ᠠᠰᠠᠭᠤᠯᠲᠠ᠄ ᠤᠯᠤᠰ᠎ᠤᠨ ᠳᠡᠰ᠎ᠤᠨ ᠲᠥᠯᠥᠪᠵᠢᠭᠦᠯᠦᠭᠰᠡᠨ ᠲᠡᠮᠦᠷ ᠵᠠᠮ᠂ ᠵᠠᠰᠠᠮᠠᠯ ᠵᠠᠮ᠎ᠤᠨ ᠲᠥᠷᠥᠯ ᠵᠦᠢ᠍ᠯ ᠪᠠ ᠮᠤᠵᠢ ᠵᠢᠨ ᠳᠡᠰ᠎ᠤᠨ ᠵᠠᠰᠠᠮᠠᠯ ᠵᠠᠮ᠎ᠤᠨ ᠲᠣᠣᠷ᠎ᠤᠨ ᠲᠥᠯᠥᠪᠵᠢᠭᠦᠯᠦᠭᠰᠡᠨ ᠮᠤᠵᠢ ᠵᠢᠨ ᠳᠡᠰ᠎ᠤᠨ ᠳᠡᠭᠡᠳᠦ ᠬᠤᠷᠳᠤᠨ ᠲᠦᠷᠭᠡᠨ᠎ᠤ ᠵᠠᠮ᠎ᠤᠨ ᠲᠥᠷᠥᠯ ᠵᠦᠢ᠍ᠯ᠎ᠳᠠᠬᠢ ᠵᠥᠪᠬᠡᠨ ᠴᠢᠬᠤᠯᠠ ᠵᠠᠩᠭᠢᠯᠠᠭ᠎ᠠ ᠵᠢᠨ ᠴᠡᠭ᠎ᠤᠨ ᠨᠡᠷᠡᠶ᠋ᠢᠳᠦᠯ᠎ᠲᠠᠢ ᠪᠠᠶ᠋ᠢᠵᠤ᠂ ᠭᠤᠣᠯ ᠵᠠᠩᠭᠢᠶᠠᠰᠤ ᠳᠡᠭᠡᠷ᠎ᠡ ᠢᠯᠡᠷᠡᠭᠰᠡᠨ ᠦᠭᠡᠢ ᠪᠣᠯᠪᠠᠴᠤ ᠲᠤᠰ ᠲᠡᠮᠦᠷ ᠵᠠᠮ᠂ ᠵᠠᠰᠠᠮᠠᠯ ᠵᠠᠮ᠎ᠳᠤ ᠣᠷᠣᠭᠤᠯᠤᠭᠰᠠᠨ ᠵᠦᠢ᠍ᠯᠡᠰ᠎ᠨᠢ ᠴᠦ᠍ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ ᠪᠠᠶ᠋ᠢᠳᠠᠯ᠎ᠲᠠᠢ ᠨᠡᠶ᠋ᠢᠴᠡᠬᠦ ᠵᠢ ᠲᠣᠳᠣᠷᠬᠠᠶ᠋ᠢᠯᠠᠨ᠎ᠠ ᠤᠤ ᠦᠭᠡᠢ ᠤᠤ?
ᠬᠠᠷᠢᠭᠤᠯᠲᠠ᠄ ᠮᠡᠳᠡᠭᠦᠯᠦᠭᠰᠡᠨ ᠲᠥᠷᠥᠯ ᠵᠦᠢ᠍ᠯ᠎ᠨᠢ ᠬᠡᠷᠪᠡ ᠲᠥᠯᠦᠪᠵᠢᠭᠦᠯᠭᠡ᠎ᠳᠤ ᠲᠣᠳᠣᠷᠬᠠᠢ ᠨᠡᠷᠡᠶ᠋ᠢᠳᠦᠯ ᠪᠤᠶᠤ ᠵᠠᠩᠭᠢᠶᠠᠰᠤ ᠦᠭᠡᠢ ᠪᠣᠯ᠂ ᠪᠤᠰᠤᠳ ᠪᠢᠴᠢᠭ ᠮᠠᠲ᠋ᠧᠷᠢᠶᠠᠯ᠎ᠤᠨ ᠨᠥᠬᠦᠪᠦᠷᠢ ᠲᠣᠳᠣᠷᠬᠠᠶ᠋ᠢᠯᠠᠯᠲᠠ ᠵᠢ ᠬᠠᠩᠭ᠋ᠠᠬᠤ ᠬᠡᠷᠡᠭᠲᠡᠢ᠃ ᠤᠯᠤᠰ᠎ᠤᠨ ᠳᠡᠰ᠎ᠤᠨ ᠲᠥᠯᠥᠪᠵᠢᠭᠦᠯᠭᠡ ᠵᠢᠨ ᠲᠥᠷᠥᠯ ᠵᠦᠢ᠍ᠯ᠎ᠳᠤ ᠤᠯᠤᠰ᠎ᠤᠨ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠨ ᠲᠤᠳᠤᠷᠬᠠᠢ᠌ᠯᠠᠭᠰᠠᠨ ᠪᠢᠴᠢᠭ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠂ ᠵᠢᠱ᠌ᠢᠶᠡᠯᠡᠪᠡᠯ ᠤᠯᠤᠰ᠎ᠤᠨ ᠵᠠᠰᠠᠮᠠᠯ ᠵᠠᠮ᠎ᠤᠨ ᠲᠣᠣᠷ ᠱᠤᠭᠤᠮ᠎ᠤᠨ ᠪᠠᠢ᠌ᠷᠢ ᠵᠢᠨ ᠲᠥᠯᠥᠪᠵᠢᠭᠦᠯᠭᠡ ᠵᠡᠷᠭᠡ; ᠮᠣᠵᠢ ᠵᠢᠨ ᠱᠠᠲᠤᠨ᠎ᠤ ᠲᠥᠯᠥᠪᠵᠢᠭᠦᠯᠭᠡ ᠵᠢᠨ ᠲᠥᠷᠥᠯ ᠵᠦᠢ᠍ᠯ᠎ᠳᠤ ᠮᠣᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃