ᠬᠠᠤᠯᠢᠴᠢ ᠭᠠᠵᠠᠷ ᠵᠦᠢ ᠵᠢᠨ ᠮᠡᠳᠡᠭᠡ ᠵᠠᠩᠭᠢᠴᠢ᠎ᠪᠠᠷ ᠨᠡᠷ᠎ᠡ ᠮᠡᠳᠡᠭᠦᠯᠵᠦ ᠪᠣᠯᠬᠤ ᠤᠤ?
2024-11-08

   ᠠᠰᠠᠭᠤᠨ ᠯᠠᠪᠯᠠᠬᠤ᠄ ᠪᠢ ᠭᠠᠵᠠᠷ ᠰᠢᠷᠣᠶ ᠠᠰᠢᠭᠯᠠᠬᠤ ᠮᠡᠳᠡᠭᠡ ᠵᠠᠩᠭᠢ ᠵᠢ ᠵᠠᠷᠭᠤᠯᠳᠤᠬᠤ ᠭᠡᠷᠡᠴᠢ ᠪᠠᠷᠢᠮᠲᠠ᠎ᠳᠤ ᠬᠡᠷᠡᠭᠯᠡᠬᠦ᠎ᠪᠠᠷ ᠭᠤᠶᠤᠴᠢᠯᠠᠭᠰᠠᠨ᠎ᠠᠴᠠ ᠭᠠᠵᠠᠷ ᠰᠢᠷᠣᠶ ᠠᠰᠢᠭᠯᠠᠬᠤ ᠣᠳᠣᠬᠢ ᠪᠠᠶ᠋ᠢᠳᠠᠯ᠎ᠤᠨ ᠵᠢᠷᠤᠭ᠎ᠢ ᠢᠯᠡ ᠪᠣᠯᠭ᠋ᠠᠬᠤ᠎ᠪᠠᠷ ᠭᠤᠶᠤᠴᠢᠯᠠᠬᠤ ᠴᠢᠬᠤᠯᠠᠲᠠᠶ᠂ ᠡᠢ᠌ᠮᠦ᠎ᠠᠴᠠ ᠨᠢᠭᠤᠴᠠ᠎ᠳᠤ ᠬᠣᠯᠪᠣᠭᠳᠠᠬᠤ ᠠᠵᠢᠯ᠎ᠤᠨ ᠦᠨᠡᠮᠯᠡᠯ ᠣᠯᠬᠤ ᠴᠢᠬᠤᠯᠠᠲᠠᠢ᠂ ᠮᠢᠨᠤ ᠠᠵᠢᠯ ᠪᠣᠯ ᠬᠠᠤᠯᠢᠴᠢ ᠮᠥᠨ᠂ ᠭᠠᠵᠠᠷ ᠵᠦᠢ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠮᠡᠷᠭᠡᠵᠢᠯᠲᠡᠨ᠎ᠤ ᠰᠢᠯᠭ᠋ᠠᠯᠲᠠ᠎ᠳᠤ ᠨᠡᠷ᠎ᠡ ᠮᠡᠳᠡᠭᠦᠯᠵᠦ ᠪᠣᠯᠣᠨ᠎ᠠ ᠦᠦ?

   ᠬᠠᠷᠢᠭᠤᠯᠲᠠ᠄ ᠲᠠ ᠰᠠᠶ᠋ᠢᠨ! ᠮᠠᠨ᠎ᠤ ᠶᠠᠮᠤᠨ᠎ᠳᠤ 《ᠭᠠᠵᠠᠷ ᠵᠦᠢ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠮᠡᠷᠭᠡᠵᠢᠯᠲᠡᠨ》 ᠵᠢᠴᠢ ᠬᠠᠮᠢᠶ᠎ᠠ ᠪᠦᠬᠦᠢ ᠬᠢᠷᠢ ᠬᠡᠮ᠂ ᠬᠢᠷᠢ ᠬᠡᠮ᠎ᠤᠨ ᠦᠨᠡᠮᠯᠡᠯ ᠭᠠᠷᠭ᠋ᠠᠭᠰᠠᠨ ᠦᠭᠡᠢ᠃ ᠮᠠᠨ᠎ᠤ ᠶᠠᠮᠤᠨ ᠤᠯᠤᠰ᠎ᠤᠨ ᠭᠠᠵᠠᠷ ᠵᠦᠢ ᠵᠢᠨ ᠮᠡᠳᠡᠭᠡ ᠵᠠᠩᠭᠢ ᠵᠢᠨ ᠲᠥᠪ᠎ᠢ ᠵᠣᠬᠢᠶᠠᠨ ᠪᠠᠶ᠋ᠢᠭᠤᠯᠵᠤ ᠪᠥᠬᠦ ᠤᠯᠤᠰ᠎ᠤᠨ ᠬᠡᠷᠡᠭᠴᠡᠭᠡ᠎ᠲᠠᠢ ᠠᠵᠢᠯ ᠲᠥᠷᠥᠯ᠎ᠤᠨ ᠠᠵᠤ ᠠᠬᠤᠶ᠋ᠢᠯᠠᠯ ᠪᠠ ᠨᠢᠭᠡᠴᠢ᠎ᠳᠤ ᠬᠠᠨᠳᠤᠭᠤᠯᠤᠨ᠂ ᠰᠦᠢ᠍ᠳᠬᠡᠯ ᠬᠤᠷᠢᠶᠠᠬᠤ ᠦᠭᠡᠢ᠎ᠪᠠᠷ ᠭᠠᠵᠠᠷ ᠵᠦᠢ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠰᠦᠯᠵᠢᠶᠡᠨ ᠳᠡᠭᠡᠷ᠎ᠡ ᠪᠣᠯᠪᠠᠰᠤᠷᠠᠯ ᠬᠠᠩᠭ᠋ᠠᠨ᠎ᠠ᠃ ᠶᠠᠮᠤᠨ᠎ᠤ ᠰᠦᠯᠵᠢᠶᠡᠨ ᠳᠡᠭᠡᠷ᠎ᠡ ᠢᠯᠡ᠎ᠪᠠᠷ ᠦᠭᠡ ᠦᠯᠡᠳᠡᠭᠡᠬᠦ ᠳᠤᠮᠳᠠ ᠤᠯᠤᠰ᠎ᠤᠨ ᠭᠠᠵᠠᠷ ᠵᠦᠶ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠪᠣᠯᠪᠠᠰᠤᠷᠠᠯ᠎ᠤᠨ ᠰᠢᠰᠲ᠋ᠧᠮ᠎ᠤᠨ ᠰᠦᠯᠵᠢᠶᠡᠨ ᠬᠠᠶᠢᠭ᠎ᠲᠠᠢ᠂ ᠪᠠᠶ᠋ᠢᠴᠠᠭ᠋ᠠᠨ ᠯᠠᠪᠯᠠᠬᠤ᠂ ᠰᠤᠷᠤᠯᠴᠠᠬᠤ ᠪᠠ ᠪᠣᠯᠪᠠᠰᠤᠷᠠᠯ᠎ᠳᠤ ᠬᠢᠷᠢ ᠲᠡᠩᠴᠡᠭᠰᠡᠨ ᠭᠡᠷᠡᠴᠢ ᠵᠢ ᠣᠯᠵᠤ ᠪᠣᠯᠤᠨ᠎ᠠ᠃

 

ᠢᠷᠡᠯᠲᠡ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ