ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠨᠢᠭᠡᠴᠢ ᠪᠠ ᠠᠭᠤᠷᠬᠠᠢ ᠵᠢᠨ ᠠᠵᠤ ᠠᠬᠤᠶ᠋ᠢᠯᠠᠯ ᠬᠠᠶ᠋ᠢᠨ ᠪᠠᠶ᠋ᠢᠴᠠᠭ᠋ᠠᠬᠤ ᠣᠷᠣᠨ᠎ᠤ ᠰᠠᠨᠠᠭᠤᠯᠭ᠎ᠠ ᠬᠠᠩᠭ᠋ᠠᠬᠤ ᠵᠢ ᠵᠣᠷᠢᠭᠵᠢᠭᠤᠯᠤᠨ᠎ᠠ
2024-07-12

   ᠠᠷᠠᠣᠠ᠎ᠤᠨ ᠡᠳᠦᠷ᠎ᠤᠨ ᠰᠣᠨᠢᠠ᠎ᠤ ᠪᠠᠭᠡᠵᠢᠩ᠎ᠤᠨ 7 ᠳ᠋ᠤᠭ᠋ᠠᠷ ᠰᠠᠷ᠎ᠠ ᠵᠢᠨ 11᠎ᠤ ᠡᠳᠦᠷ᠎ᠤᠨ ᠮᠡᠳᠡᠭᠡ (ᠰᠣᠷᠪᠤᠯᠵᠢᠯᠠᠬ᠍ᠴᠢ ᠴᠠᠩ ᠴᠢᠨ)   ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ ᠣᠶ᠋ᠢᠷ᠎ᠠ᠎ᠳᠤ 《ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠨᠢᠭᠡᠴᠢ ᠪᠠ ᠠᠭᠤᠷᠬᠠᠶ ᠵᠢᠨ ᠠᠵᠤ ᠠᠬᠤᠶ᠋ᠢᠯᠠᠯ ᠬᠠᠶ᠋ᠢᠨ ᠪᠠᠶ᠋ᠢᠴᠠᠭ᠋ᠠᠬᠤ ᠣᠷᠣᠨ᠎ᠤ ᠬᠡᠰᠡᠭ ᠬᠠᠩᠭ᠋ᠠᠵᠤ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠬᠤ ᠵᠢ ᠠᠬᠢᠭᠤᠯᠬᠤ ᠰᠠᠨᠠᠭᠤᠯᠭ᠎ᠠ ᠬᠠᠩᠭ᠋ᠠᠬᠤ ᠵᠢ ᠵᠣᠷᠢᠭᠵᠢᠭᠤᠯᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠰᠢᠨ᠎ᠡ ᠨᠢᠭᠡ ᠡᠭᠡᠯᠵᠢ ᠵᠢᠨ ᠠᠭᠤᠷᠬᠠᠶ ᠡᠷᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠲᠦᠷᠭᠡᠳᠬᠡᠨ ᠠᠬᠢᠭᠤᠯᠵᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠨᠥᠭᠡᠴᠡ ᠵᠢᠨ ᠭᠠᠷᠤᠯᠲᠠ ᠵᠢ ᠨᠡᠮᠡᠭᠳᠡᠭᠦᠯᠬᠦ ᠵᠢ ᠲᠤᠯᠭ᠋ᠠᠭᠤᠷᠢᠯᠠᠵᠤ᠂ ᠤᠯᠤᠰ᠎ᠤᠨ ᠳᠣᠲᠣᠭ᠋ᠠᠳᠤ ᠵᠢᠨ ᠡᠬᠢ ᠪᠠᠶᠠᠯᠢᠭ᠎ᠤᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ ᠶᠤᠮ᠃

   ᠮᠡᠳᠡᠭᠳᠡᠯ᠎ᠳᠤ ᠳᠤᠷᠠᠳᠤᠭᠰᠠᠨ᠎ᠨᠢ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠨᠢᠭᠡᠴᠢ ᠪᠠ ᠠᠭᠤᠷᠬᠠᠢ ᠵᠢᠨ ᠠᠵᠤ ᠠᠬᠤᠶ᠋ᠢᠯᠠᠯ᠎ᠤᠨ ᠥᠩᠭᠡᠷᠡᠭᠰᠡᠨ᠎ᠤ ᠭᠠᠵᠠᠷ ᠰᠢᠨᠵᠢᠯᠡᠭᠡᠨ᠎ᠤ ᠮᠠᠲ᠋ᠧᠷᠢᠶᠠᠯ ᠵᠶ᠋ᠠᠨ ᠠᠰᠢᠭᠯᠠᠬᠤ ᠪᠤᠶᠤ ᠶᠠᠭ ᠥᠷᠨᠢᠭᠦᠯᠵᠦ ᠪᠠᠶ᠋ᠢᠭᠰᠠᠨ ᠭᠠᠵᠠᠷ ᠰᠢᠨᠵᠢᠯᠡᠭᠡᠨ᠎ᠤ ᠠᠵᠢᠯ᠎ᠲᠠᠢ ᠤᠶᠠᠯᠳᠤᠭᠤᠯᠤᠨ᠂ 《ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠶᠠᠮᠤᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠦᠢ᠍ᠯᠡᠰ᠎ᠤᠳ᠎ᠤᠨ ᠲᠤᠬᠠᠢ ᠰᠠᠨᠠᠯ》᠎ᠳᠤ ᠲᠣᠳᠣᠷᠬᠠᠶ᠋ᠢᠯᠠᠭᠰᠠᠨ ᠠᠭᠤᠷᠬᠠᠢ ᠵᠢᠨ ᠲᠦᠷᠦᠯ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠪᠤᠶᠤ ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠶ᠋ᠢᠨ ᠪᠠᠶ᠋ᠢᠴᠠᠭ᠋ᠠᠬᠤ ᠣᠷᠣᠨ᠎ᠤ ᠰᠠᠨᠠᠭᠤᠯᠭ᠎ᠠ ᠳᠤᠷᠠᠳᠬᠤ ᠵᠢ ᠵᠣᠷᠢᠭᠵᠢᠭᠤᠯᠤᠨ᠎ᠠ᠃  ᠰᠠᠨᠠᠯ ᠰᠠᠨᠠᠭᠤᠯᠭ᠎ᠠ ᠵᠢ ᠬᠦᠯᠢᠶᠡᠨ ᠠᠪᠤᠭᠰᠠᠨ ᠪᠠᠶ᠋ᠢᠭᠤᠯᠭ᠎ᠠ᠎ᠨᠢ ᠰᠠᠨᠠᠭᠤᠯᠭ᠎ᠠ ᠭᠠᠷᠭ᠋ᠠᠭᠰᠠᠨ ᠣᠷᠣᠨ ᠪᠦᠰᠡ᠎ᠳᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠪᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠲᠥᠯᠥᠪᠵᠢᠭᠦᠯᠭᠡ ᠵᠢᠨ ᠴᠠᠭ᠋ᠠᠵᠠᠯᠠᠬᠤ ᠴᠢᠨᠠᠷᠲᠠᠶ᠂ ᠬᠢᠵᠠᠭ᠋ᠠᠷᠯᠠᠬᠤ ᠴᠢᠨᠠᠷᠲᠠᠶ ᠲᠣᠭᠲᠠᠭ᠋ᠠᠯ᠎ᠳᠤ ᠬᠠᠷᠭᠤᠭᠤᠯᠤᠨ ᠪᠠᠶ᠋ᠢᠴᠠᠭ᠋ᠠᠯᠲᠠ ᠬᠢᠬᠦ ᠵᠢᠨ ᠬᠠᠮᠲᠤ᠂ ᠮᠡᠷᠭᠡᠵᠢᠯ᠎ᠤᠨ ᠬᠦᠴᠦᠨ᠎ᠢ ᠵᠣᠬᠢᠶᠠᠨ ᠪᠠᠶ᠋ᠢᠭᠤᠯᠤᠨ ᠲᠤᠰᠢᠶᠠᠭᠰᠠᠨ ᠮᠠᠲ᠋ᠧᠷᠢᠶᠠᠯ᠎ᠤᠨ ᠳᠠᠭ᠋ᠠᠭ᠋ᠠᠴᠢᠯᠠᠯᠲᠠ ᠵᠢᠨ ᠰᠤᠳᠤᠯᠤᠯ ᠬᠢᠵᠦ᠂ ᠰᠠᠭᠤᠷᠢ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠪᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠳᠠᠯᠳᠠ ᠬᠦᠴᠦᠨ᠎ᠤ ᠦᠨᠡᠯᠡᠯᠲᠡ ᠵᠢᠨ ᠦᠷ᠎ᠡ ᠪᠦᠲᠦᠭᠡᠯ᠎ᠢ ᠭᠦᠢ᠍ᠴᠡᠳ ᠠᠰᠢᠭᠯᠠᠨ᠂ ᠣᠷᠣᠨ ᠪᠦᠰᠡ ᠵᠢᠨ ᠰᠠᠨᠠᠭᠤᠯᠭ᠎ᠠ ᠵᠢᠨ ᠰᠢᠨᠵᠢᠯᠡᠬᠦ ᠤᠬᠠᠭ᠋ᠠᠨᠴᠢ ᠴᠢᠨᠠᠷ᠎ᠢ ᠵᠠᠳᠠᠯᠵᠤ᠂ ᠣᠷᠣᠨ ᠪᠦᠰᠡ ᠵᠢᠨ ᠴᠠᠭ᠋ᠠᠵᠠᠯᠠᠬᠤ ᠴᠢᠨᠠᠷᠲᠠᠶ᠂ ᠬᠢᠵᠠᠭ᠋ᠠᠷᠯᠠᠬᠤ ᠴᠢᠨᠠᠷᠲᠠᠶ ᠬᠠᠷᠭᠤᠭᠤᠯᠤᠨ ᠪᠠᠶ᠋ᠢᠴᠠᠭ᠋ᠠᠭᠰᠠᠨ ᠦᠷ᠎ᠡ ᠳ᠋ᠦᠩ ᠵᠢᠴᠢ ᠠᠭᠤᠷᠬᠠᠶ ᠵᠢᠨ ᠦᠢ᠍ᠯᠡᠰ᠎ᠤᠨ ᠡᠷᠬᠡ ᠪᠠᠶ᠋ᠢᠷᠢᠯᠠᠭᠤᠯᠬᠤ ᠲᠣᠭᠲᠠᠭ᠋ᠠᠯ᠎ᠲᠠᠢ ᠤᠶᠠᠯᠳᠤᠭᠤᠯᠤᠨ ᠬᠡᠰᠡᠭ ᠬᠡᠪᠴᠢᠶ᠎ᠡ ᠵᠢ ᠵᠦᠶ ᠵᠣᠬᠢᠰᠲᠠᠶ ᠲᠣᠭᠲᠠᠭ᠋ᠠᠵᠤ᠂ ᠰᠢᠯᠵᠢᠭᠦᠯᠦᠨ ᠥᠭᠬᠦ᠎ᠪᠠᠷ ᠪᠠᠶ᠋ᠢᠭ᠎ᠠ ᠠᠭᠤᠷᠬᠠᠶ ᠬᠠᠶ᠋ᠢᠬᠤ ᠡᠷᠬᠡ ᠵᠢᠨ ᠣᠷᠣᠨ ᠬᠡᠰᠡᠭ᠎ᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠯᠠᠭᠤᠯᠬᠤ ᠬᠡᠷᠡᠭᠲᠡᠶ᠃

   ᠮᠡᠳᠡᠭᠳᠡᠯ᠎ᠳᠤ ᠲᠣᠳᠣᠷᠬᠠᠶ᠋ᠢᠯᠠᠭᠰᠠᠨ᠎ᠨᠢ᠂ ᠬᠠᠶ᠋ᠢᠨ ᠪᠠᠶ᠋ᠢᠴᠠᠭ᠋ᠠᠬᠤ ᠣᠷᠣᠨ᠎ᠤ ᠬᠡᠰᠡᠭ᠎ᠢ ᠰᠢᠯᠵᠢᠭᠦᠯᠦᠨ ᠬᠤᠳᠠᠯᠳᠤᠬᠤ ᠵᠢ ᠰᠠᠶ᠋ᠢᠲᠤᠷ ᠬᠢᠵᠦ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠨᠢᠭᠡᠴᠢ ᠪᠠ ᠠᠭᠤᠷᠬᠠᠢ ᠵᠢᠨ ᠠᠵᠤ ᠠᠬᠤᠶ᠋ᠢᠯᠠᠯ᠎ᠤᠳ᠎ᠤᠨ ᠥᠷᠢᠰᠥᠯᠳᠦᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠠᠭᠤᠷᠬᠠᠶ ᠬᠠᠶ᠋ᠢᠬᠤ ᠡᠷᠬᠡ ᠣᠯᠬᠤ ᠵᠢ ᠵᠣᠷᠢᠭᠵᠢᠭᠤᠯᠤᠨ᠎ᠠ᠃ ᠬᠢᠮᠳᠠ᠎ᠪᠠᠷ ᠬᠤᠳᠠᠯᠳᠤᠬᠤ ᠪᠠᠢ᠌ᠭᠤᠯᠭ᠎ᠠ᠎ᠨᠤᠭᠤᠳ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠯᠴᠠᠭᠤᠯᠤᠨ ᠬᠤᠳᠠᠯᠳᠤᠬᠤ᠂ ᠦᠨ᠎ᠡ ᠬᠠᠳᠠᠬᠤ ᠠᠷᠭ᠎ᠠ ᠮᠠᠶᠢᠭ᠎ᠢ ᠶᠡᠷᠦᠩᠬᠡᠶ᠋ᠢᠯᠡᠨ ᠬᠡᠷᠡᠭᠯᠡᠵᠦ ᠠᠭᠤᠷᠬᠠᠶ ᠬᠠᠶ᠋ᠢᠬᠤ ᠡᠷᠬᠡ ᠵᠢ ᠬᠢᠮᠳᠠ᠎ᠪᠠᠷ ᠬᠤᠳᠠᠯᠳᠤᠬᠤ ᠵᠢ ᠶᠡᠷᠦᠩᠬᠡᠶ᠋ᠢᠯᠡᠨ ᠬᠡᠷᠡᠭᠯᠡᠵᠦ᠂ ᠠᠭᠤᠷᠬᠠᠶ ᠬᠠᠶ᠋ᠢᠬᠤ ᠡᠷᠬᠡ ᠵᠢ ᠬᠢᠮᠳᠠ᠎ᠪᠠᠷ ᠬᠤᠳᠠᠯᠳᠤᠬᠤ ᠠᠷᠭ᠎ᠠ ᠮᠠᠶᠢᠭ᠎ᠢ ᠦᠨ᠎ᠡ ᠭ᠋ᠠᠳᠡᠵᠦ ᠪᠠᠶ᠋ᠢᠭᠰᠠᠨ᠎ᠠᠴᠠ᠎ᠨᠢ ᠳᠠᠭ᠋ᠠᠭ᠋ᠠᠴᠢᠯᠠᠯᠲᠠ ᠵᠠᠷᠯᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠲᠡᠢ᠌ᠰᠢ ᠰᠢᠯᠵᠢᠭᠦᠯᠬᠦ ᠵᠢ ᠬᠠᠶ᠋ᠢᠨ ᠰᠦᠪᠡᠭᠴᠢᠯᠡᠵᠦ᠂ ᠳᠠᠭ᠋ᠠᠭ᠋ᠠᠴᠢᠯᠠᠯᠲᠠ ᠦᠨᠡᠯᠡᠬᠦ ᠶᠠᠪᠤᠴᠠ᠎ᠳᠤ ᠬᠠᠶ᠋ᠢᠨ ᠪᠠᠶ᠋ᠢᠴᠠᠭ᠋ᠠᠬᠤ ᠪᠠᠶ᠋ᠢᠷᠢᠯᠠᠭᠤᠯᠤᠯᠲᠠ (ᠥᠩᠭᠡᠷᠡᠭᠰᠡᠨ᠎ᠤ ᠭᠠᠵᠠᠷ ᠰᠢᠨᠵᠢᠯᠡᠭᠡᠨ᠎ᠤ ᠠᠵᠢᠯ᠎ᠤᠨ ᠰᠠᠭᠤᠷᠢ᠂ ᠥᠩᠭᠡᠷᠡᠭᠰᠡᠨ᠎ᠤ ᠭᠠᠵᠠᠷ ᠰᠢᠨᠵᠢᠯᠡᠭᠡᠨ᠎ᠤ ᠠᠵᠢᠯ᠎ᠤᠨ ᠲᠠᠨᠢᠯᠲᠠ ᠪᠠ ᠮᠠᠭ᠋ᠠᠳᠯᠠᠯᠲᠠ᠂ ᠬᠠᠶ᠋ᠢᠨ ᠪᠠᠶ᠋ᠢᠴᠠᠭ᠋ᠠᠬᠤ ᠬᠠᠷᠠᠯᠲᠠ ᠵᠢᠨ ᠡᠭᠦᠷᠭᠡ᠂ ᠬᠠᠶ᠋ᠢᠨ ᠪᠠᠶ᠋ᠢᠴᠠᠭ᠋ᠠᠬᠤ ᠮᠡᠷᠭᠡᠵᠢᠯ᠎ᠤᠨ ᠱᠤᠭᠤᠮ᠂ ᠬᠠᠶ᠋ᠢᠨ ᠪᠠᠶ᠋ᠢᠴᠠᠭ᠋ᠠᠬᠤ ᠠᠵᠢᠯ᠎ᠤᠨ ᠠᠷᠭ᠎ᠠ ᠪᠠᠷᠢᠯ᠂ ᠣᠨ᠎ᠤ ᠬᠠᠶ᠋ᠢᠨ ᠪᠠᠶ᠋ᠢᠴᠠᠭ᠋ᠠᠬᠤ ᠲᠥᠯᠥᠪᠯᠡᠭᠡ ᠪᠤᠶᠤ ᠲᠣᠬᠢᠷᠠᠭᠤᠯᠤᠯᠲᠠ᠂ ᠵᠠᠷᠤᠳᠠᠯ᠎ᠤᠨ ᠲᠥᠰᠦᠪ ᠪᠣᠯᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠪᠠᠭᠲᠠᠨ᠎ᠠ)᠂ ᠪᠣᠬᠢᠷᠲᠤᠯ ᠦᠭᠡᠶ ᠬᠠᠶ᠋ᠢᠨ ᠪᠠᠶ᠋ᠢᠴᠠᠭ᠋ᠠᠬᠤ ᠵᠡᠷᠭᠡ ᠮᠡᠷᠭᠡᠵᠢᠯ᠎ᠤᠨ ᠬᠦᠴᠦᠨ ᠵᠦᠢ᠍ᠯ᠎ᠢ ᠲᠣᠪᠣᠶ᠋ᠢᠯᠭ᠋ᠠᠵᠤ᠂ ᠣᠨ᠎ᠤ ᠬᠠᠶ᠋ᠢᠨ ᠪᠠᠶ᠋ᠢᠴᠠᠭ᠋ᠠᠬᠤ ᠡᠷᠬᠡ ᠵᠢᠨ ᠬᠡᠮᠵᠢᠶ᠎ᠡ ᠵᠢ ᠵᠣᠬᠢᠴᠠᠩᠭᠤᠶ᠎ᠪᠠᠷ ᠨᠡᠮᠡᠭᠳᠡᠭᠦᠯᠬᠦ ᠬᠡᠷᠡᠭᠲᠡᠶ᠂ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠵᠦ ᠵᠥᠪᠯᠡᠯᠴᠡᠭᠡᠷ ᠵᠶ᠋ᠠᠷ ᠬᠢᠮᠳᠠ᠎ᠪᠠᠷ ᠬᠤᠳᠠᠯᠳᠤᠬᠤ ᠪᠠᠶ᠋ᠢᠳᠠᠯ᠎ᠳᠤ ᠵᠥᠪᠯᠡᠯᠴᠡᠭᠡᠷ᠎ᠤᠨ ᠠᠷᠭ᠎ᠠ ᠮᠠᠶᠢᠭ ᠵᠶ᠋ᠠᠷ ᠠᠭᠤᠷᠬᠠᠶ ᠬᠠᠶ᠋ᠢᠬᠤ ᠡᠷᠬᠡ ᠵᠢ ᠬᠢᠮᠳᠠ᠎ᠪᠠᠷ ᠬᠤᠳᠠᠯᠳᠤᠬᠤ ᠬᠡᠷᠡᠭᠲᠡᠶ᠃

 

ᠢᠷᠡᠯᠲᠡ᠄ ᠠᠷᠠᠳ᠎ᠤᠨ ᠡᠳᠦᠷ᠎ᠤᠨ ᠰᠣᠨᠢᠨ