ᠠᠰᠠᠭᠤᠨ ᠯᠠᠪᠯᠠᠬᠤ᠄ ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢᠨ ᠶᠡᠷᠦᠩᠬᠡᠶ ᠲᠥᠯᠥᠪᠵᠢᠭᠦᠯᠭᠡ ᠵᠢᠨ ᠬᠤᠲᠠ ᠪᠠᠯᠭ᠋ᠠᠰᠤ ᠵᠢ ᠨᠡᠭᠡᠭᠡᠨ ᠠᠰᠢᠭᠯᠠᠬᠤ ᠵᠠᠭ᠋ᠠᠭ ᠳᠣᠲᠣᠷᠠᠬᠢ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠳᠣᠲᠣᠷ᠎ᠠ ᠨᠢᠭᠡ ᠵᠤᠷᠪᠤᠰ ᠪᠠᠶ᠋ᠢᠭ᠋ᠠᠯᠢ ᠵᠢᠨ ᠭᠤᠤᠯ ᠮᠥᠷᠡᠨ (ᠤᠰᠤᠨ ᠣᠷᠣᠨ᠎ᠤ ᠥᠷᠭᠡᠨ᠎ᠨᠢ 10-30 ᠮᠸᠲᠷ)᠂ ᠭᠤᠤᠯ᠎ᠤᠨ ᠵᠠᠮ᠎ᠤᠨ ᠬᠤᠶᠠᠷ ᠲᠠᠯ᠎ᠠ᠎ᠪᠠᠷ ᠬᠠᠭᠤᠷᠠᠶ ᠭᠠᠵᠠᠷ ᠪᠠ ᠤᠰᠤᠨ ᠲᠠᠷᠢᠶ᠎ᠠ᠎ᠪᠠᠷ ᠭᠤᠤᠯ ᠪᠣᠯᠭ᠋ᠠᠨ᠎ᠠ᠃ ᠲᠦᠯᠦᠪᠵᠢᠬᠦᠯᠭᠡ᠎ᠳᠠᠬᠢ ᠬᠡᠰᠡᠭ ᠭᠤᠣᠯ᠎ᠤᠨ ᠬᠡᠰᠡᠭ᠎ᠨᠢ ᠬᠤᠳᠠ ᠪᠠᠯᠭ᠋ᠠᠰᠣᠨ᠎ᠤ ᠣᠷᠣᠨ ᠰᠠᠭᠤᠴᠠ᠎ᠳᠤ ᠬᠡᠷᠡᠭᠯᠡᠬᠦ ᠭᠠᠵᠠᠷ ᠪᠠᠶ᠋ᠢᠵᠦ᠂ ᠬᠡᠰᠡᠭ᠎ᠢ᠎ᠨᠢ ᠦᠯᠡᠳᠡᠭᠡᠨ᠎ᠡ᠃ ᠨᠡᠭᠡᠭᠡᠯᠲᠡ ᠬᠢᠵᠦ ᠪᠦᠲᠦᠭᠡᠨ ᠪᠠᠶ᠋ᠢᠭᠤᠯᠬᠤ᠎ᠠᠴᠠ ᠪᠣᠯᠵᠤ ᠣᠷᠣᠨ ᠰᠠᠭᠤᠴᠠ ᠵᠢᠨ ᠬᠡᠷᠡᠭᠯᠡᠬᠦ ᠭᠠᠵᠠᠷ ᠬᠦᠷᠲᠡᠯ᠎ᠡ ᠬᠥᠭᠵᠢᠭᠡᠳᠦᠶ ᠪᠠᠶ᠋ᠢᠭ᠎ᠠ ᠭᠣᠤᠯ᠎ᠤᠨ ᠬᠡᠰᠡᠭ᠎ᠢ ᠮᠥᠨ ᠬᠦ᠌ ᠤᠰᠤᠯᠠᠬᠤ ᠪᠠ ᠦᠶᠡᠷ ᠵᠠᠯᠠᠵᠤ ᠤᠰᠤ ᠲᠠᠲᠠᠷᠠᠭᠤᠯᠬᠤ᠎ᠳᠤ ᠬᠡᠷᠡᠭᠯᠡᠨ᠎ᠡ᠃ ᠲᠤᠰ ᠭᠣᠣᠯ᠎ᠤᠨ ᠬᠡᠰᠡᠭ᠎ᠨᠢ ᠮᠤᠷᠤᠢ ᠰᠠᠷᠤᠢ᠂ ᠬᠦᠨᠳᠦ ᠨᠤᠴᠢᠲᠠᠢ ᠪᠦᠭᠯᠡᠷᠡᠭᠰᠡᠨ᠎ᠠᠴᠠ ᠪᠣᠯᠵᠤ᠂ ᠤᠰᠤ ᠬᠠᠳᠠᠭ᠋ᠠᠯᠠᠬᠤ ᠪᠠ ᠤᠰᠤᠲᠤᠯ᠎ᠢ ᠵᠠᠯᠠᠬᠤ ᠴᠢᠳᠠᠮᠵᠢ᠎ᠨᠢ ᠨᠥᠯᠥᠭᠡᠯᠡᠭᠳᠡᠨ᠎ᠡ᠃ ᠪᠦᠬᠦ᠋ᠢ᠍ᠯᠡ ᠭᠤᠣᠯ᠎ᠤᠨ ᠤᠷᠤᠰᠬᠠᠯ᠎ᠤᠨ ᠴᠢᠳᠠᠮᠵᠢ ᠵᠢ ᠪᠠᠲᠤᠯᠠᠬᠤ ᠵᠢᠨ ᠲᠥᠯᠥᠭᠡ᠂ ᠲᠤᠰ ᠭᠤᠣᠯ᠎ᠤᠨ ᠬᠡᠰᠡᠭ᠎ᠤᠨ ᠳᠠᠭ᠋ᠠᠤ ᠲᠥᠯᠥᠪᠵᠢᠭᠦᠯᠬᠦ ᠵᠠᠮ᠎ᠢ ᠠᠰᠬᠠᠨ ᠪᠣᠯᠭ᠋ᠠᠬᠤ᠎ᠪᠠᠷ ᠲᠥᠯᠥᠪᠯᠡᠵᠦ᠂ ᠪᠤᠰᠤᠳ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠦᠭᠡᠢ ᠪᠠᠶ᠋ᠢᠨ᠎ᠠ᠃ ᠠᠵᠢᠯ ᠡᠬᠢᠯᠡᠭᠦᠯᠬᠦ᠎ᠠᠴᠠ ᠡᠮᠦᠨ᠎ᠡ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠶᠣᠰᠣᠭ᠋ᠠᠷ ᠭᠠᠵᠠᠷ ᠰᠢᠷᠣᠶ ᠮᠡᠳᠡᠭᠦᠯᠦᠨ ᠵᠥᠪᠰᠢᠶᠡᠷᠡᠭᠦᠯᠬᠦ ᠴᠢᠬᠤᠯᠠᠲᠠᠶ ᠤᠤ? ᠬᠡᠷᠪᠡ ᠮᠡᠳᠡᠭᠦᠯᠦᠨ ᠵᠥᠪᠰᠢᠶᠡᠷᠡᠭᠦᠯᠬᠦ ᠴᠢᠬᠤᠯᠠᠲᠠᠶ ᠪᠣᠯ ᠠᠯᠢ ᠵᠦᠢ᠍ᠯ᠎ᠤᠨ ᠭᠠᠵᠠᠷ ᠰᠢᠷᠣᠶ ᠵᠢᠨ ᠰᠢᠨᠵᠢ ᠴᠢᠨᠠᠷ᠎ᠢ ᠮᠡᠳᠡᠭᠦᠯᠦᠨ ᠵᠥᠪᠰᠢᠶᠡᠷᠡᠭᠦᠯᠬᠦ ᠪᠣᠶ?
ᠬᠠᠷᠢᠭᠤᠯᠲᠠ᠄ ᠲᠠ ᠰᠠᠶ᠋ᠢᠨ ᠦᠦ! 《ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠳᠠᠬᠢ ᠤᠰᠤᠨ ᠭᠠᠳᠠᠷᠭᠤ ᠤᠰᠤᠨ᠎ᠳᠤ ᠠᠪᠲᠠᠭᠳᠠᠬᠤ ᠣᠷᠣᠨ᠎ᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠵᠦᠢ᠍ᠯᠡᠰ᠎ᠤᠨ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠠᠯᠪᠠᠨ ᠵᠠᠬᠢᠳᠠᠯ [2023] 1558 ᠳ᠋ᠤᠭ᠋ᠠᠷ ᠲᠣᠭ᠋ᠠᠲᠤ)᠎ᠤᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃