ᠲᠦᠷ ᠴᠠᠭ ᠬᠡᠷᠡᠭᠯᠡᠬᠦ ᠭᠠᠵᠠᠷ᠎ᠤᠨ ᠬᠤᠭᠤᠴᠠᠭ᠎ᠠ ᠵᠢ ᠤᠷᠲᠤᠳᠬᠠᠵᠤ ᠪᠣᠯᠬᠤ ᠦᠦ? ᠬᠡᠷᠪᠡ ᠬᠤᠭᠤᠴᠠᠭ᠎ᠠ ᠵᠢ ᠤᠷᠲᠤᠳᠬᠠᠵᠤ ᠳᠡᠢ᠌ᠯᠪᠡᠯ᠂ ᠬᠤᠭᠤᠴᠠᠭ᠎ᠠ ᠵᠢ ᠤᠷᠲᠤᠳᠬᠠᠬᠤ ᠨᠥᠬᠦᠴᠡᠯ ᠵᠢᠴᠢ ᠬᠢᠨᠠᠨ ᠬᠠᠷᠭᠤᠭᠤᠯᠬᠤ ᠱᠠᠭ᠋ᠠᠷᠳᠠᠯᠭ᠎ᠠ ᠵᠢ ᠲᠤᠳᠤᠷᠬᠠᠢ᠌ᠯᠠᠬᠤ ᠬᠡᠷᠡᠭᠲᠡᠢ ᠤᠤ?
2024-08-01

   ᠠᠰᠠᠭᠤᠯᠲᠠ᠄ ᠲᠦᠷ ᠬᠡᠷᠡᠭᠯᠡᠬᠦ ᠭᠠᠵᠠᠷ᠎ᠤᠨ ᠬᠤᠭᠤᠴᠠᠭ᠎ᠠ ᠵᠢ ᠤᠷᠲᠤᠳᠬᠠᠵᠤ ᠪᠣᠯᠬᠤ ᠦᠦ? ᠬᠡᠷᠪᠡ ᠬᠤᠭᠤᠴᠠᠭ᠎ᠠ ᠵᠢ ᠤᠷᠲᠤᠳᠬᠠᠵᠤ ᠳᠡᠶ᠋ᠢᠯᠪᠡᠯ᠂ ᠬᠤᠭᠤᠴᠠᠭ᠎ᠠ ᠵᠢ ᠤᠷᠲᠤᠳᠬᠠᠬᠤ ᠨᠥᠬᠦᠴᠡᠯ ᠵᠢᠴᠢ ᠬᠢᠨᠠᠨ ᠬᠠᠷᠭᠤᠭᠤᠯᠬᠤ ᠱᠠᠭ᠋ᠠᠷᠳᠠᠯᠭ᠎ᠠ ᠵᠢ ᠲᠤᠳᠤᠷᠬᠠᠢ᠌ᠯᠠᠬᠤ ᠬᠡᠷᠡᠭᠲᠡᠢ ᠤᠤ?

   ᠬᠠᠷᠢᠭᠤᠯᠲᠠ᠄ ᠣᠳᠣ ᠵᠢᠨ ᠬᠡᠷᠡᠭᠵᠢᠭᠦᠯᠵᠦ ᠪᠠᠶ᠋ᠢᠭ᠎ᠠ 《ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠭᠦᠯᠬᠦ ᠳᠦᠷᠢᠮ》᠎ᠳᠤ ᠵᠠᠰᠠᠪᠤᠷᠢ ᠣᠷᠣᠭᠤᠯᠵᠤ ᠨᠡᠶ᠋ᠢᠲᠡᠯᠡᠬᠦ᠎ᠠᠴᠠ ᠡᠮᠦᠨ᠎ᠡ᠂ ᠨᠢᠭᠡᠨᠲᠡ ᠵᠥᠪᠰᠢᠶᠡᠷᠡᠭᠰᠡᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠵᠢᠨ ᠲᠦᠷ ᠴᠠᠭ ᠬᠡᠷᠡᠭᠯᠡᠬᠦ ᠭᠠᠵᠠᠷ᠎ᠤᠨ ᠬᠤᠭᠤᠴᠠᠭ᠎ᠠ᠎ᠨᠢ ᠨᠢᠭᠡᠨᠲᠡ 2 ᠵᠢᠯ ᠬᠡᠲᠦᠷᠡᠭᠰᠡᠨ ᠮᠥᠷᠲᠡᠭᠡᠨ ᠦᠷᠭᠦᠯᠵᠢᠯᠡᠨ ᠬᠡᠷᠡᠭᠯᠡᠬᠦ ᠴᠢᠬᠤᠯᠠᠲᠠᠢ ᠪᠣᠯ᠂ ᠭᠠᠵᠠᠷ ᠬᠡᠷᠡᠭᠯᠡᠬᠦ ᠣᠷᠣᠨ ᠪᠠᠶ᠋ᠢᠷᠢ ᠵᠢ ᠬᠤᠪᠢᠷᠠᠭᠤᠯᠬᠤ ᠦᠭᠡᠢ᠂ ᠭᠠᠵᠠᠷ ᠬᠡᠷᠡᠭᠯᠡᠬᠦ ᠬᠡᠪᠴᠢᠶ᠎ᠡ ᠵᠢ ᠥᠷᠭᠡᠳᠬᠡᠬᠦ ᠦᠭᠡᠢ ᠨᠥᠬᠦᠴᠡᠯ ᠳᠣᠣᠷ᠎ᠠ᠂ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠡᠳ ᠦᠷᠭᠦᠯᠵᠢᠯᠡᠨ ᠬᠡᠷᠡᠭᠯᠡᠵᠦ ᠪᠣᠯᠣᠨ᠎ᠠ᠂ ᠭᠡᠪᠡᠴᠦ ᠶᠡᠷᠦᠩᠬᠡᠢ᠎ᠳᠤ᠎ᠨᠢ ᠬᠡᠷᠡᠭᠯᠡᠬᠦ ᠬᠤᠭᠤᠴᠠᠭ᠎ᠠ ᠵᠢ ᠳᠥᠷᠪᠡᠨ ᠵᠢᠯ᠎ᠠᠴᠠ ᠬᠡᠲᠦᠷᠡᠭᠦᠯᠵᠦ ᠪᠣᠯᠬᠤ ᠦᠭᠡᠢ; ᠡᠭᠦᠨ᠎ᠠᠴᠠ ᠭᠠᠳᠠᠨᠠᠬᠢ ᠲᠦᠷ ᠴᠠᠭ ᠬᠡᠷᠡᠭᠯᠡᠬᠦ ᠭᠠᠵᠠᠷ᠎ᠤᠨ ᠬᠤᠭᠤᠴᠠᠭ᠎ᠠ ᠵᠢ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠲᠦᠷ ᠴᠠᠭ ᠬᠡᠷᠡᠭᠯᠡᠬᠦ ᠭᠠᠵᠠᠷ᠎ᠤᠨ ᠬᠠᠮᠢᠶᠠᠷᠤᠯᠲᠠ ᠵᠢ ᠵᠢᠷᠤᠮᠵᠢᠭᠤᠯᠬᠤ ᠲᠤᠬᠠᠢ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠲᠣᠭᠲᠠᠭ᠋ᠠᠯ [2021] 2 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠶᠣᠰᠣᠭ᠋ᠠᠷ ᠬᠡᠷᠡᠭᠵᠢᠭᠦᠯᠦᠨ᠎ᠡ᠃

 

ᠢᠷᠡᠯᠲᠡ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ