᠤᠯ ᠦᠭᠡᠢ ᠠᠭᠤᠷᠬᠠᠢ ᠵᠢᠨ ᠨᠡᠷᠡᠰ᠎ᠤᠨ ᠵᠢᠭᠰᠠᠭ᠋ᠠᠯᠲᠠ ᠵᠢ ᠪᠠᠶ᠋ᠢᠭᠤᠯᠬᠤ ᠦᠭᠡᠢ᠃ ᠨᠢᠭᠡᠨᠲᠡ ᠪᠠᠶ᠋ᠢᠭᠤᠯᠤᠭᠰᠠᠨ ᠬᠤᠲᠠ᠂ ᠰᠢᠶᠠᠨ᠎ᠤ ᠱᠠᠲᠤᠨ᠎ᠤ ᠪᠣᠬᠢᠷᠲᠤᠯ ᠥᠬᠡᠶ ᠠᠭᠤᠷᠬᠠᠶ ᠵᠢ ᠦᠨᠡᠯᠡᠨ ᠵᠢᠱ᠌ᠢᠭᠰᠡᠨ᠎ᠤ ᠳᠠᠷᠠᠭ᠎ᠠ ᠰᠢᠯᠢᠳᠡᠭ᠎ᠢ᠎ᠨᠢ ᠮᠤᠵᠢ ᠵᠢᠨ ᠱᠠᠲᠤᠨ᠎ᠤ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ᠂ ᠪᠣᠬᠢᠷᠲᠤᠯ ᠥᠬᠡᠶ ᠠᠭᠤᠷᠬᠠᠶ ᠵᠢ ᠰᠢᠮᠳᠠᠭᠤᠯᠵᠤ ᠪᠠᠶ᠋ᠢᠭ᠋ᠠᠳ ᠪᠥᠲᠥᠭᠡᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ᠎ᠨᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃
(ᠭᠤᠷᠪᠠ) ᠭᠤᠤᠯ ᠬᠠᠷᠠᠯᠲᠠ
2028 ᠣᠨ᠎ᠤ ᠰᠡᠭᠦᠯᠴᠢ ᠪᠣᠯᠬᠤ᠎ᠳᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠲᠣᠭᠲᠠᠴᠠ ᠵᠢ ᠨᠠᠩ ᠲᠡᠭᠦᠯᠳᠡᠷᠵᠢᠭᠦᠯᠵᠦ᠂ ᠦᠨᠡᠮᠯᠡᠯ᠎ᠲᠠᠢ ᠦᠢ᠍ᠯᠡᠳᠪᠦᠷᠢᠯᠡᠯ᠎ᠤᠨ 90% ᠵᠢᠨ ᠲᠣᠮᠣ ᠬᠡᠯᠪᠡᠷᠢ ᠵᠢᠨ ᠠᠭᠤᠷᠬᠠᠶ᠂ 80% ᠵᠢᠨ ᠳᠤᠮᠳᠠ ᠬᠡᠯᠪᠡᠷᠢ ᠵᠢᠨ ᠠᠭᠤᠷᠬᠠᠶ ᠵᠢ ᠪᠣᠬᠢᠷᠲᠤᠯ ᠥᠬᠡᠶ ᠠᠭᠤᠷᠬᠠᠶ ᠵᠢᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠬᠦᠷᠦᠭᠦᠯᠵᠦ᠂ ᠡᠯ᠎ᠡ ᠭᠠᠵᠠᠷ᠎ᠤᠨ᠎ᠬᠢᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠪᠣᠬᠢᠷᠲᠤᠯ ᠥᠬᠡᠶ ᠠᠭᠤᠷᠬᠠᠶ ᠵᠢᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠨ ᠵᠢᠵᠢᠭ ᠬᠡᠯᠪᠡᠷᠢ ᠵᠢᠨ ᠠᠭᠤᠷᠬᠠᠶ ᠵᠢᠨ ᠬᠠᠮᠢᠶᠠᠷᠤᠯᠲᠠ ᠵᠢ ᠴᠢᠩᠭ᠋ᠠᠳᠬᠠᠵᠤ ᠪᠣᠯᠤᠨ᠎ᠠ᠃
ᠬᠤᠶᠠᠷ᠂ ᠪᠤᠬᠢᠷᠳᠤᠯ ᠦᠭᠡᠢ ᠠᠭᠤᠷᠬᠠᠢ ᠵᠢᠨ ᠪᠦᠳᠦᠭᠡᠨ ᠪᠠᠶ᠋ᠢᠭᠤᠯᠤᠯᠳᠠ ᠵᠢ ᠪᠦᠬᠦ ᠲᠠᠯ᠎ᠠ᠎ᠪᠠᠷ ᠠᠬᠢᠭᠤᠯᠤᠨ᠎ᠠ
(ᠲᠦᠷᠪᠡ) ᠠᠭᠤᠷᠬᠠᠶ ᠵᠢᠨ ᠠᠵᠤ ᠠᠬᠤᠶ᠋ᠢᠯᠠᠯ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠠᠵᠢᠯ᠎ᠢ ᠬᠠᠤᠯᠢ ᠶᠣᠰᠣᠭ᠋ᠠᠷ ᠡᠷᠭᠢᠯᠡᠵᠦ ᠪᠠᠶ᠋ᠢᠭ᠎ᠠ ᠠᠭᠤᠷᠬᠠᠶ ᠵᠢᠨ ᠠᠵᠤ ᠠᠬᠤᠶ᠋ᠢᠯᠠᠯ ᠪᠣᠯ ᠪᠣᠬᠢᠷᠲᠤᠯ ᠥᠬᠡᠶ ᠠᠭᠤᠷᠬᠠᠶ ᠵᠢ ᠡᠭᠦᠳᠦᠨ ᠪᠠᠶ᠋ᠢᠭᠤᠯᠬᠤ ᠬᠠᠷᠢᠭᠤᠴᠠᠯᠭ᠎ᠠ ᠵᠢᠨ ᠭᠤᠤᠯ ᠴᠣᠭᠴᠠ ᠮᠥᠨ᠂ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠨᠣᠯᠵᠢᠬᠤᠨ᠎ᠢ ᠪᠠᠲᠤ ᠪᠠᠬᠢ ᠪᠣᠶ ᠪᠣᠯᠭ᠋ᠠᠨ ᠦᠢ᠍ᠯᠡᠳᠦᠯᠭᠡᠵᠢᠭᠦᠯᠵᠦ᠂ ᠪᠠᠷᠢᠮᠵᠢᠶ᠎ᠠ ᠵᠢᠨ ᠵᠢᠷᠤᠮᠵᠢᠯ᠎ᠢ ᠴᠢᠩᠭ᠎ᠠ ᠵᠢᠷᠤᠮᠯᠠᠨ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠬᠦ ᠪᠥᠬᠦ ᠶᠠᠪᠤᠴᠠ᠎ᠳᠤ ᠠᠭᠤᠷᠬᠠᠶ ᠵᠢᠨ ᠣᠷᠣᠨ ᠵᠢᠴᠢ ᠡᠷᠬᠢᠨ ᠲᠣᠭᠤᠷᠢᠨ᠎ᠤ ᠠᠮᠢ ᠠᠬᠤᠶ ᠵᠢᠨ ᠣᠷᠴᠢᠨ ᠲᠣᠭᠤᠷᠢᠨ᠎ᠤ ᠬᠠᠷᠰᠢᠯᠠᠯ᠎ᠢ ᠡᠵᠡᠮᠳᠡᠵᠦ ᠪᠣᠯᠬᠤ ᠬᠡᠪᠴᠢᠶᠡᠨ ᠳᠣᠲᠣᠷ᠎ᠠ ᠡᠵᠡᠮᠳᠡᠵᠦ᠂ ᠠᠭᠤᠷᠬᠠᠶ ᠵᠢᠨ ᠣᠷᠣᠨ᠎ᠤ ᠣᠷᠴᠢᠨ ᠲᠣᠭᠤᠷᠢᠨ᠎ᠢ ᠠᠮᠢ ᠠᠬᠤᠶ᠋ᠢᠵᠢᠭᠤᠯᠬᠤ᠂ ᠨᠡᠭᠡᠭᠡᠨ ᠮᠠᠯᠲᠠᠬᠤ ᠠᠷᠭ᠎ᠠ ᠮᠠᠶᠢᠭ᠎ᠢ ᠰᠢᠨᠵᠢᠯᠡᠬᠦ ᠤᠬᠠᠭ᠋ᠠᠨᠴᠢᠯᠠᠬᠤ᠂ ᠡᠬᠢ ᠪᠠᠶᠠᠯᠢᠭ᠎ᠤᠨ ᠠᠰᠢᠭᠯᠠᠯᠲᠠ ᠵᠢ ᠥᠨᠳᠥᠷ ᠦᠷ᠎ᠡ ᠪᠦᠲᠦᠮᠵᠢᠲᠡᠶ ᠪᠣᠯᠭ᠋ᠠᠬᠤ᠂ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ᠂ ᠠᠭᠤᠷᠬᠠᠶ ᠵᠢᠨ ᠣᠷᠣᠨ᠎ᠤ ᠨᠡᠶ᠋ᠢᠭᠡᠮ ᠲᠣᠭᠤᠷᠢᠭ ᠪᠠ ᠡᠶ᠎ᠡ ᠵᠣᠬᠢᠴᠠᠯ᠎ᠲᠠᠢ ᠪᠣᠬᠢᠷᠲᠤᠯ ᠥᠬᠡᠶ ᠠᠭᠤᠷᠬᠠᠶ ᠵᠢ ᠪᠥᠲᠥᠭᠡᠨ ᠪᠠᠶ᠋ᠢᠭᠤᠯᠬᠤ ᠬᠡᠷᠡᠭᠲᠡᠶ᠃ ᠠᠭᠤᠷᠬᠠᠶ ᠵᠢᠨ ᠠᠵᠤ ᠠᠬᠤᠶ᠋ᠢᠯᠠᠯ᠎ᠤᠳ ᠠᠭᠤᠷᠬᠠᠶ ᠵᠢ ᠨᠡᠭᠡᠭᠡᠨ ᠠᠰᠢᠭᠯᠠᠬᠤ᠂ ᠠᠮᠢ ᠠᠬᠤᠶ ᠵᠢ ᠰᠡᠷᠭᠦᠭᠡᠬᠦ᠂ ᠣᠷᠴᠢᠨ ᠲᠣᠭᠤᠷᠢᠨ᠎ᠢ ᠬᠠᠮᠠᠭ᠋ᠠᠯᠠᠬᠤ ᠵᠡᠷᠭᠡ ᠲᠥᠰᠦᠯ᠎ᠢ ᠨᠠᠶ᠋ᠢᠳᠠᠪᠤᠷᠢᠵᠢᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠪᠠ ᠠᠬᠢᠴᠠ ᠵᠢ ᠲᠣᠳᠣᠷᠬᠠᠶ᠋ᠢᠯᠠᠨ᠂ 《ᠨᠡᠭᠡᠭᠡᠨ ᠮᠠᠯᠲᠠᠬᠤ ᠵᠢᠨ ᠳᠠᠭ᠋ᠠᠤ ᠵᠠᠰᠠᠨ ᠰᠡᠷᠭᠦᠭᠡᠬᠦ》 ᠵᠡᠷᠭᠡ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠴᠠᠭ ᠲᠤᠬᠠᠶ᠎ᠳᠤᠨᠢ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠲᠡᠶ᠃ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷ᠎ᠠ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠤᠤᠯ ᠬᠠᠮᠠᠭ᠋ᠠᠯᠠᠯᠲᠠ ᠵᠢᠨ ᠣᠷᠣᠨ᠎ᠠᠴᠠ ᠭᠠᠳᠠᠨ᠎ᠠ ᠬᠠᠤᠯᠢ ᠶᠣᠰᠣᠭ᠋ᠠᠷ ᠨᠡᠭᠡᠭᠡᠨ ᠮᠠᠯᠲᠠᠬᠤ ᠠᠭᠤᠷᠬᠠᠶ᠎ᠳᠤ ᠬᠠᠮᠤᠭ᠎ᠤᠨ ᠴᠢᠩᠭ᠎ᠠ ᠪᠠᠷᠢᠮᠵᠢᠶ᠎ᠠ ᠵᠢᠷᠤᠮᠵᠢᠯ᠎ᠢ ᠬᠡᠷᠡᠭᠵᠢᠭᠦᠯᠵᠦ᠂ ᠪᠣᠬᠢᠷᠲᠤᠯ ᠥᠬᠡᠶ ᠨᠡᠭᠡᠭᠡᠨ ᠮᠠᠯᠲᠠᠬᠤ ᠵᠢᠴᠢ ᠠᠭᠤᠷᠬᠠᠶ ᠵᠢᠨ ᠣᠷᠴᠢᠨ ᠲᠣᠭᠤᠷᠢᠨ᠎ᠤ ᠠᠮᠢ ᠠᠬᠤᠶ ᠵᠢ ᠰᠡᠷᠭᠦᠭᠡᠬᠦ ᠬᠠᠮᠢᠶ᠎ᠠ ᠪᠥᠬᠦᠶ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠮᠢ ᠠᠬᠤᠶ ᠵᠢᠨ ᠣᠷᠴᠢᠨ ᠲᠣᠭᠤᠷᠢᠨ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠨᠥᠯᠥᠭᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠪᠥᠬᠦ ᠲᠠᠯ᠎ᠠ᠎ᠪᠠᠷ ᠰᠠᠶ᠋ᠢᠲᠤᠷ ᠬᠢᠬᠦ ᠬᠡᠷᠡᠭᠲᠡᠶ᠃ ᠭᠤᠮᠣᠳᠠᠯ ᠲᠣᠭ᠋ᠠᠴᠢᠵᠤ ᠬᠠᠷᠢᠭᠤ ᠥᠭᠬᠦ ᠲᠣᠭᠲᠠᠴᠠ ᠵᠢ ᠪᠠᠶ᠋ᠢᠭᠤᠯᠵᠤ᠂ ᠠᠭᠤᠷᠬᠠᠶ ᠵᠢᠨ ᠨᠥᠯᠥᠭᠡ ᠵᠢ ᠭᠥᠷᠳᠡᠭᠰᠡᠨ ᠨᠡᠶ᠋ᠢᠭᠡᠮ ᠲᠣᠭᠤᠷᠢᠭ ᠵᠡᠷᠭᠡ ᠠᠰᠢᠭ ᠲᠤᠰᠠᠲᠠᠢ ᠬᠤᠯᠪᠣᠭᠳᠠᠬᠤ ᠬᠥᠮᠦᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠰᠠᠭ᠋ᠠᠳ ᠥᠬᠡᠶ ᠨᠡᠪᠲᠡᠷᠡᠭᠦᠯᠵᠦ᠂ ᠨᠡᠶ᠋ᠢᠭᠡᠮ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ ᠰᠠᠶ᠋ᠢᠨ ᠰᠠᠶ᠋ᠢᠬᠠᠨ ᠠᠵᠤ ᠠᠬᠤᠶ᠋ᠢᠯᠠᠯ᠎ᠤᠨ ᠳᠦᠷᠢ ᠲᠥᠷᠬᠦ ᠵᠢ ᠪᠣᠶ ᠪᠣᠯᠭ᠋ᠠᠬᠤ ᠬᠡᠷᠡᠭᠲᠡᠶ᠃
(ᠲᠠᠪᠤ) ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠲᠥᠷᠥᠯ ᠬᠤᠪᠢᠶᠠᠨ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠯᠴᠠᠵᠤ ᠪᠠᠶ᠋ᠢᠭ᠋ᠠᠳ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠤᠶᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠳᠠᠬᠢ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠤᠬᠠᠶ ᠲᠣᠭᠲᠠᠭ᠋ᠠᠯ᠎ᠢ ᠦᠨᠳᠦᠰᠦᠯᠡᠨ ᠲᠣᠳᠣᠷᠬᠠᠶ ᠱᠠᠭ᠋ᠠᠷᠳᠠᠯᠭ᠎ᠠ ᠲᠠᠯᠪᠢᠵᠤ᠂ ᠰᠢᠨ᠎ᠡ᠎ᠪᠠᠷ ᠪᠠᠶ᠋ᠢᠭᠤᠯᠤᠭᠰᠠᠨ ᠠᠭᠤᠷᠬᠠᠶ᠎ᠳᠤ ᠪᠣᠬᠢᠷᠲᠤᠯ ᠥᠬᠡᠶ ᠠᠭᠤᠷᠬᠠᠶ ᠵᠢᠨ ᠪᠠᠷᠢᠮᠵᠢᠶ᠎ᠠ ᠵᠢ ᠴᠢᠩᠭ᠎ᠠ ᠵᠢᠷᠤᠮᠯᠠᠨ ᠪᠥᠲᠥᠭᠡᠨ ᠪᠠᠶ᠋ᠢᠭᠤᠯᠤᠨ ᠠᠵᠢᠯᠯᠠᠭᠤᠯᠵᠤ᠂ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ 1—2 ᠵᠢᠯ᠎ᠤᠨ ᠳᠣᠲᠣᠷ᠎ᠠ ᠪᠣᠬᠢᠷᠲᠤᠯ ᠥᠬᠡᠶ ᠠᠭᠤᠷᠬᠠᠶ ᠵᠢ ᠦᠨᠡᠯᠡᠨ ᠵᠢᠱ᠌ᠢᠵᠦ ᠬᠢᠨᠠᠨ ᠪᠠᠶ᠋ᠢᠴᠠᠭ᠋ᠠᠬᠤ᠎ᠳᠤ ᠬᠢᠷᠢ ᠲᠡᠩᠴᠡᠭᠰᠡᠨ᠎ᠤ ᠬᠠᠮᠲᠤ᠂ ᠠᠭᠤᠷᠬᠠᠶ ᠮᠠᠯᠲᠠᠬᠤ ᠡᠷᠬᠡ ᠵᠢ ᠰᠢᠯᠵᠢᠭᠦᠯᠬᠦ ᠦᠶ᠎ᠡ᠎ᠳᠤ ᠬᠠᠮᠢᠶ᠎ᠠ ᠪᠥᠬᠦᠶ ᠱᠠᠭ᠋ᠠᠷᠳᠠᠯᠭ᠎ᠠ ᠪᠠ ᠭᠡᠷ᠎ᠡ ᠵᠢ ᠵᠥᠷᠢᠴᠡᠭᠰᠡᠨ ᠬᠠᠷᠢᠭᠤᠴᠠᠯᠭ᠎ᠠ ᠵᠢ ᠰᠢᠯᠵᠢᠭᠦᠯᠦᠨ ᠬᠤᠳᠠᠯᠳᠤᠬᠤ ᠭᠡᠷ᠎ᠡ᠎ᠳᠤ ᠣᠷᠣᠭᠤᠯᠬᠤ ᠬᠡᠷᠡᠭᠲᠡᠶ᠃ ᠦᠢ᠍ᠯᠡᠳᠪᠦᠷᠢᠯᠡᠵᠦ ᠪᠠᠶ᠋ᠢᠭ᠎ᠠ ᠠᠭᠤᠷᠬᠠᠢ᠎ᠳᠤ ᠪᠤᠬᠢᠷᠳᠤᠯ ᠦᠭᠡᠢ᠎ᠪᠠᠷ ᠳᠡᠰ ᠳᠡᠪᠰᠢᠭᠦᠯᠦᠨ ᠦᠭᠡᠷᠡᠴᠢᠯᠡᠬᠦ ᠵᠢ ᠲᠦᠷᠭᠡᠳᠭᠡᠵᠦ᠂ ᠦᠷᠭᠦᠯᠵᠢᠯᠡᠭᠦᠯᠬᠦ᠂ ᠬᠤᠪᠢᠷᠠᠭᠤᠯᠬᠤ ᠭᠠᠷᠳᠠᠮ᠎ᠢ ᠭᠦᠢ᠍ᠴᠡᠳᠭᠡᠬᠦ᠎ᠳᠡᠭᠡᠨ ᠪᠤᠬᠢᠷᠳᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠴᠠᠭ ᠬᠤᠭᠤᠴᠠᠭ᠎ᠠ ᠪᠠ ᠱᠠᠭ᠋ᠠᠷᠳᠠᠯᠭ᠎ᠠ ᠵᠢ ᠲᠤᠳᠤᠷᠬᠠᠶ᠋ᠢᠯᠠᠬᠤ ᠬᠡᠷᠡᠭᠲᠡᠢ᠃ ᠣᠷᠣᠨ ᠨᠣᠳᠤᠭ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ᠎ᠨᠢ ᠠᠭᠤᠷᠬᠠᠢ ᠵᠢᠨ ᠠᠵᠦ ᠠᠬᠤᠶ᠋ᠢᠯᠠᠯ᠎ᠯᠤᠭ᠎ᠠ ᠪᠣᠬᠢᠷᠳᠦᠯ ᠦᠭᠡᠢ ᠠᠭᠤᠷᠬᠠᠢ ᠵᠢᠨ ᠪᠦᠳᠦᠭᠡᠨ ᠪᠠᠶ᠋ᠢᠭᠤᠯᠥᠯᠳᠡ ᠵᠢᠨ ᠭᠡᠷ᠎ᠠ ᠲᠣᠠᠠᠳᠠᠭ᠋ᠠᠬᠤ ᠵᠢ ᠵᠣᠷᠢᠠᠠᠵᠢᠭᠤᠯᠥᠨ᠎ᠠ᠃ ᠦᠯᠡᠳᠡᠵᠦ ᠪᠠᠶ᠋ᠢᠭ᠎ᠠ ᠬᠠᠳᠠᠭ᠋ᠠᠯᠠᠭᠳᠠᠴᠠ ᠵᠢᠨ ᠮᠠᠯᠲᠠᠵᠤ ᠪᠣᠯᠬᠤ ᠵᠢᠯ ᠬᠤᠭᠤᠴᠠᠭ᠎ᠠ᠎ᠨᠢ 3 ᠵᠢᠯ ᠬᠦᠷᠬᠦ ᠦᠭᠡᠶ ᠦᠢ᠍ᠯᠡᠳᠪᠦᠷᠢᠯᠡᠯ᠎ᠤᠨ ᠠᠭᠤᠷᠬᠠᠶ᠎ᠳᠤ ᠪᠣᠬᠢᠷᠲᠤᠯ ᠦᠭᠡᠶ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠶᠣᠰᠣᠭ᠋ᠠᠷ ᠬᠠᠮᠢᠶᠠᠷᠤᠯᠲᠠ᠎ᠪᠠᠨ ᠴᠢᠩᠭ᠋ᠠᠳᠬᠠᠵᠤ᠂ ᠨᠦᠭᠡ ᠬᠠᠭ᠋ᠠᠬᠤ᠎ᠠᠴᠠ ᠡᠮᠦᠨᠡᠬᠢ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢᠴᠢ ᠠᠭᠤᠷᠬᠠᠶ ᠵᠢᠨ ᠭᠠᠵᠠᠷ᠎ᠤᠨ ᠣᠷᠴᠢᠨ ᠲᠣᠭᠤᠷᠢᠨ᠎ᠢ ᠰᠡᠷᠭᠦᠭᠡᠨ ᠵᠠᠰᠠᠬᠤ᠂ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ᠂ ᠤᠷᠭᠤᠮᠠᠯ᠎ᠤᠨ ᠪᠦᠷᠬᠦᠴᠡ ᠵᠢ ᠰᠡᠷᠭᠦᠭᠡᠬᠦ ᠵᠡᠷᠭᠡ ᠠᠮᠢ ᠠᠬᠤᠶ ᠵᠢ ᠰᠡᠷᠭᠦᠭᠡᠬᠦ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃
(ᠵᠢᠷᠭᠤᠭ᠎ᠠ) ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠤᠨ ᠬᠡᠷᠡᠭᠯᠡᠯᠲᠡ ᠵᠢ ᠲᠦᠷᠭᠡᠳᠬᠡᠨ ᠠᠬᠢᠭᠤᠯᠤᠨ᠎ᠠ᠃ ᠠᠭᠤᠷᠬᠠᠶ ᠵᠢᠨ ᠠᠵᠤ ᠠᠬᠤᠶ᠋ᠢᠯᠠᠯ᠎ᠤᠳ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠮᠡᠷᠭᠡᠵᠢᠯ ᠤᠷ᠎ᠠ ᠮᠡᠷᠭᠡᠵᠢᠯ᠎ᠤᠨ ᠲᠣᠨᠤᠭ ᠲᠥᠬᠦᠭᠡᠷᠦᠮᠵᠢ ᠵᠢ ᠲᠠᠰ ᠳᠡᠪᠰᠢᠭᠦᠯᠦᠨ ᠥᠭᠡᠷᠡᠴᠢᠯᠡᠬᠦ ᠵᠢ ᠴᠢᠩᠭ᠋ᠠᠳᠬᠠᠵᠤ᠂ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂ ᠶᠡᠷᠦᠩᠬᠡᠶ᠋ᠢᠯᠡᠨ ᠠᠰᠢᠭᠯᠠᠬᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠠᠮᠢ ᠠᠬᠤᠶ ᠵᠢ ᠰᠡᠷᠭᠦᠭᠡᠬᠦ ᠵᠡᠷᠭᠡ ᠭᠤᠭᠴᠤᠭ᠎ᠠ᠎ᠳᠤ 《ᠤᠯᠤᠰ᠎ᠤᠨ ᠭᠤᠤᠯᠳᠠᠯᠭ᠎ᠠ᠎ᠲᠠᠢ ᠳᠡᠯᠭᠡᠷᠡᠭᠦᠯᠬᠦ ᠳᠣᠤᠷ᠎ᠠ ᠨᠡᠭᠦᠷᠡᠰᠦᠲᠥ᠋ᠷᠥᠭᠴᠢᠲᠦ ᠮᠡᠷᠭᠡᠵᠢᠯ᠎ᠤᠨ ᠭᠠᠷᠴᠠᠭ》᠂ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠤᠨ ᠭᠠᠷᠴᠠᠭ》᠎ᠲᠠᠬᠢ ᠮᠡᠷᠭᠡᠵᠢᠯ᠎ᠢ ᠬᠡᠷᠡᠭᠯᠡᠬᠦ ᠵᠢ ᠵᠣᠷᠢᠭᠵᠢᠭᠤᠯᠵᠤ᠂ ᠠᠭᠤᠷᠬᠠᠶ ᠵᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢᠨ ᠬᠤᠪᠢᠷᠠᠭᠤᠯᠤᠯᠲᠠ ᠵᠢ ᠠᠬᠢᠭᠤᠯᠤᠨ᠎ᠠ᠃ 5G᠂ ᠲᠣᠮᠣ ᠳ᠋ᠠᠶ᠋ᠢᠲ᠋ᠠ᠂ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠳᠡᠭᠡ ᠵᠠᠩᠭᠢᠵᠢᠯᠲᠠ ᠵᠢᠨ ᠮᠡᠷᠭᠡᠵᠢᠯ᠎ᠢ ᠲᠦᠷᠭᠡᠳᠬᠡᠨ ᠠᠭᠤᠰᠤᠯᠴᠠᠭᠤᠯᠵᠤ᠂ ᠠᠭᠤᠷᠬᠠᠶ ᠵᠢᠨ ᠠᠵᠤ ᠠᠬᠤᠶ᠋ᠢᠯᠠᠯ᠎ᠤᠨ ᠲᠣᠭ᠋ᠠᠴᠢᠯᠠᠭᠰᠠᠨ᠂ ᠤᠶᠤᠨᠴᠢᠯᠠᠭᠰᠠᠨ᠂ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠤᠨ᠂ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
(ᠳᠤᠯᠤᠭ᠎ᠠ) ᠠᠭᠤᠷᠬᠠᠶ ᠵᠢᠨ ᠠᠵᠤ ᠠᠬᠤᠶ᠋ᠢᠯᠠᠯ᠎ᠢ ᠡᠭᠦᠳᠦᠨ ᠪᠠᠶ᠋ᠢᠭᠤᠯᠬᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠭᠤᠷᠬᠠᠶ ᠵᠢᠨ ᠠᠵᠤ ᠠᠬᠤᠶ᠋ᠢᠯᠠᠯ᠎ᠨᠢ ᠵᠣᠬᠢᠴᠠᠩᠭᠤᠶ ᠠᠵᠢᠯ ᠲᠥᠷᠥᠯ᠎ᠤᠨ ᠪᠠᠷᠢᠮᠵᠢᠶ᠎ᠠ ᠪᠠ ᠦᠨᠡᠯᠡᠬᠦ ᠭᠦᠢ᠍ᠴᠡᠳᠬᠡᠯ ᠲᠤᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠠᠷᠢᠴᠠᠭᠤᠯᠤᠨ ᠲᠣᠭᠲᠠᠮᠠᠯ ᠬᠤᠭᠤᠴᠠᠭ᠎ᠠ᠎ᠲᠠᠢ᠎ᠪᠠᠷ ᠥᠪᠡᠷ᠎ᠢ᠎ᠪᠠᠨ ᠦᠨᠡᠯᠡᠵᠦ᠂ ᠲᠥᠯᠥᠪᠯᠡᠭᠡ ᠶᠣᠰᠣᠭ᠋ᠠᠷ ᠪᠣᠬᠢᠷᠲᠤᠯ ᠥᠬᠡᠶ ᠠᠭᠤᠷᠬᠠᠶ ᠵᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠵᠦ᠂ ᠠᠰᠠᠭᠤᠳᠠᠯ᠎ᠤᠨ ᠳᠤᠲᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠵᠦ᠂ ᠴᠡᠭᠴᠡᠯᠡᠨ ᠰᠠᠶ᠋ᠢᠵᠢᠷᠠᠭᠤᠯᠬᠤ ᠵᠢ ᠢᠳᠡᠪᠬᠢᠲᠡᠶ ᠠᠬᠢᠭᠤᠯᠬᠤ ᠬᠡᠷᠡᠭᠲᠡᠶ᠃ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ᠎ᠪᠠᠨ ᠪᠡᠶᠡᠯᠡᠭᠦᠯᠦᠭᠰᠡᠨ ᠪᠥᠭᠡᠳ ᠥᠪᠡᠷ ᠵᠶ᠋ᠠᠨ ᠦᠨᠡᠯᠡᠵᠦ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠬᠦᠷᠦᠭᠰᠡᠨ ᠪᠠᠶ᠋ᠢᠪᠠᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠦᠨᠡᠯᠡᠨ ᠵᠢᠱ᠌ᠢᠭᠰᠡᠨ ᠮᠡᠳᠡᠭᠦᠯᠦᠯᠲᠡ᠎ᠪᠠᠨ ᠲᠤᠰᠢᠶᠠᠵᠤ᠂ ᠮᠤᠵᠢ ᠵᠢᠨ ᠱᠠᠲᠤᠨ᠎ᠤ ᠪᠣᠬᠢᠷᠲᠤᠯ ᠥᠬᠡᠶ ᠠᠭᠤᠷᠬᠠᠶ ᠵᠢ ᠭᠤᠶᠤᠴᠢᠯᠠᠨ ᠮᠡᠳᠡᠭᠦᠯᠵᠦ ᠪᠣᠯᠤᠨ᠎ᠠ᠃ ᠠᠭᠤᠷᠬᠠᠢ ᠵᠢᠨ ᠠᠵᠤ ᠠᠬᠤᠶ᠋ᠢᠯᠠᠯ᠎ᠨᠢ ᠥᠪᠡᠷ᠎ᠤᠨ ᠬᠢᠨᠠᠨ ᠦᠨᠡᠯᠡᠭᠰᠡᠨ ᠮᠡᠳᠡᠭᠦᠯᠦᠯᠲᠡ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃
ᠭᠤᠷᠪᠠ᠂ ᠭᠤᠷᠪᠠᠳᠡᠬᠢ ᠡᠲᠡᠭᠡᠳ᠎ᠤᠨ ᠦᠨᠡᠯᠡᠨ ᠵᠢᠱ᠌ᠢᠬᠦ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ
(ᠨᠠᠢ᠍ᠮᠠ) ᠭᠤᠷᠪᠠᠳᠤᠭ᠋ᠠᠷ ᠡᠲᠡᠭᠡᠳ᠎ᠠᠴᠠ ᠦᠨᠡᠯᠡᠨ ᠵᠢᠱ᠌ᠢᠬᠦ ᠵᠢ ᠴᠢᠩᠳᠠᠯᠠᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ᠂ ᠠᠭᠤᠷᠬᠠᠶ ᠵᠢᠨ ᠠᠵᠤ ᠠᠬᠤᠶ᠋ᠢᠯᠠᠯ᠎ᠤᠨ ᠮᠡᠳᠡᠭᠦᠯᠦᠭᠰᠡᠨ ᠮᠠᠲ᠋ᠧᠷᠢᠶᠠᠯ᠎ᠳᠤ ᠠᠩᠬᠠᠨ᠎ᠤ ᠬᠢᠨᠠᠯᠲᠠ ᠲᠠᠯᠪᠢᠨ᠎ᠠ᠃ ᠠᠩᠬᠠᠨ᠎ᠤ ᠬᠢᠨᠠᠯᠲᠠ᠎ᠳᠤ ᠬᠢᠷᠢ ᠲᠡᠩᠴᠡᠭᠰᠡᠨ ᠪᠠᠶ᠋ᠢᠪᠠᠯ᠂ ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ ᠪᠠᠶ᠋ᠢᠭᠤᠯᠤᠮᠵᠢ᠎ᠳᠤ ᠨᠠᠶ᠋ᠢᠳᠠᠵᠤ ᠲᠤᠬᠠᠶ ᠵᠢᠨ ᠭᠠᠵᠠᠷ᠎ᠲᠤᠨᠢ ᠬᠢᠨᠠᠨ ᠪᠠᠶ᠋ᠢᠴᠠᠭ᠋ᠠᠵᠤ ᠦᠨᠡᠯᠡᠨ ᠵᠢᠱ᠌ᠢᠬᠦ ᠠᠵᠢᠯ᠎ᠢ ᠥᠷᠨᠢᠭᠦᠯᠦᠨ᠎ᠡ᠃
ᠡᠯ᠎ᠡ ᠮᠤᠵᠢ (ᠣᠷᠣᠨ᠂ ᠬᠤᠲᠠ) ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠤᠯᠪᠣᠭ᠋ᠠᠯᠠᠨ᠂ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠵᠦ ᠵᠢᠷᠤᠮᠵᠢᠭᠤᠯᠤᠨ ᠬᠠᠮᠢᠶᠠᠷᠬᠤ ᠵᠢ ᠴᠢᠩᠭ᠋ᠠᠳᠬᠠᠨ᠎ᠠ᠃ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ ᠪᠠᠶ᠋ᠢᠭᠤᠯᠤᠮᠵᠢ᠎ᠨᠢ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠠᠵᠢᠯ ᠲᠥᠷᠥᠯ᠎ᠤᠨ ᠨᠡᠶ᠋ᠢᠭᠡᠮᠯᠢᠭ ᠪᠠᠶ᠋ᠢᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠦᠨᠡᠯᠡᠨ ᠵᠢᠱ᠌ᠢᠬᠦ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠲᠠᠢ ᠪᠠᠶ᠋ᠢᠬᠤ ᠬᠡᠷᠡᠭᠲᠡᠶ᠃ ᠦᠨᠡᠯᠡᠨ ᠵᠢᠱ᠌ᠢᠬᠦ ᠠᠵᠢᠯᠲᠠᠨ ᠪᠣᠬᠢᠷᠲᠤᠯ ᠥᠬᠡᠶ ᠠᠭᠤᠷᠬᠠᠶ ᠵᠢᠨ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠪᠠ ᠪᠠᠷᠢᠮᠵᠢᠶ᠎ᠠ ᠵᠢ ᠣᠶ᠋ᠢᠯᠠᠭ᠋ᠠᠵᠤ᠂ ᠭᠠᠵᠠᠷ ᠰᠢᠨᠵᠢᠯᠡᠭᠡ᠂ ᠠᠭᠤᠷᠬᠠᠶ ᠮᠠᠯᠲᠠᠬᠤ᠂ ᠬᠦᠳᠡᠷ ᠰᠣᠩᠭᠤᠬᠤ᠂ ᠠᠮᠢ ᠠᠬᠤᠶ᠂ ᠣᠷᠴᠢᠨ ᠲᠣᠭᠤᠷᠢᠨ ᠵᠡᠷᠭᠡ ᠲᠤᠰᠬᠠᠶ ᠮᠡᠷᠭᠡᠵᠢᠯ᠎ᠢ ᠬᠠᠮᠤᠷᠴᠤ᠂ ᠦᠨᠡᠯᠡᠨ ᠵᠢᠱ᠌ᠢᠬᠦ ᠠᠵᠢᠯ᠎ᠢ ᠣᠷᠳᠣ ᠬᠤᠭᠤᠴᠠᠭ᠎ᠠ᠎ᠪᠠᠷ ᠲᠣᠭᠲᠠᠭᠤᠨ ᠵᠶ᠋ᠠᠷ ᠥᠷᠨᠢᠭᠦᠯᠵᠦ ᠴᠢᠳᠠᠨ᠎ᠠ (ᠪᠣᠳᠠᠲᠠᠶ ᠠᠵᠢᠯ᠎ᠤᠨ ᠱᠠᠭ᠋ᠠᠷᠳᠠᠯᠭ᠎ᠠ ᠵᠢ ᠳᠠᠭ᠋ᠠᠯᠳᠤᠭᠤᠯᠤᠯ 1 ᠵᠢ ᠦᠵᠡ)᠃ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ ᠪᠠᠶ᠋ᠢᠭᠤᠯᠤᠮᠵᠢ᠎ᠨᠢ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢᠴᠢ ᠦᠨᠡᠯᠡᠬᠦ ᠭᠦᠢ᠍ᠴᠡᠳᠬᠡᠯ ᠲᠤᠭ᠎ᠠ ᠵᠢ ᠴᠢᠩᠭ᠎ᠠ ᠬᠠᠷᠢᠴᠠᠭᠤᠯᠤᠨ᠂ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠭᠰᠡᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠨ ᠪᠠᠶ᠋ᠢᠴᠠᠭ᠋ᠠᠭᠰᠠᠨ ᠲᠡᠮᠳᠡᠭᠯᠡᠯ ᠵᠢᠴᠢ ᠳᠦᠷᠰᠦ ᠰᠢᠩᠭᠡᠭᠡᠯᠲᠡ ᠵᠢᠨ ᠮᠠᠲ᠋ᠧᠷᠢᠶᠠᠯ᠎ᠢ ᠳᠠᠭ᠋ᠠᠯᠳᠤᠭᠤᠯᠵᠤ᠂ ᠠᠭᠤᠷᠬᠠᠶ ᠵᠢᠨ ᠠᠵᠤ ᠠᠬᠤᠶ᠋ᠢᠯᠠᠯ᠎ᠠᠴᠠ ᠦᠨᠡᠯᠡᠨ ᠵᠢᠱ᠌ᠢᠬᠦ ᠵᠠᠷᠤᠳᠠᠯ ᠬᠤᠷᠢᠶᠠᠬᠤ ᠵᠢ ᠴᠢᠩᠭ᠎ᠠ ᠴᠠᠭ᠋ᠠᠵᠠᠯᠠᠵᠤ᠂ ᠦᠨᠡᠨ ᠪᠣᠳᠠᠲᠤ ᠴᠢᠨᠠᠷ᠎ᠤᠨ ᠠᠮᠠᠯᠠᠯᠲᠠ᠎ᠳᠤ ᠭᠠᠷᠤᠨ ᠥᠰᠥᠭ ᠵᠢᠷᠤᠵᠤ᠂ ᠦᠷ᠎ᠡ ᠳ᠋ᠦᠩ᠎ᠤᠨ ᠡᠷᠬᠡ ᠲᠡᠭᠰᠢ᠂ ᠲᠥᠪ ᠭᠤᠤᠯᠴᠢ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃
ᠳᠥᠷᠪᠡ᠂ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠤᠨ ᠵᠢᠭᠰᠠᠭ᠋ᠠᠯᠲᠠ ᠵᠢ ᠬᠥᠳᠡᠯᠦᠩᠭᠦᠶ᠎ᠪᠠᠷ ᠬᠠᠮᠢᠶᠠᠷᠤᠨ᠎ᠠ᠃
(ᠶᠢᠰᠦ) ᠰᠢᠯᠢᠳᠡᠭ᠎ᠢ᠎ᠨᠢ ᠰᠣᠩᠭᠤᠵᠤ ᠤᠯᠤᠰ᠎ᠤᠨ ᠲᠡᠰ᠎ᠤᠨ ᠪᠣᠬᠢᠷᠲᠤᠯ ᠦᠭᠡᠢ ᠠᠭᠤᠷᠬᠠᠢ ᠵᠢᠨ ᠨᠡᠷᠡᠰ᠎ᠲᠤ ᠣᠷᠣᠭᠤᠯᠤᠨ᠎ᠠ᠃ ᠡᠯ᠎ᠡ ᠮᠤᠵᠢ (ᠣᠷᠣᠨ᠂ ᠬᠣᠲᠠ)) ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠭᠲᠠᠮᠠᠯ ᠬᠤᠭᠤᠴᠠᠭ᠎ᠠ᠎ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠯᠴᠠᠵᠤ᠂ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ᠎ᠪᠠᠷ ᠳᠡᠮᠵᠢᠨ ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠨᠤᠲᠠᠯᠠᠭᠰᠠᠨ᠎ᠤ ᠳᠠᠷᠠᠭ᠎ᠠ ᠨᠡᠶ᠋ᠢᠭᠡᠮ᠎ᠳᠤ ᠵᠠᠷᠯᠠᠨ ᠨᠡᠶ᠋ᠢᠲᠡᠯᠡᠵᠦ᠂ ᠨᠡᠶ᠋ᠢᠲᠡ᠎ᠳᠤ ᠵᠠᠷᠯᠠᠬᠤ᠎ᠳᠤ ᠣᠨᠳᠣᠤ ᠰᠠᠨᠠᠯ ᠥᠬᠡᠶ ᠪᠣᠯ ᠲᠠᠰ ᠳᠠᠷᠠᠭ᠋ᠠᠯᠠᠯ᠎ᠤᠨ ᠶᠣᠰᠣᠭ᠋ᠠᠷ ᠮᠤᠵᠢ ᠵᠢᠨ ᠱᠠᠲᠤᠨ᠎ᠤ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠲᠤ ᠣᠷᠣᠭᠤᠯᠤᠨ᠎ᠠ᠃ ᠤᠯᠤᠰ᠎ᠤᠨ ᠳᠡᠰ᠎ᠤᠨ ᠪᠣᠬᠢᠷᠳᠤᠯ ᠦᠭᠡᠢ ᠠᠭᠤᠷᠬᠠᠢ ᠵᠢ ᠬᠤᠯᠪᠣᠭᠳᠠᠯ ᠪᠦᠬᠦᠢ ᠱᠠᠭ᠋ᠠᠷᠳᠠᠯᠭ᠎ᠠ ᠶᠣᠰᠤᠭ᠋ᠠᠷ ᠮᠤᠵᠢ ᠵᠢᠨ ᠳᠡᠰ᠎ᠤᠨ ᠪᠣᠬᠢᠷᠳᠤᠯ ᠦᠭᠡᠢ ᠠᠭᠤᠷᠬᠠᠢ ᠵᠢᠨ ᠳᠤᠮᠳᠠ᠎ᠠᠴᠠ ᠰᠢᠯᠢᠳᠡᠭ᠎ᠢ᠎ᠨᠢ ᠰᠤᠩᠭᠤᠨ ᠲᠠᠨᠢᠯᠴᠠᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠵᠤ ᠲᠤᠰᠬᠠᠢ ᠮᠡᠷᠭᠡᠵᠢᠯᠲᠡᠨ ᠵᠶ᠋ᠠᠷ ᠨᠤᠲᠠᠯᠠᠭᠤᠯᠬᠤ᠂ ᠲᠣᠬᠠᠢ ᠵᠢᠨ ᠭᠠᠵᠠᠷ᠎ᠲᠤᠨᠢ ᠰᠤᠭᠤᠴᠢᠨ ᠪᠠᠶ᠋ᠢᠴᠠᠭ᠋ᠠᠵᠤ ᠬᠠᠷᠭᠤᠭᠤᠯᠤᠨ ᠪᠠᠶ᠋ᠢᠴᠠᠭ᠋ᠠᠬᠤ᠂ ᠨᠡᠶ᠋ᠢᠭᠡᠮ ᠨᠡᠶ᠋ᠢᠲᠡ᠎ᠳᠤ ᠢᠯᠡ ᠨᠡᠶ᠋ᠢᠲᠡᠯᠡᠬᠦ ᠵᠡᠷᠭᠡ ᠳᠡᠰ ᠳᠠᠷᠠᠭ᠋ᠠᠯᠠᠯ ᠵᠶ᠋ᠠᠷ ᠳᠠᠮᠵᠢᠭᠤᠯᠤᠨ᠂ ᠤᠯᠤᠰ᠎ᠤᠨ ᠳᠡᠰ᠎ᠤᠨ ᠪᠣᠬᠢᠷᠳᠤᠯ ᠦᠭᠡᠢ ᠠᠭᠤᠷᠬᠠᠢ ᠵᠢ ᠲᠣᠭᠲᠠᠭ᠋ᠠᠵᠤ᠂ ᠤᠯᠤᠰ᠎ᠤᠨ ᠳᠡᠰ᠎ᠤᠨ ᠪᠣᠬᠢᠷᠳᠤᠯ ᠦᠭᠡᠢ ᠠᠭᠤᠷᠬᠠᠢ ᠵᠢᠨ ᠨᠡᠷᠡᠰ᠎ᠲᠤ ᠣᠷᠣᠭᠤᠯᠬᠤ ᠵᠢᠨ ᠬᠠᠮᠲᠤ ᠨᠡᠶ᠋ᠢᠭᠡᠮ᠎ᠳᠤ ᠢᠯᠡ ᠪᠣᠯᠭ᠋ᠠᠨ᠎ᠠ᠃
(ᠠᠷᠪᠠ᠎ᠳᠤ) ᠬᠥᠳᠡᠯᠦᠩᠭᠦᠶ ᠬᠠᠮᠢᠶᠠᠷᠤᠯᠳᠠ ᠵᠢ ᠬᠡᠷᠡᠭᠵᠢᠬᠦᠯᠦᠨ᠎ᠠ᠃ ᠪᠤᠬᠢᠷᠳᠤᠯ ᠦᠭᠡᠢ ᠠᠭᠤᠷᠬᠠᠢ ᠵᠢᠨ ᠨᠡᠷᠡᠰ᠎ᠤᠨ ᠵᠢᠭᠰᠠᠭ᠋ᠠᠯᠲᠠ᠎ᠳᠤ ᠬᠦᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠦᠨ᠎ᠡ (ᠪᠣᠳᠠᠲᠠᠢ ᠱᠠᠭ᠋ᠠᠷᠳᠠᠯᠭ᠎ᠠ ᠵᠢ ᠳᠠᠭ᠋ᠠᠯᠳᠤᠭᠤᠯᠤᠯ 2᠎ᠢ ᠦᠵᠡ) ᠨᠡᠷᠡᠰ᠎ᠤᠨ ᠵᠢᠭᠰᠠᠭ᠋ᠠᠯᠲᠠ᠎ᠳᠠᠬᠢ ᠪᠠᠷᠢᠮᠵᠢᠶ᠎ᠠ᠎ᠳᠤ ᠥᠯᠥ ᠨᠡᠶ᠋ᠢᠴᠡᠬᠦ ᠠᠭᠤᠷᠬᠠᠶ ᠵᠢ ᠴᠠᠭ ᠲᠤᠬᠠᠶ᠎ᠳᠤᠨᠢ ᠰᠢᠯᠵᠢᠭᠦᠯᠦᠨ ᠭᠠᠷᠭ᠋ᠠᠵᠤ᠂ ᠪᠣᠬᠢᠷᠲᠤᠯ ᠥᠬᠡᠶ ᠠᠭᠤᠷᠬᠠᠶ ᠵᠢᠨ ᠠᠵᠤ ᠠᠬᠤᠶ᠋ᠢᠯᠠᠯ᠎ᠤᠨ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ ᠵᠶ᠋ᠠᠨ ᠦᠷᠭᠦᠯᠵᠢᠯᠡᠨ ᠪᠠᠬᠢᠵᠢᠭᠦᠯᠵᠦ᠂ ᠪᠥᠲᠥᠭᠡᠨ ᠪᠠᠶ᠋ᠢᠭᠤᠯᠤᠯᠲᠠ ᠵᠢᠨ ᠬᠢᠷᠢ ᠲᠦᠪᠰᠢᠨ ᠵᠶ᠋ᠠᠨ ᠦᠷᠭᠦᠯᠵᠢᠯᠡᠨ ᠳᠡᠭᠡᠭᠰᠢᠯᠡᠭᠦᠯᠬᠦ ᠵᠢ ᠰᠢᠮᠳᠠᠭᠤᠯᠪᠠ᠃
ᠲᠠᠪᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠤᠨ᠎ᠠ
(ᠠᠷᠪᠠᠨ ᠨᠢᠭᠡ) ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠢᠳᠡᠪᠬᠢᠲᠡᠶ ᠨᠠᠶ᠋ᠢᠳᠠᠪᠤᠷᠢᠵᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠡᠨᠧᠷᠭᠢ ᠠᠷᠪᠢᠯᠠᠵᠤ ᠤᠰᠤ ᠠᠷᠪᠢᠯᠠᠬᠤ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠵᠡᠷᠭᠡ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃
(ᠠᠷᠪᠠᠨ ᠬᠣᠶᠠᠷ) ᠰᠢᠨ᠎ᠡ ᠵᠢ ᠡᠭᠦᠳᠬᠦ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠵᠣᠷᠢᠭᠵᠢᠭᠤᠯᠤᠨ᠎ᠠ᠃ ᠡᠯ᠎ᠡ ᠭᠠᠵᠠᠷ᠎ᠤᠨ᠎ᠬᠢᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠤᠷᠮᠠᠰᠢᠭᠤᠯᠤᠨ ᠬᠢᠵᠠᠭ᠋ᠠᠷᠯᠠᠬᠤ ᠲᠥᠷᠥ ᠵᠢᠨ ᠪᠣᠳᠣᠯᠭ᠎ᠠ ᠵᠢ ᠰᠦᠪᠡᠭᠴᠢᠯᠡᠨ ᠲᠡᠭᠦᠯᠳᠡᠷᠵᠢᠭᠦᠯᠵᠦ᠂ ᠭᠠᠵᠠᠷ ᠬᠡᠷᠡᠭᠯᠡᠬᠦ᠂ ᠠᠭᠤᠷᠬᠠᠶ ᠬᠡᠷᠡᠭᠯᠡᠬᠦ᠂ ᠮᠥᠩᠭᠦᠨ ᠭᠦᠢ᠍ᠯᠭᠡᠭᠡ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠷᠠᠭᠤᠯᠬᠤ ᠬᠡᠷᠡᠭᠲᠡᠶ᠃ ᠠᠭᠤᠷᠬᠠᠶ ᠵᠢᠨ ᠦᠢ᠍ᠯᠡᠰ᠎ᠤᠨ ᠡᠷᠬᠡ ᠵᠢ ᠰᠢᠯᠵᠢᠭᠦᠯᠬᠦ᠂ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠂ ᠣᠶ ᠰᠢᠭᠤᠶ᠂ ᠡᠪᠡᠰᠦ ᠬᠡᠷᠡᠭᠯᠡᠬᠦ ᠵᠡᠷᠭᠡ ᠭᠠᠷᠳᠠᠮ᠎ᠢ ᠡᠮᠬᠢᠯᠡᠨ ᠨᠡᠶ᠋ᠢᠯᠡᠭᠦᠯᠬᠦ ᠵᠢᠴᠢ ᠭᠦᠢ᠍ᠴᠡᠳᠭᠡᠬᠦ᠎ᠳᠤ᠂ ᠬᠠᠤᠯᠢ ᠲᠣᠭᠲᠠᠭ᠋ᠠᠯ ᠶᠣᠰᠣᠭ᠋ᠠᠷ ᠪᠣᠬᠢᠷᠲᠤᠯ ᠥᠬᠡᠶ ᠠᠭᠤᠷᠬᠠᠶ ᠵᠢᠨ ᠠᠵᠤ ᠠᠬᠤᠶ᠋ᠢᠯᠠᠯ᠎ᠳᠤ ᠳᠡᠮᠵᠢᠯᠭᠡ ᠦᠵᠡᠭᠦᠯᠦᠨ᠎ᠡ᠃ ᠵᠥᠪᠯᠡᠯᠴᠡᠭᠡᠷ ᠵᠶ᠋ᠠᠷ ᠬᠢᠮᠳᠠ᠎ᠪᠠᠷ ᠬᠤᠳᠠᠯᠳᠤᠬᠤ ᠪᠠᠶ᠋ᠢᠳᠠᠯ᠎ᠳᠤ ᠨᠡᠶ᠋ᠢᠴᠡᠭᠰᠡᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠤᠷᠢᠳᠠᠪᠠᠷ ᠵᠥᠪᠳᠡᠯᠴᠡᠬᠡᠷ ᠵᠶ᠋ᠠᠷ ᠬᠢᠮᠳᠠ᠎ᠪᠠᠷ ᠬᠤᠳᠠᠯᠳᠤᠬᠤ ᠠᠷᠭ᠎ᠠ ᠮᠠᠶᠢᠭ ᠵᠶ᠋ᠠᠷ ᠪᠣᠬᠢᠷᠲᠤᠯ ᠥᠬᠡᠶ ᠠᠭᠤᠷᠬᠠᠶ᠎ᠳᠤ ᠦᠨ᠎ᠡ ᠲᠥᠯᠥᠪᠦᠷᠢ᠎ᠲᠠᠢ᠎ᠪᠠᠷ ᠰᠢᠯᠵᠢᠭᠦᠯᠦᠨ ᠥᠭᠬᠦ ᠵᠢ ᠵᠥᠪᠰᠢᠶᠡᠷᠡᠨ᠎ᠡ᠃
ᠨᠥᠬᠦᠴᠡᠯ᠎ᠳᠤ ᠨᠡᠶ᠋ᠢᠴᠡᠭᠰᠡᠨ ᠪᠣᠬᠢᠷᠲᠤᠯ ᠦᠭᠡᠢ ᠠᠭᠤᠷᠬᠠᠢ ᠵᠢᠨ ᠠᠵᠤ ᠠᠬᠤᠶ᠋ᠢᠯᠠᠯ᠎ᠤᠨ ᠱᠠᠩᠬᠠᠢ ᠱᠧᠨᠵᠧᠨ ᠤᠮᠠᠷᠠᠲᠤ ᠵᠢᠨ ᠠᠷᠠᠯᠵᠢᠶᠠᠨ᠎ᠤ ᠭᠠᠵᠠᠷ᠎ᠲᠤ ᠵᠠᠬ᠎ᠠ ᠳᠡᠯᠭᠡᠭᠦᠷ᠎ᠲᠤ ᠭᠠᠷᠬᠤ ᠵᠢᠴᠢ ᠰᠢᠨ᠎ᠡ ᠭᠤᠷᠪᠠᠳᠤᠭ᠋ᠠᠷ ᠰᠠᠮᠪᠠᠷ᠎ᠠ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠫᠠᠶ᠋ᠢᠰᠠ ᠡᠯᠭᠦᠬᠦ ᠵᠢ ᠠᠬᠢᠭᠤᠯᠤᠨ᠎ᠠ᠃
ᠪᠠᠩᠭᠢ ᠵᠢᠨ ᠦᠢ᠍ᠯᠡᠰ᠎ᠤᠨ ᠮᠦᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠬ᠍ᠵᠢᠭᠤᠯᠵᠤ ᠪᠠᠶ᠋ᠢᠭ᠋ᠠᠳ ᠠᠭᠤᠷᠬᠠᠢ ᠵᠢᠨ ᠦᠢ᠍ᠯᠡᠰ᠎ᠤᠨ ᠬᠦᠷᠢᠶᠡᠨ᠎ᠳᠠᠬᠢ ᠪᠡᠯᠡ ᠣᠷᠤᠭᠤᠯᠬᠤ ᠲᠦᠷᠦᠯ ᠵᠦᠢ᠍ᠯ᠎ᠤᠨ ᠣᠷᠴᠢᠨ ᠲᠣᠭᠤᠷᠢᠨ᠂ ᠠᠮᠦᠷ ᠲᠥᠪᠰᠢᠨ᠂ ᠨᠡᠶ᠋ᠢᠭᠡᠮ ᠪᠣᠯᠣᠨ ᠵᠠᠰᠠᠯᠲᠠ ᠵᠢᠨ ᠲᠥᠭᠰᠢᠭᠦᠷᠢ ᠵᠢ ᠦᠨᠡᠯᠡᠨ ᠵᠢᠱ᠌ᠢᠬᠦ ᠵᠢᠴᠢ ᠬᠠᠮᠢᠶᠠᠷᠤᠯᠲᠠ ᠵᠢ ᠴᠢᠩᠭ᠋ᠠᠷᠠᠭᠤᠯᠤᠭᠰᠠᠨ ᠤᠷᠢᠳᠠᠯ ᠳᠣᠣᠷ᠎ᠠ᠂ ᠭᠠᠵᠠᠷ ᠣᠷᠣᠨ᠎ᠤ ᠪᠣᠲᠠᠲᠠᠢ᠎ᠳᠤ ᠨᠡᠶ᠋ᠢᠴᠡᠬᠦ ᠪᠤᠬᠢᠷᠳᠤᠯ ᠦᠭᠡᠢ ᠠᠭᠤᠷᠬᠠᠢ ᠵᠢᠨ ᠣᠨᠴᠠᠯᠢᠭᠲᠤ ᠢᠲᠡᠭᠡᠮᠵᠢᠲᠦ ᠵᠢᠭᠡᠯᠡᠯᠭᠡ ᠵᠢᠨ ᠨᠡᠷᠡᠳᠭᠦᠨ᠎ᠢ ᠰᠤᠳᠤᠯᠤᠨ ᠬᠥᠭᠵᠢᠭᠦᠯᠵᠦ᠂ ᠲᠥᠭᠰᠢᠭᠦᠷᠢ ᠵᠢ ᠡᠵᠡᠮᠳᠡᠵᠦ ᠪᠣᠯᠬᠤ᠂ ᠬᠤᠳᠠᠯᠳᠤᠭ᠎ᠠ ᠵᠢ ᠦᠷᠭᠦᠯᠵᠢᠯᠡᠭᠦᠯᠬᠦ ᠵᠠᠷᠴᠢᠮ᠎ᠤᠨ ᠳᠣᠣᠷ᠎ᠠ᠂ ᠪᠤᠬᠢᠷᠳᠤᠯ ᠦᠭᠡᠢ ᠠᠭᠤᠷᠬᠠᠢ ᠵᠢᠨ ᠠᠵᠤ ᠠᠬᠤᠶ᠋ᠢᠯᠠᠯ᠎ᠳᠤ ᠪᠡᠯᠡ ᠮᠦᠩᠭᠦ ᠵᠢᠨ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃
ᠵᠢᠷᠭᠤᠭ᠎ᠠ᠂ ᠪᠡᠷᠢᠮᠵᠢᠶ᠎ᠠ ᠵᠢᠨ ᠰᠢᠰᠲ᠋ᠧᠮᠵᠢ ᠵᠢ ᠣᠯᠡᠮ ᠨᠢᠭᠡ ᠠᠯᠬᠤᠮ ᠳᠡᠬᠦᠯᠳᠡᠷᠵᠢᠬᠦᠯᠦᠨ᠎ᠠ
(ᠠᠷᠪᠠᠨ ᠭᠤᠷᠪᠠ) ᠠᠵᠢᠯ ᠲᠥᠷᠥᠯ᠎ᠤᠨ ᠪᠠᠷᠢᠮᠵᠢᠶ᠎ᠠ᠂ ᠦᠨᠡᠯᠡᠯᠲᠡ ᠵᠢᠨ ᠭᠦᠢ᠍ᠴᠡᠳᠬᠡᠯ ᠲᠤᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠶ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢᠨ ᠰᠢᠰᠲ᠋ᠧᠮᠵᠢ ᠵᠢ ᠪᠦᠷᠢᠨᠰᠢᠭᠦᠯᠵᠦ᠂ ᠵᠠᠳᠠᠭ᠋ᠠᠶ ᠨᠡᠭᠡᠭᠡᠨ ᠮᠠᠯᠲᠠᠬᠤ ᠠᠭᠤᠷᠬᠠᠶ᠂ ᠭᠠᠵᠠᠷ᠎ᠤᠨ ᠢᠯᠴᠢ ᠵᠢᠨ ᠷᠠᠰᠢᠶᠠᠨ ᠤᠰᠤ ᠵᠡᠷᠭᠡ ᠪᠣᠬᠢᠷᠲᠤᠯ ᠦᠭᠡᠶ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ ᠲᠥᠷᠥᠯ᠎ᠤᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠬᠤ ᠬᠡᠷᠡᠭᠲᠡᠶ᠃ ᠤᠯᠤᠰ᠎ᠤᠨ ᠳᠡᠰ᠎ᠤᠨ ᠪᠤᠬᠢᠷᠳᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠦᠨᠡᠯᠡᠬᠦ ᠭᠦᠢ᠍ᠴᠡᠳᠭᠡᠯ ᠲᠤᠭ᠎ᠠ (ᠳᠠᠭ᠋ᠠᠯᠳᠤᠭᠤᠯᠤᠯ 3 ᠵᠢ ᠦᠵᠡ)᠎ᠢ ᠲᠡᠭᠦᠯᠳᠡᠷᠵᠢᠭᠦᠯᠵᠦ᠂ ᠬᠢᠵᠠᠭ᠋ᠠᠷᠯᠠᠬᠤ ᠴᠢᠨᠠᠷᠲᠠᠢ ᠭᠦᠢ᠍ᠴᠡᠳᠭᠡᠯ ᠲᠤᠭ᠎ᠠ ᠪᠠ ᠳᠡᠭᠡᠭᠰᠢᠯᠡᠭᠦᠯᠬᠦ ᠴᠢᠨᠠᠷᠲᠠᠢ ᠭᠦᠢ᠍ᠴᠡᠳᠭᠡᠯ ᠲᠤᠭ᠎ᠠ ᠵᠢ ᠪᠠᠭᠲᠠᠭ᠋ᠠᠵᠤ᠂ ᠬᠢᠵᠠᠭ᠋ᠠᠷᠯᠠᠬᠤ ᠴᠢᠨᠠᠷᠲᠠᠢ ᠭᠦᠢ᠍ᠴᠡᠳᠭᠡᠯ ᠲᠤᠭ᠎ᠠ ᠵᠢ ᠬᠢᠵᠠᠭ᠋ᠠᠷ ᠱᠤᠭᠤᠮ᠎ᠤᠨ ᠱᠠᠭ᠋ᠠᠷᠳᠠᠯᠭ᠎ᠠ ᠪᠣᠯᠭ᠋ᠠᠨ᠎ᠠ᠃ ᠬᠠᠮᠢᠶ᠎ᠠ ᠪᠦᠬᠦᠢ ᠦᠨᠡᠯᠡᠬᠦ ᠭᠦᠢ᠍ᠴᠡᠳᠬᠡᠯ ᠲᠤᠭ᠎ᠠ ᠵᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠮᠡᠷᠭᠡᠵᠢᠯ᠎ᠤᠨ ᠪᠠᠷᠢᠮᠵᠢᠶ᠎ᠠ ᠵᠡᠷᠭᠡ ᠵᠢᠨ ᠬᠤᠪᠢᠷᠠᠯᠲᠠ ᠵᠢ ᠦᠨᠳᠦᠰᠦᠯᠡᠨ ᠴᠠᠭ ᠲᠤᠬᠠᠶ᠎ᠳᠤᠨᠢ ᠲᠣᠬᠢᠷᠠᠭᠤᠯᠬᠤ ᠬᠡᠷᠡᠭᠲᠡᠶ᠃
(ᠠᠷᠪᠠᠨ ᠳᠥᠷᠪᠡᠳᠦᠭᠡᠷ) ᠣᠷᠣᠨ ᠨᠤᠲᠤᠭ᠎ᠤᠨ ᠪᠠᠷᠢᠮᠵᠢᠶ᠎ᠠ᠂ ᠠᠵᠤ ᠠᠬᠤᠶ᠋ᠢᠯᠠᠯ᠎ᠤᠨ ᠪᠠᠷᠢᠮᠵᠢᠶ᠎ᠠ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠵᠢ ᠵᠣᠷᠢᠭᠵᠢᠭᠤᠯᠤᠨ᠎ᠠ᠃ ᠡᠯ᠎ᠡ ᠭᠠᠵᠠᠷ᠎ᠤᠨ᠎ᠬᠢᠨ᠎ᠨᠢ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠣᠷᠣᠨ ᠪᠦᠰᠡ᠂ ᠠᠭᠤᠷᠬᠠᠶ ᠵᠢᠨ ᠲᠥᠷᠥᠯ᠂ ᠬᠡᠪᠴᠢᠶ᠎ᠡ᠂ ᠨᠡᠭᠡᠭᠡᠨ ᠮᠠᠯᠲᠠᠬᠤ ᠠᠷᠭ᠎ᠠ ᠮᠠᠶᠢᠭ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠵᠤ ᠵᠠᠰᠠᠪᠤᠷᠢ ᠣᠷᠣᠭᠤᠯᠬᠤ ᠪᠤᠶᠤ ᠮᠤᠵᠢ ᠵᠢᠨ ᠱᠠᠲᠤᠨ᠎ᠤ ᠪᠣᠬᠢᠷᠲᠤᠯ ᠦᠭᠡᠶ ᠠᠭᠤᠷᠬᠠᠶ ᠵᠢ ᠦᠨᠡᠯᠡᠬᠦ ᠭᠦᠢ᠍ᠴᠡᠳᠬᠡᠬᠦ ᠲᠣᠭ᠎ᠠ ᠵᠢᠨ ᠱᠠᠭ᠋ᠠᠷᠳᠠᠯᠭ᠎ᠠ ᠵᠢ ᠨᠠᠷᠢᠯᠢᠭᠵᠢᠭᠤᠯᠤᠨ ᠲᠣᠳᠣᠷᠬᠠᠶ᠋ᠢᠯᠠᠬᠤ ᠬᠡᠷᠡᠭᠲᠡᠶ᠃ ᠨᠥᠬᠥᠴᠡᠯ᠎ᠲᠠᠢ ᠠᠭᠤᠷᠬᠠᠶ ᠵᠢᠨ ᠦᠢ᠍ᠯᠡᠰ᠎ᠤᠨ ᠪᠦᠯᠦᠭᠯᠡᠯ᠂ ᠠᠵᠤ ᠠᠬᠤᠶ᠋ᠢᠯᠠᠯ᠎ᠢ ᠵᠣᠷᠢᠭᠵᠢᠭᠤᠯᠵᠤ᠂ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠢᠳᠡᠪᠬᠢᠲᠡᠶ᠎ᠪᠠᠷ ᠰᠤᠳᠤᠯᠤᠨ ᠲᠣᠭᠲᠠᠭ᠋ᠠᠬᠤ ᠵᠢᠨ ᠬᠠᠮᠲᠤ ᠪᠣᠳᠠᠲᠠᠶ ᠬᠡᠷᠡᠭᠯᠡᠬᠦ ᠬᠡᠷᠡᠭᠲᠡᠶ᠃
ᠳᠣᠯᠤᠭ᠎ᠠ᠂ ᠠᠵᠢᠯ᠎ᠤᠨ ᠲᠣᠭᠲᠠᠴᠠ ᠵᠢ ᠪᠦᠷᠢᠨᠰᠢᠭᠦᠯᠦᠨ᠎ᠡ
(ᠠᠷᠪᠠᠨ ᠲᠠᠪᠤ) ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠠᠮᠢ ᠠᠬᠤᠶ ᠣᠷᠴᠢᠨ ᠲᠣᠭᠤᠷᠢᠨ᠎ᠤ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠬᠠᠮᠲᠤ᠎ᠪᠠᠷ ᠠᠬᠢᠭᠤᠯᠵᠤ᠂ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠨᠢᠭᠲᠠ ᠬᠠᠮᠵᠢᠯᠴᠠᠨ᠂ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃ ᠡᠯ᠎ᠡ ᠰᠠᠯᠠᠭ᠎ᠠ ᠮᠥᠴᠢᠷ᠎ᠤᠳ ᠨᠡᠪᠲᠡᠷᠡᠯᠴᠡᠨ ᠵᠣᠬᠢᠴᠠᠭᠤᠯᠬᠤ ᠲᠣᠭᠲᠠᠴᠠ᠎ᠪᠠᠨ ᠪᠦᠷᠢᠨᠰᠢᠭᠦᠯᠵᠦ᠂ ᠪᠣᠬᠢᠷᠲᠤᠯ ᠦᠭᠡᠶ ᠠᠭᠤᠷᠬᠠᠶ ᠵᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠂ ᠬᠤᠯᠪᠣᠭᠳᠠᠯ ᠪᠦᠬᠦᠢ ᠮᠡᠳᠡᠭᠡ ᠵᠠᠩᠭᠢ ᠵᠢ ᠴᠠᠭ ᠲᠤᠬᠠᠶ᠎ᠳᠤᠨᠢ ᠮᠡᠳᠡᠭᠡᠯᠡᠬᠦ ᠬᠡᠷᠡᠭᠲᠡᠶ᠃ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠣᠯᠵᠤ ᠮᠡᠳᠡᠪᠡᠯ᠂ ᠴᠠᠭ ᠲᠤᠬᠠᠶ᠎ᠳᠤᠨᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠬᠠᠤᠯᠢ ᠶᠣᠰᠣᠭ᠋ᠠᠷ ᠰᠢᠢ᠍ᠳᠪᠦᠷᠢᠯᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠠᠵᠤ ᠠᠬᠤᠶ᠋ᠢᠯᠠᠯ᠎ᠳᠤ ᠬᠤᠯᠪᠣᠭᠳᠠᠭᠰᠠᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠮᠡᠳᠡᠭᠡ ᠵᠠᠩᠭᠢ ᠵᠢ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠨᠡᠶ᠋ᠢᠲᠡ᠎ᠳᠤ ᠵᠠᠷᠯᠠᠬᠤ ᠰᠢᠰᠲ᠋ᠧᠮ᠎ᠳᠤ ᠨᠢᠭᠡᠳᠦᠯᠲᠡᠢ ᠴᠤᠭᠯᠠᠭᠤᠯᠤᠨ ᠨᠡᠶ᠋ᠢᠯᠡᠭᠦᠯᠵᠦ᠂ ᠠᠵᠤ ᠠᠬᠤᠶ᠋ᠢᠯᠠᠯ᠎ᠤᠨ ᠨᠡᠷ᠎ᠡ ᠳᠣᠣᠷ᠎ᠠ ᠲᠡᠮᠳᠡᠭᠯᠡᠬᠦ ᠵᠢᠨ ᠬᠠᠮᠲᠤ ᠨᠡᠶ᠋ᠢᠭᠡᠮ᠎ᠳᠤ ᠢᠯᠡ ᠨᠡᠶ᠋ᠢᠲᠡᠯᠡᠨ᠎ᠡ᠃
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠭᠤᠷᠬᠠᠶ ᠵᠢᠨ 《ᠭᠤᠷᠪᠠᠨ ᠨᠣᠷᠮ᠎ᠠ》 (ᠨᠡᠭᠡᠭᠡᠨ ᠮᠠᠯᠲᠠᠬᠤ ᠨᠣᠷᠮ᠎ᠠ᠂ ᠬᠦᠳᠡᠷ ᠰᠢᠯᠢᠵᠦ ᠡᠭᠡᠭᠦᠯᠦᠨ ᠬᠤᠷᠢᠶᠠᠬᠤ ᠨᠣᠷᠮ᠎ᠠ᠂ ᠶᠡᠷᠦᠩᠬᠡᠶ᠋ᠢᠯᠡᠨ ᠠᠰᠢᠭᠯᠠᠬᠤ ᠨᠣᠷᠮ᠎ᠠ) ᠵᠢ ᠬᠢᠨᠠᠨ ᠬᠠᠮᠢᠶᠠᠷᠬᠤ᠂ ᠠᠭᠤᠷᠬᠠᠶ ᠵᠢᠨ ᠭᠠᠵᠠᠷ᠎ᠤᠨ ᠣᠷᠴᠢᠨ ᠲᠣᠭᠤᠷᠢᠨ᠎ᠢ ᠬᠠᠮᠠᠭ᠋ᠠᠯᠠᠬᠤ ᠬᠢᠭᠡᠳ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠲᠥᠰᠦᠯ ᠵᠡᠷᠭᠡ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃
ᠠᠮᠢ ᠠᠬᠤᠶ ᠵᠢᠨ ᠣᠷᠴᠢᠨ ᠲᠣᠭᠣᠷᠢᠨ᠎ᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠭᠤᠷᠬᠠᠶ ᠵᠢᠨ ᠠᠮᠢ ᠠᠬᠤᠶ ᠵᠢᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠬᠢᠨᠠᠨ ᠬᠠᠮᠢᠶᠠᠷᠬᠤ ᠵᠢ ᠬᠠᠷᠢᠭᠤᠴᠠᠨ᠎ᠠ᠃
ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠨᠢ ᠪᠤᠬᠢᠷᠳᠤᠯ ᠦᠭᠡᠢ ᠠᠭᠤᠷᠬᠠᠢ ᠵᠢ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ ᠠᠵᠢᠯ᠎ᠤᠨ ᠵᠠᠷᠤᠳᠠᠯ᠎ᠤᠨ ᠪᠠᠲᠤᠯᠠᠭ᠎ᠠ ᠵᠢ ᠬᠠᠷᠢᠭᠤᠴᠠᠨ᠎ᠠ᠃
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢ ᠲᠣᠭᠲᠠᠭ᠋ᠠᠵᠤ ᠵᠠᠰᠠᠪᠤᠷᠢ ᠣᠷᠣᠭᠤᠯᠬᠤ ᠠᠵᠢᠯ᠎ᠢ ᠵᠣᠬᠢᠴᠠᠭᠤᠯᠤᠨ ᠵᠢᠯᠣᠭᠤᠳᠬᠤ ᠵᠢ ᠬᠠᠷᠢᠭᠤᠴᠠᠨ᠎ᠠ᠃
ᠮᠦᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ ᠵᠦᠢ ᠶᠤᠰᠤᠨ᠎ᠤ ᠮᠦᠩᠭᠦᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ ᠲᠡᠭᠦᠯᠳᠡᠷᠵᠢᠭᠦᠯᠬᠦ ᠵᠢ ᠬᠠᠷᠢᠭᠤᠴᠠᠵᠤ᠂ ᠠᠭᠤᠷᠬᠠᠢ ᠵᠢᠨ ᠠᠵᠤ ᠠᠬᠤᠶ᠋ᠢᠯᠠᠯ᠎ᠤᠨ ᠪᠤᠬᠢᠷᠳᠤᠯ ᠦᠭᠡᠢ ᠬᠥᠭᠵᠢᠯᠲᠡ ᠵᠢ ᠳᠡᠮᠵᠢᠬᠦ ᠬᠡᠷᠡᠭᠲᠡᠢ᠃
ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠦᠬᠦᠴᠡᠯ᠎ᠳᠤ ᠨᠡᠶ᠋ᠢᠴᠡᠬᠦ ᠪᠤᠬᠢᠷᠳᠤᠯ ᠦᠭᠡᠢ ᠠᠭᠤᠷᠬᠠᠢ ᠵᠢᠨ ᠠᠵᠤ ᠠᠬᠤᠶ᠋ᠢᠯᠠᠯ᠎ᠤᠨ ᠬᠢᠯᠢ ᠵᠢᠨ ᠳᠤᠲᠤᠷ᠎ᠠ ᠵᠠᠬ᠎ᠠ ᠳᠡᠯᠭᠡᠭᠦᠷ᠎ᠲᠤ ᠭᠠᠷᠴᠤ ᠪᠡᠯᠡ ᠲᠣᠬᠢᠷᠠᠭᠤᠯᠬᠤ ᠵᠢ ᠳᠡᠮᠵᠢᠬᠦ ᠵᠢ ᠬᠠᠷᠢᠭᠤᠴᠠᠬᠤ ᠬᠡᠷᠡᠭᠲᠡᠢ᠃
ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠨᠢ ᠠᠭᠤᠷᠬᠠᠶ ᠵᠢᠨ ᠣᠶ᠋ᠢᠲᠤ ᠭᠠᠵᠠᠷ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ ᠭᠠᠷᠳᠠᠮ ᠭᠦᠢ᠍ᠴᠡᠳᠭᠡᠬᠦ᠂ ᠣᠶ᠋ᠢᠲᠤ ᠭᠠᠵᠠᠷ᠎ᠢ ᠲᠦᠷ ᠡᠵᠡᠯᠡᠨ ᠬᠡᠷᠡᠭᠯᠡᠭᠰᠡᠨ᠎ᠤ ᠳᠠᠷᠠᠭ᠋ᠠᠬᠢ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠢᠴᠢ ᠠᠭᠤᠷᠬᠠᠶ ᠵᠢᠨ ᠨᠡᠭᠡᠭᠡᠯᠲᠡ ᠵᠢᠨ ᠬᠠᠷᠢᠶᠠᠲᠤ ᠢᠨᠵᠧᠨᠧᠷᠢᠩ᠎ᠳᠤ ᠨᠤᠲᠤᠭ ᠪᠡᠯᠴᠢᠭᠡᠷ᠎ᠢ ᠲᠦᠷ ᠡᠵᠡᠯᠡᠨ ᠬᠡᠷᠡᠭᠯᠡᠭᠰᠡᠨ᠎ᠤ ᠳᠠᠷᠠᠭ᠋ᠠᠬᠢ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃
ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠲᠣᠰ ᠪᠡᠶ᠎ᠡ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠬᠠᠮᠢᠶ᠎ᠠ ᠪᠥᠬᠦᠶ ᠠᠵᠢᠯ᠎ᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠶ᠃
ᠨᠠᠢ᠍ᠮᠠ᠂ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠷᠠᠭᠤᠯᠬᠤ ᠬᠡᠷᠡᠭᠲᠡᠢ
(ᠠᠷᠪᠠᠨ ᠵᠢᠷᠭᠤᠭ᠎ᠠ) ᠬᠢᠨᠠᠨ ᠵᠢᠯᠤᠭᠤᠳᠴᠤ ᠬᠢᠨᠠᠨ ᠪᠠᠶ᠋ᠢᠴᠠᠭ᠋ᠠᠬᠤ᠂ ᠬᠢᠨᠠᠨ ᠰᠢᠯᠭ᠋ᠠᠵᠤ ᠦᠨᠡᠯᠡᠬᠦ ᠵᠢ ᠴᠢᠩᠭ᠋ᠠᠳᠬᠠᠬᠤ ᠬᠡᠷᠡᠭᠲᠡᠢ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠡᠭᠦᠳᠦᠨ ᠪᠠᠶ᠋ᠢᠭᠤᠯᠬᠤ ᠵᠢ ᠬᠠᠷᠠᠬᠠᠨ ᠥᠷᠨᠢᠭᠦᠯᠦᠭᠡᠳᠦᠶ ᠠᠭᠤᠷᠬᠠᠶ ᠵᠢ ᠬᠢᠨᠠᠨ ᠵᠢᠯᠣᠭᠤᠳᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠬᠡᠨ ᠥᠷᠨᠢᠭᠦᠯᠬᠦ ᠵᠢ ᠳᠥᠯᠭᠢᠨ ᠠᠬᠢᠭᠤᠯᠬᠤ ᠬᠡᠷᠡᠭᠲᠡᠶ; 《ᠬᠣᠣᠰ ᠲᠤᠬᠢᠶᠠᠯᠳᠤᠮᠵᠢ ᠨᠢᠭᠡ ᠢᠯᠡ》 ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠵᠢᠯ ᠪᠦᠷᠢ 10%᠎ᠠᠴᠠ ᠳᠣᠤᠷ᠎ᠠ ᠥᠬᠡᠶ ᠠᠭᠤᠷᠬᠠᠶ ᠵᠢ ᠰᠤᠭᠤᠴᠢᠨ ᠪᠠᠶ᠋ᠢᠴᠠᠭ᠋ᠠᠬᠤ ᠨᠡᠷᠡᠰ᠎ᠲᠤ ᠣᠷᠣᠭᠤᠯᠵᠤ᠂ ᠰᠢᠨ᠎ᠡ᠎ᠪᠠᠷ ᠦᠨᠡᠯᠡᠬᠦ ᠭᠦᠢ᠍ᠴᠡᠳᠬᠡᠯ ᠲᠤᠭ᠎ᠠ ᠵᠢ ᠴᠢᠩᠭ᠎ᠠ ᠵᠢᠷᠤᠮᠯᠠᠨ ᠤᠯᠤᠰ᠎ᠤᠨ ᠲᠠᠰ᠎ᠤᠨ ᠪᠣᠬᠢᠷᠲᠤᠯ ᠥᠬᠡᠶ ᠠᠭᠤᠷᠬᠠᠶ᠎ᠳᠤ ᠲᠤᠬᠠᠶ ᠵᠢᠨ ᠭᠠᠵᠠᠷ᠎ᠲᠤᠨᠢ ᠬᠠᠷᠭᠤᠭᠤᠯᠤᠨ ᠪᠠᠶ᠋ᠢᠴᠠᠭ᠋ᠠᠬᠤ ᠠᠵᠢᠯ᠎ᠢ ᠥᠷᠨᠢᠭᠦᠯᠬᠦ ᠬᠡᠷᠡᠭᠲᠡᠶ᠃ ᠡᠯ᠎ᠡ ᠭᠠᠵᠠᠷ᠎ᠤᠨ᠎ᠬᠢᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠵᠠᠰᠠᠭ᠎ᠤᠨ ᠣᠷᠳᠣᠨ᠎ᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠰᠢᠰᠲ᠋ᠧᠮᠵᠢ ᠪᠠ ᠤᠳᠤᠷᠢᠳᠬᠤ ᠺᠠᠳ᠋ᠷ᠎ᠤᠨ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠬᠢᠨᠠᠨ ᠪᠤᠳᠤᠵᠤ ᠦᠨᠡᠯᠡᠬᠦ ᠭᠦᠢ᠍ᠴᠡᠳᠬᠡᠯ ᠲᠤᠭ᠎ᠠ ᠵᠢᠨ ᠰᠢᠰᠲ᠋ᠧᠮᠵᠢ᠎ᠳᠤ ᠣᠷᠣᠭᠤᠯᠵᠤ᠂ ᠪᠣᠳᠠᠲᠠᠶ᠎ᠲᠠᠢ᠎ᠪᠠᠨ ᠤᠶᠠᠯᠳᠤᠭᠤᠯᠤᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠦᠨᠡᠯᠡᠬᠦ ᠪᠠ ᠰᠢᠯᠭ᠋ᠠᠨ ᠬᠢᠨᠠᠬᠤ ᠠᠵᠢᠯ᠎ᠢ ᠥᠷᠨᠢᠭᠦᠯᠬᠦ ᠵᠢ ᠠᠬᠢᠭᠤᠯᠤᠨ᠎ᠠ᠃
(ᠠᠷᠪᠠᠨ ᠳᠣᠯᠣᠭ᠎ᠠ) ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠃ ᠬᠢᠨᠠᠨ ᠬᠠᠷᠭᠤᠭᠤᠯᠤᠭ᠋ᠠᠳ ᠡᠭᠦᠷᠭᠡᠯᠡᠵᠦ ᠪᠠᠶ᠋ᠢᠭ᠎ᠠ ᠦᠨᠡᠯᠡᠨ ᠵᠢᠱ᠌ᠢᠬᠦ ᠠᠵᠢᠯ ᠵᠶ᠋ᠠᠨ ᠰᠢᠯᠵᠢᠭᠦᠯᠦᠨ ᠥᠭᠬᠦ ᠪᠤᠶᠤ ᠭᠠᠳᠠᠭᠰᠢ ᠳᠠᠭ᠋ᠠᠭ᠋ᠠᠴᠢᠯᠠᠭᠤᠯᠬᠤ᠂ ᠠᠭᠤᠷᠬᠠᠢ ᠵᠢᠨ ᠠᠵᠤ ᠠᠬᠤᠶ᠋ᠢᠯᠠᠯ᠎ᠤᠨ ᠨᠢᠭᠤᠴᠠ ᠵᠢ ᠵᠠᠳᠠᠷᠠᠭᠤᠯᠬᠤ᠂ ᠰᠥᠯᠪᠡᠭᠡᠯᠳᠦᠭᠰᠡᠨ ᠠᠵᠤ ᠠᠬᠤᠶ᠋ᠢᠯᠠᠯ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠬᠤᠳᠠᠯ ᠬᠠᠭᠤᠷᠮᠠᠭ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠭ᠎ᠠ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ ᠪᠠᠶ᠋ᠢᠭᠤᠯᠤᠮᠵᠢ ᠪᠠ ᠦᠨᠡᠯᠡᠨ ᠵᠢᠱ᠌ᠢᠭᠰᠡᠨ ᠠᠵᠢᠯᠲᠠᠨ᠎ᠳᠤ ᠵᠠᠷᠯᠠᠨ ᠮᠡᠳᠡᠭᠳᠡᠬᠦ ᠵᠢᠨ ᠬᠠᠮᠲᠤ ᠨᠡᠷ᠎ᠡ ᠵᠢ ᠬᠠᠷ᠎ᠠ ᠳᠠᠩᠰᠠᠨ᠎ᠳᠤ ᠣᠷᠣᠭᠤᠯᠵᠤ᠂ ᠭᠤᠷᠪᠠᠨ ᠵᠢᠯ᠎ᠤᠨ ᠳᠣᠲᠣᠷ᠎ᠠ ᠲᠡᠭᠦᠨ᠎ᠤ ᠪᠣᠬᠢᠷᠲᠤᠯ ᠦᠭᠡᠢ ᠠᠭᠤᠷᠬᠠᠢ ᠵᠢᠨ ᠦᠨᠡᠯᠡᠨ ᠵᠢᠱ᠌ᠢᠬᠦ ᠦᠢ᠍ᠯᠡᠴᠢᠯᠡᠭᠡ ᠵᠢ ᠳᠠᠬᠢᠵᠤ ᠢᠲᠡᠭᠡᠬᠦ ᠦᠭᠡᠢ᠃
ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠤᠨ ᠵᠢᠭᠰᠠᠭ᠋ᠠᠯᠲᠠ ᠵᠢᠨ ᠬᠥᠳᠡᠯᠦᠩᠭᠦᠶ ᠬᠠᠮᠢᠶᠠᠷᠤᠯᠲᠠ ᠵᠢ ᠴᠢᠩᠳᠠᠯᠠᠵᠤ᠂ ᠰᠢᠨ᠎ᠡ ᠬᠠᠭᠤᠴᠢᠨ ᠦᠨᠡᠯᠡᠯᠲᠡ ᠵᠢᠨ ᠭᠦᠢ᠍ᠴᠡᠳᠭᠡᠯ ᠲᠤᠭ᠎ᠠ ᠵᠢ ᠵᠣᠯᠭ᠋ᠠᠭᠤᠯᠬᠤ ᠵᠢ ᠰᠠᠶ᠋ᠢᠲᠤᠷ ᠬᠢᠵᠦ᠂ ᠪᠣᠬᠢᠷᠲᠤᠯ ᠥᠬᠡᠶ ᠠᠭᠤᠷᠬᠠᠶ᠎ᠳᠤ ᠣᠷᠣᠰᠢᠵᠤ ᠪᠠᠶ᠋ᠢᠭ᠎ᠠ ᠳᠣᠤᠷᠠᠬᠢ ᠠᠰᠠᠭᠤᠳᠠᠯ᠎ᠤᠨ ᠨᠢᠭᠡ ᠵᠢ ᠣᠯᠵᠤ ᠮᠡᠳᠡᠪᠡᠯ᠂ ᠲᠠᠰ ᠳᠠᠷᠠᠭ᠋ᠠᠯᠠᠯ᠎ᠤᠨ ᠶᠣᠰᠣᠭ᠋ᠠᠷ ᠨᠡᠷᠡᠰ᠎ᠤᠨ ᠵᠢᠭᠰᠠᠭ᠋ᠠᠯᠲᠠ ᠵᠢ ᠰᠢᠯᠵᠢᠭᠦᠯᠦᠨ ᠭᠠᠷᠭ᠋ᠠᠨ᠎ᠠ᠄ 《ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ》 《ᠠᠶᠤᠯᠭᠦᠶ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ》 《ᠡᠵᠡᠩᠨᠡᠯᠲᠡ ᠵᠢᠨ ᠦᠨᠡᠮᠯᠡᠯ》᠎ᠨᠢ ᠪᠦᠷᠢᠨ ᠪᠤᠰᠤ᠂ ᠬᠤᠭᠤᠴᠠᠭ᠎ᠠ᠎ᠨᠢ ᠥᠩᠭᠡᠷᠡᠭᠡᠳ ᠴᠠᠭ ᠲᠤᠬᠠᠶ᠎ᠳᠤᠨᠢ ᠤᠷᠲᠤᠳᠬᠠᠭᠰᠠᠨ ᠥᠬᠡᠶ ᠪᠤᠶᠤ ᠬᠦᠴᠦᠨ ᠥᠬᠡᠶ ᠪᠣᠯᠭ᠋ᠠᠭᠳᠠᠭᠰᠠᠨ ᠥᠬᠡᠶ; ᠵᠠᠰᠠᠭ ᠵᠠᠬᠢᠷᠭ᠋ᠠᠨ᠎ᠤ ᠰᠢᠢ᠍ᠳᠬᠡᠯ ᠣᠯᠤᠭᠰᠠᠨ᠎ᠤ ᠳᠠᠷᠠᠭ᠎ᠠ ᠭᠦᠢ᠍ᠴᠡᠳᠭᠡᠬᠦ ᠬᠤᠭᠤᠴᠠᠭ᠋ᠠᠨ᠎ᠳᠤ ᠭᠦᠢ᠍ᠴᠡᠳᠬᠡᠭᠰᠡᠨ ᠥᠬᠡᠶ᠃ ᠬᠠᠭ᠋ᠠᠭᠰᠠᠨ᠂ ᠠᠵᠤ ᠠᠬᠤᠶ᠋ᠢᠯᠠᠯ᠎ᠤᠨ ᠲᠤᠰ ᠪᠡᠶ᠎ᠡ ᠵᠢᠨ ᠰᠢᠯᠲᠠᠭ᠋ᠠᠨ᠎ᠠᠴᠠ ᠪᠤᠯᠵᠤ ᠦᠢ᠍ᠯᠡᠳᠪᠦᠷᠢᠯᠡᠯ ᠡᠵᠡᠩᠨᠡᠯᠲᠡ᠎ᠪᠠᠨ ᠵᠣᠭᠰᠣᠭ᠋ᠠᠭᠰᠠᠨ ᠦᠭᠡᠢ; ᠬᠠᠤᠯᠢ ᠵᠢ ᠵᠥᠷᠢᠴᠡᠨ ᠨᠡᠭᠡᠭᠡᠨ ᠮᠠᠯᠲᠠᠭᠰᠠᠨ᠂ ᠢᠯᠠᠩᠭᠤᠶ᠎ᠠ ᠵᠠᠭ᠋ᠠᠭ ᠳᠠᠪᠠᠵᠤ ᠨᠡᠭᠡᠭᠡᠨ ᠮᠠᠯᠲᠠᠭᠰᠠᠨ᠂ ᠨᠡᠭᠡᠭᠡᠨ ᠮᠠᠯᠲᠠᠬᠤ ᠠᠷᠭ᠎ᠠ ᠮᠠᠶᠢᠭ ᠵᠶ᠋ᠠᠨ ᠳᠤᠷ᠎ᠠ᠎ᠪᠠᠷ ᠵᠶ᠋ᠠᠨ ᠬᠤᠪᠢᠷᠠᠭᠤᠯᠪᠠ; ᠨᠡᠯᠢᠶᠡᠳ ᠶᠡᠭᠡ ᠵᠢᠴᠢ ᠲᠡᠭᠦᠨ᠎ᠠᠴᠠ ᠳᠡᠭᠡᠭᠰᠢᠬᠢ ᠠᠶᠤᠯᠭᠦᠢ ᠦᠢ᠍ᠯᠡᠳᠪᠦᠷᠢᠯᠡᠯ᠎ᠤᠨ ᠠᠳᠡᠯ ᠪᠤᠶᠤ ᠣᠷᠴᠢᠨ ᠲᠣᠭᠤᠷᠢᠨ᠎ᠤ ᠬᠡᠷᠡᠭ ᠭᠠᠷᠪᠠᠯ᠂ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤ ᠵᠢ ᠬᠦᠨᠳᠦ ᠨᠣᠴᠢᠲᠠᠢ ᠪᠣᠬᠢᠷᠲᠤᠭᠤᠯᠤᠭᠰᠠᠨ᠂ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠵᠡᠷᠭᠡ ᠬᠠᠮᠢᠶ᠎ᠠ ᠪᠦᠬᠦᠢ ᠳᠦᠷᠢᠮ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠦᠭᠡᠢ ᠮᠥᠷᠲᠡᠭᠡᠨ ᠲᠣᠭᠲᠠᠭᠰᠠᠨ ᠬᠤᠭᠤᠴᠠᠭ᠋ᠠᠨ᠎ᠳᠤ ᠴᠡᠭᠴᠡᠯᠡᠨ ᠰᠠᠶ᠋ᠢᠵᠢᠷᠠᠭᠤᠯᠤᠭᠰᠠᠨ ᠦᠭᠡᠢ; ᠦᠯᠡᠳᠡᠭᠳᠡᠯ ᠬᠦᠳᠡᠷ᠎ᠤᠨ ᠬᠥᠮᠥᠷᠭᠡ ᠵᠢᠨ ᠪᠣᠬᠢᠷᠲᠤᠯ᠎ᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ ᠵᠢ ᠱᠠᠭ᠋ᠠᠷᠳᠠᠯᠭ᠎ᠠ ᠶᠣᠰᠣᠭ᠋ᠠᠷ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠭᠰᠡᠨ ᠦᠭᠡᠢ ᠪᠤᠶᠤ ᠦᠯᠡᠳᠡᠭᠳᠡᠯ ᠬᠦᠳᠡᠷ᠎ᠤᠨ ᠬᠥᠮᠥᠷᠭᠡ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠡᠯᠡᠳᠬᠡᠮᠵᠢ ᠵᠢ ᠱᠠᠭ᠋ᠠᠷᠳᠠᠯᠭ᠎ᠠ ᠶᠣᠰᠣᠭ᠋ᠠᠷ ᠪᠦᠲᠦᠭᠡᠨ ᠪᠠᠶ᠋ᠢᠭᠤᠯᠵᠤ ᠠᠵᠢᠯᠯᠠᠭᠤᠯᠤᠭᠰᠠᠨ ᠦᠭᠡᠢ; ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢ ᠢᠯᠡ ᠨᠡᠶ᠋ᠢᠲᠡᠯᠡᠵᠦ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠪᠠ; ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠬᠢᠷᠢ ᠬᠡᠮᠵᠢᠶ᠎ᠡ ᠵᠢ ᠬᠤᠴᠣᠷᠤᠩᠭᠤᠶ ᠳᠡᠰ ᠵᠶ᠋ᠠᠷ ᠢᠯᠭ᠋ᠠᠨ ᠲᠣᠭᠲᠠᠭ᠋ᠠᠭᠳᠠᠭᠰᠠᠨ ᠪᠠᠶ᠋ᠢᠨ᠎ᠠ; ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ᠂ ᠲᠣᠭᠤᠷᠢᠨ ᠪᠠᠶ᠋ᠢᠴᠠᠭ᠋ᠠᠵᠤ ᠬᠢᠨᠠᠨ ᠪᠤᠳᠤᠬᠤ᠂ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠡᠷᠭᠡ᠎ᠠᠴᠠ ᠪᠣᠯᠵᠣ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠵᠠᠷᠯᠠᠨ ᠮᠡᠳᠡᠭᠳᠡᠭᠰᠡᠨ ᠪᠤᠶᠤ ᠡᠯ᠎ᠡ ᠲᠥᠷᠥᠯ᠎ᠤᠨ ᠰᠡᠷᠡᠮᠵᠢᠯᠡᠭᠦᠯᠬᠦ ᠹᠢᠯᠢᠮ᠎ᠳᠤ ᠣᠷᠣᠭᠤᠯᠤᠭᠰᠠᠨ ᠪᠠᠶ᠋ᠢᠨ᠎ᠠ; ᠭᠡᠨᠡᠳᠲᠡ ᠵᠢᠨ ᠬᠡᠷᠡᠭ ᠭᠠᠷᠪᠠᠯ᠂ ᠠᠵᠤ ᠠᠬᠤᠶ᠋ᠢᠯᠠᠯ᠎ᠤᠨ ᠬᠠᠤᠯᠢ ᠲᠣᠭᠲᠠᠭ᠋ᠠᠯ᠎ᠠᠴᠠ ᠵᠥᠷᠢᠴᠡᠨ ᠪᠥᠬᠦ ᠤᠯᠤᠰ᠎ᠤᠨ ᠫᠤᠷᠲ᠋ᠧᠯ ᠰᠦᠯᠵᠢᠶᠡᠨ ᠥᠷᠲᠡᠭᠡ᠂ ᠲᠠᠪᠴᠠᠩ᠎ᠳᠤ ᠨᠠᠵᠠᠭ᠋ᠠᠶ ᠲᠠᠯ᠎ᠠ ᠵᠢᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ ᠭᠠᠷᠭ᠋ᠠᠭᠰᠠᠨ; ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠣᠬᠢᠷᠲᠤᠯ ᠥᠬᠡᠶ ᠠᠭᠤᠷᠬᠠᠶ ᠵᠢᠨ ᠦᠨᠡᠯᠡᠨ ᠵᠢᠱ᠌ᠢᠯᠲᠡ ᠵᠢ ᠥᠩᠭᠡᠷᠡᠭᠦᠯᠦᠭᠰᠡᠨ; ᠪᠤᠰᠤᠳ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠨᠡᠷᠡᠰ᠎ᠤᠨ ᠵᠢᠭᠰᠠᠭ᠋ᠠᠯᠲᠠ᠎ᠳᠤ ᠦᠷᠭᠦᠯᠵᠢᠯᠡᠨ ᠵᠢᠭᠰᠠᠭ᠋ᠠᠨ ᠣᠷᠣᠭᠤᠯᠵᠤ ᠪᠣᠯᠬᠤ ᠥᠬᠡᠶ᠃
ᠲᠤᠰ ᠪᠢᠴᠢᠭ ᠮᠠᠲ᠋ᠧᠷᠢᠶᠠᠯ᠎ᠢ ᠪᠠᠭᠤᠯᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ᠎ᠲᠠᠢ ᠬᠤᠭᠤᠴᠠᠭ᠎ᠠ᠎ᠨᠢ ᠲᠠᠪᠤᠨ ᠵᠢᠯ ᠪᠣᠯᠤᠨ᠎ᠠ᠃
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ
ᠠᠮᠢ ᠠᠬᠤᠶ ᠣᠷᠴᠢᠨ ᠲᠣᠭᠤᠷᠢᠨ᠎ᠤ ᠶᠠᠮᠤᠨ
ᠡᠳ᠋᠎ᠤᠨ ᠵᠠᠰᠠᠭ᠎ᠤᠨ ᠶᠠᠮᠤᠨ
ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ
ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ
ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ
ᠤᠯᠤᠰ᠎ᠤᠨ ᠣᠢ ᠰᠢᠭᠤᠢ ᠪᠣᠯᠤᠨ ᠨᠤᠲᠤᠭ ᠪᠡᠯᠴᠢᠭᠡᠷ᠎ᠤᠨ ᠲᠣᠪᠴᠢᠶ᠎ᠠ
2024 ᠣᠨ᠎ᠤ 4 ᠳ᠋ᠦ᠍ᠭᠡᠷ ᠰᠠᠷ᠎ᠠ ᠵᠢᠨ 15᠎ᠤ ᠡᠳᠦᠷ
ᠳᠠᠭ᠋ᠠᠯᠳᠤᠭᠤᠯᠤᠯ᠄ 1. ᠪᠣᠬᠢᠷᠲᠤᠯ ᠦᠭᠡᠶ ᠠᠭᠤᠷᠬᠠᠶ ᠵᠢᠨ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ ᠠᠵᠢᠯ᠎ᠤᠨ ᠱᠠᠭ᠋ᠠᠷᠳᠠᠯᠭ᠎ᠠ
2. ᠪᠣᠬᠢᠷᠲᠤᠯ ᠦᠭᠡᠶ ᠠᠭᠤᠷᠬᠠᠶ ᠵᠢᠨ ᠨᠡᠷᠡᠰ᠎ᠤᠨ ᠵᠢᠭᠰᠠᠭ᠋ᠠᠯᠲᠠ ᠵᠢᠨ ᠬᠥᠳᠡᠯᠦᠩᠭᠦᠶ ᠬᠠᠮᠢᠶᠠᠷᠤᠯᠲᠠ ᠵᠢᠨ ᠱᠠᠭ᠋ᠠᠷᠳᠠᠯᠭ᠎ᠠ
3. ᠤᠯᠤᠰ᠎ᠤᠨ ᠳᠡᠰ᠎ᠤᠨ ᠪᠣᠬᠢᠷᠳᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠦᠨᠡᠯᠡᠯᠲᠡ ᠵᠢᠨ ᠭᠦᠢ᠍ᠴᠡᠳᠬᠡᠯ ᠲᠤᠭ᠎ᠠ
ᠳᠠᠭ᠋ᠠᠯᠳᠤᠭᠤᠯᠤᠯ᠎ᠢ ᠪᠠᠭᠤᠯᠭ᠋ᠠᠬᠤ᠄
1. ᠪᠣᠬᠢᠷᠲᠤᠯ ᠥᠬᠡᠶ ᠠᠭᠤᠷᠬᠠᠶ ᠵᠢᠨ ᠭᠤᠷᠪᠠᠳᠤᠭ᠋ᠠᠷ ᠡᠲᠡᠭᠡᠳ᠎ᠤᠨ ᠦᠨᠡᠯᠡᠨ ᠵᠢᠱ᠌ᠢᠬᠦ ᠠᠵᠢᠯ᠎ᠤᠨ ᠱᠠᠭ᠋ᠠᠷᠳᠠᠯᠭ᠎ᠠ . wps
2. ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠤᠨ ᠵᠢᠭᠰᠠᠭ᠋ᠠᠯᠲᠠ ᠵᠢᠨ ᠬᠥᠳᠡᠯᠦᠩᠭᠦᠶ ᠬᠠᠮᠢᠶᠠᠷᠤᠯᠲᠠ ᠵᠢᠨ ᠱᠠᠭ᠋ᠠᠷᠳᠠᠯᠭ᠎ᠠ . wps
3. ᠤᠯᠤᠰ᠎ᠤᠨ ᠲᠠᠰ᠎ᠤᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠦᠨᠡᠯᠡᠬᠦ ᠭᠦᠢ᠍ᠴᠡᠳᠬᠡᠯ ᠲᠤᠭ᠎ᠠ . wps