ᠠᠮᠢ ᠠᠬᠤᠢ ᠵᠢᠨ ᠰᠡᠷᠭᠦᠭᠡᠯᠲᠡ ᠵᠢᠨ ᠲᠥᠷᠥᠯ᠎ᠤᠨ ᠲᠥᠷᠥᠯ ᠵᠦᠢ᠍ᠯ᠎ᠳᠤ ᠪᠣᠢ᠌ᠵᠢᠭᠤᠯᠬᠤ᠂ ᠨᠥᠬᠥᠵᠦ ᠤᠷᠭᠤᠭᠤᠯᠬᠤ ᠵᠡᠷᠭᠡ ᠠᠷᠭ᠎ᠠ ᠬᠡᠮᠵᠢᠶ᠎ᠡ ᠵᠢ ᠠᠮᠢ ᠠᠬᠤᠢ ᠵᠢᠨ ᠬᠠᠮᠠᠭ᠋ᠠᠯᠠᠯᠲᠠ ᠵᠢᠨ ᠭᠣᠣᠯᠳᠠᠯᠭ᠎ᠠ᠎ᠳᠤ ᠶᠠᠪᠤᠭᠳᠠᠭᠤᠯᠵᠤ ᠪᠣᠯᠬᠤ ᠡᠰᠡᠬᠦ
2024-11-08

   ᠠᠰᠠᠭᠤᠨ ᠯᠠᠪᠯᠠᠬᠤ᠄ ᠲᠠ ᠰᠠᠶ᠋ᠢᠨ᠂ ᠠᠰᠠᠭᠤᠬᠤ᠎ᠨᠢ᠂ ᠠᠭᠤᠯᠠ ᠤᠰᠤᠨ᠎ᠤ ᠲᠥᠷᠥᠯ ᠵᠦᠢ᠍ᠯ ᠵᠡᠷᠭᠡ ᠠᠮᠢ ᠠᠬᠤᠶ ᠵᠢ ᠰᠡᠷᠭᠦᠭᠡᠬᠦ ᠲᠥᠷᠥᠯ᠎ᠤᠨ ᠲᠥᠷᠥᠯ ᠵᠦᠢ᠍ᠯ᠎ᠤᠨ ᠳᠣᠲᠣᠷᠠᠬᠢ ᠨᠡᠭᠡᠭᠡᠨ ᠬᠥᠭᠵᠢᠭᠦᠯᠬᠦ ᠴᠢᠨᠠᠷᠲᠠᠶ᠂ ᠪᠦᠲᠦᠭᠡᠯᠴᠢ ᠴᠢᠨᠠᠷᠲᠠᠶ ᠢᠨᠵᠧᠨᠧᠷᠢᠩ᠎ᠳᠤ ᠠᠷᠠᠴᠢᠯᠠᠨ ᠪᠤᠶ᠋ᠢᠵᠢᠭᠤᠯᠬᠤ᠂ ᠨᠥᠬᠦᠵᠦ ᠳᠠᠷᠢᠬᠤ ᠵᠡᠷᠭᠡ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠮᠢ ᠠᠬᠤᠶ ᠵᠢ ᠬᠠᠮᠠᠭ᠋ᠠᠯᠠᠬᠤ ᠭᠤᠤᠯᠳᠠᠯᠭ᠎ᠠ᠎ᠳᠤ ᠶᠠᠪᠤᠭᠳᠠᠭᠤᠯᠵᠤ ᠪᠣᠯᠬᠤ ᠡᠰᠡᠬᠦ᠃

   ᠬᠠᠷᠢᠭᠤᠯᠲᠠ᠄ ᠲᠠ ᠰᠠᠢ᠌ᠨ! 《ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢᠨ ᠲᠥᠯᠥᠪᠵᠢᠭᠦᠯᠭᠡ᠎ᠳᠤ ᠭᠤᠷᠪᠠᠨ ᠬᠢᠵᠠᠭ᠋ᠠᠷᠯᠠᠬᠤ ᠱᠤᠭᠤᠮ᠎ᠢ ᠨᠢᠭᠡᠳᠦᠯᠲᠡᠶ ᠲᠥᠯᠥᠪᠯᠡᠨ ᠬᠤᠪᠢᠶᠠᠷᠢᠯᠠᠨ ᠲᠣᠭᠲᠠᠭ᠋ᠠᠵᠤ ᠨᠠᠶ᠋ᠢᠳᠠᠪᠤᠷᠢᠵᠢᠭᠤᠯᠬᠤ ᠲᠤᠬᠠᠶ ᠵᠢᠯᠣᠭᠤᠳᠬᠤ ᠰᠠᠨᠠᠯ》 (ᠪᠠᠶ᠋ᠢᠭ᠋ᠠᠯᠢ ᠵᠢᠨ ᠡᠬᠢ ᠪᠠᠶᠠᠯᠢᠭ ᠲᠠᠷᠬᠠᠭ᠋ᠠᠭᠰᠠᠨ [2019] 144 ᠳ᠋ᠦ᠍ᠭᠡᠷ ᠲᠣᠭ᠋ᠠᠲᠤ)᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠤᠤᠯ ᠬᠠᠮᠠᠭ᠋ᠠᠯᠠᠯᠲᠠ ᠵᠢᠨ ᠣᠷᠣᠨ᠎ᠳᠤ ᠵᠠᠷᠴᠢᠮ ᠳᠡᠭᠡᠷ᠎ᠡ᠎ᠪᠠᠨ ᠵᠣᠷᠢᠭᠤᠳᠠ ᠠᠵᠢᠯᠯᠠᠭ᠎ᠠ ᠬᠢᠬᠦ ᠵᠢ ᠴᠠᠭ᠋ᠠᠵᠠᠯᠠᠵᠤ᠂ ᠪᠤᠰᠤᠳ ᠣᠷᠣᠨ ᠪᠦᠰᠡ᠎ᠳᠤ ᠨᠡᠭᠡᠭᠡᠨ ᠬᠥᠭᠵᠢᠭᠦᠯᠬᠦ ᠴᠢᠨᠠᠷᠲᠠᠶ᠂ ᠦᠢ᠍ᠯᠡᠳᠪᠦᠷᠢᠯᠡᠯ᠎ᠤᠨ ᠴᠢᠨᠠᠷᠲᠠᠶ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠴᠢᠩᠭ᠎ᠠ ᠴᠠᠭ᠋ᠠᠵᠠᠯᠠᠨ᠎ᠠ᠃ ᠠᠭᠤᠯᠠ ᠤᠰᠤᠨ᠎ᠤ ᠢᠨᠵᠧᠨᠧᠷᠢᠩ ᠵᠡᠷᠭᠡ ᠠᠮᠢ ᠠᠬᠤᠶ ᠵᠢ ᠰᠡᠷᠭᠦᠭᠡᠬᠦ ᠲᠥᠷᠥᠯ᠎ᠤᠨ ᠲᠥᠷᠥᠯ ᠵᠦᠢ᠍ᠯ᠎ᠢ ᠳᠡᠭᠡᠷᠡᠬᠢ ᠬᠤᠯᠪᠣᠭᠳᠠᠯ ᠪᠥᠬᠦᠶ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠳᠦᠭᠡᠢ᠃

 

ᠢᠷᠡᠯᠲᠡ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ