ᠭᠠᠵᠠᠷ ᠰᠢᠷᠣᠢ ᠵᠢᠨ ᠬᠠᠮᠢᠶᠠᠷᠤᠯᠲᠠ ᠵᠢ ᠰᠢᠯᠢᠳᠡᠭᠵᠢᠭᠦᠯᠬᠦ᠎ᠨᠢ ᠳᠠᠪᠠᠭᠤᠯᠢᠭ ᠭᠠᠵᠠᠷ ᠣᠷᠣᠨ᠎ᠳᠤ ᠬᠡᠷᠬᠢᠨ ᠨᠡᠩ ᠶᠡᠭᠡ ᠬᠥᠭᠵᠢᠯᠲᠡ ᠵᠢᠨ ᠣᠷᠣᠨ ᠵᠠᠢ᠎ᠲᠠᠢ ᠪᠣᠯᠬᠤ ᠵᠢ ᠳᠡᠮᠵᠢᠬᠦ ᠪᠤᠢ?
2024-07-31

   ᠰᠢᠨᠬᠤᠸᠠ ᠬᠣᠷᠢᠶᠠᠨ᠎ᠤ ᠪᠠᠭᠡᠵᠢᠩ᠎ᠤᠨ 7 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠴᠠᠭᠢᠯᠭ᠋ᠠᠨ ᠮᠡᠳᠡᠭᠡ (ᠰᠣᠷᠪᠤᠯᠵᠢᠯᠠᠬ᠍ᠴᠢ ᠸᠠᠩ ᠯᠢ ᠪᠢᠠ) ᠨᠠᠮ᠎ᠤᠨ ᠬᠣᠷᠢᠲᠣᠭ᠋ᠠᠷ ᠬᠣᠭᠣᠴᠠᠭ᠋ᠠᠨ᠎ᠤ ᠳᠣᠢ᠍ᠪ ᠬᠣᠷᠢᠶᠠᠨ᠎ᠤ ᠭᠣᠷᠪᠠᠲᠣᠭ᠋ᠠᠷ ᠪᠤᠢ᠍ᠭᠦᠲᠠ ᠬᠣᠷᠠᠯ᠎ᠠᠴᠠ ᠬᠢᠨᠠᠨ ᠵᠣᠢ᠍ᠪᠯᠠᠵᠤ ᠪᠠᠲᠣᠯᠠᠬᠰᠠᠨ ᠣᠢ᠍ᠭᠡᠷᠠᠴᠢᠯᠠᠯᠲᠠ ᠵᠢ ᠣᠯᠠᠮ ᠨᠢᠭᠡ ᠠᠯᠬᠣᠮ ᠪᠤᠢ᠍ᠭᠦ ᠲᠠᠯ᠎ᠠ᠎ᠪᠠᠷ ᠬᠦᠢ᠍ᠠᠵᠠᠭᠡᠢ᠍ᠢ᠍ᠷᠠᠭᠦᠯᠣᠠ᠂ ᠳᠣᠮᠲᠠᠲᠤ ᠤᠯᠤᠰ᠎ᠤᠨ ᠮᠠᠶᠢᠭ᠎ᠤᠨ ᠣᠲᠣᠭᠢᠴᠢᠯᠠᠯᠲᠠ ᠵᠢ ᠠᠭᠢᠭᠣᠯᠬᠤ ᠳᠣᠬᠠᠢ ᠳᠣᠮᠲᠠᠲᠤ ᠤᠯᠤᠰ᠎ᠤᠨ ᠡᠪ ᠬᠠᠮᠲᠤ ᠨᠠᠮ᠎ᠤᠨ ᠳᠣᠢ᠍ᠪ ᠬᠣᠷᠢᠶᠠᠨ᠎ᠤ ᠳᠣᠬᠲᠠᠭ᠋ᠠᠯ᠎ᠢ ᠴᠢᠬᠣᠯᠠᠴᠢᠯᠠᠬᠰᠠᠨ᠎ᠨᠢ᠂ ᠭᠠᠵᠠᠷ ᠰᠢᠷᠣᠢ ᠵᠢᠨ ᠬᠠᠮᠢᠶᠠᠷᠣᠯᠲᠠ ᠵᠢ ᠰᠢᠯᠢᠳᠡᠭᠵᠢᠭᠦᠯᠵᠦ᠂ ᠬᠣᠷᠸ᠎ᠠ ᠳᠣᠢ᠍ᠷᠤ ᠵᠢᠨ ᠪᠤᠲᠣᠯᠭ᠎ᠠ ᠪᠠ ᠣᠷᠣᠠ ᠪᠤᠢ᠍ᠰᠠ ᠵᠢᠨ ᠬᠦᠭᠵᠢᠯᠲᠡ᠎ᠯᠤᠭ᠎ᠠ ᠣᠢ᠍ᠠᠲᠣᠷ ᠪᠤᠢ᠍ᠲᠣᠮᠵᠢᠲᠠᠢ᠎ᠪᠠᠷ ᠵᠣᠯᠭ᠋ᠠᠬᠤ ᠭᠠᠵᠠᠷ ᠰᠢᠷᠣᠢ ᠵᠢᠨ ᠬᠠᠮᠢᠶᠠᠷᠣᠯᠲᠠ ᠵᠢᠨ ᠳᠣᠢ᠍ᠷᠢᠮ᠎ᠢ ᠲᠠᠭᠦᠯᠲᠠᠷᠵᠢᠭᠦᠯᠵᠤ᠂ ᠳᠠᠪᠠᠭᠤᠯᠢᠭ ᠭᠠᠵᠠᠷ ᠣᠷᠣᠨ᠎ᠢ ᠨᠡᠩ ᠬᠦᠭᠵᠢᠯᠲᠡ ᠵᠢᠨ ᠤᠷᠤᠨ ᠵᠠᠢ᠎ᠲᠠᠢ ᠪᠤᠯᠭ᠋ᠠᠨ᠎ᠠ᠃

   ᠨᠠᠮ᠎ᠤᠨ ᠲᠥᠪ ᠬᠤᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠬᠤᠷᠸ᠎ᠠ ᠲᠥᠷᠥ ᠵᠢᠨ ᠪᠣᠳᠣᠯᠭ᠎ᠠ᠂ ᠣᠷᠣᠨ ᠪᠦᠰᠡ ᠵᠢᠨ ᠬᠥᠭᠵᠢᠯᠲᠡ᠎ᠲᠠᠢ ᠨᠠᠩ ᠥᠨᠳᠥᠷ ᠪᠦᠲᠦᠮᠵᠢᠲᠡᠶ ᠠᠪᠴᠠᠯᠳᠤᠭᠰᠠᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠲᠦᠷᠢᠮ᠎ᠢ ᠢᠳᠡᠪᠬᠢᠲᠡᠶ ᠰᠦᠪᠡᠭᠴᠢᠯᠡᠨ ᠪᠠᠶ᠋ᠢᠭᠤᠯᠵᠤ᠂ ᠭᠠᠵᠠᠷ ᠰᠢᠷᠣᠶ ᠵᠢᠨ ᠡᠯᠧᠮᠧᠨ᠋ᠲ᠎ᠤᠨ ᠲᠣᠬᠢᠷᠠᠭᠤᠯᠤᠯᠲᠠ ᠵᠢᠨ ᠣᠨᠣᠪᠴᠢᠲᠤ ᠴᠢᠨᠠᠷ ᠪᠠ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠭᠤᠤᠯ ᠴᠣᠭᠴᠠ ᠵᠢᠨ ᠴᠢᠳᠠᠮᠵᠢ ᠵᠢᠨ ᠬᠢᠵᠠᠭ᠋ᠠᠷᠯᠠᠯ ᠪᠦᠲᠦᠮᠵᠢᠲᠡᠶ᠂ ᠤᠯᠤᠰ᠎ᠤᠨ ᠭᠠᠵᠠᠷ ᠰᠢᠷᠣᠶ ᠵᠢᠨ ᠨᠡᠭᠡᠭᠡᠨ ᠬᠥᠭᠵᠢᠭᠦᠯᠦᠯᠲᠡ ᠵᠣᠬᠢᠴᠠᠩᠭᠤᠶ ᠪᠥᠭᠡᠳ ᠡᠮᠬᠢ ᠵᠢᠷᠤᠮ᠎ᠲᠠᠢ ᠣᠷᠣᠨ ᠵᠠᠶ ᠵᠢᠨ ᠬᠥᠭᠵᠢᠯᠲᠡ ᠵᠢᠨ ᠪᠠᠶ᠋ᠢᠷᠢᠰᠢᠯ᠎ᠢ ᠪᠦᠷᠢᠯᠳᠦᠭᠦᠯᠬᠦ ᠵᠢ ᠠᠬᠢᠭᠤᠯᠵᠤ᠂ ᠳᠠᠪᠠᠭᠤᠯᠢᠭ ᠭᠠᠵᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠴᠢᠩᠭ᠋ᠠᠷᠠᠭᠤᠯᠤᠨ᠎ᠠ᠃

   ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠲᠣᠭ᠎ᠠ ᠪᠠᠷᠢᠮᠲᠠ᠎ᠠᠴᠠ ᠦᠵᠡᠪᠡᠯ᠂ 2024 ᠣᠨ᠎ᠳᠤ ᠪᠦᠬᠦ ᠤᠯᠤᠰ᠎ᠤᠨ ᠭᠠᠵᠠᠷ ᠬᠡᠷᠡᠭᠯᠡᠬᠦ ᠲᠥᠯᠥᠪᠯᠡᠭᠡ 600 ᠲᠦᠮᠡᠨ ᠮᠦ᠍᠃ ᠲᠣᠬᠢᠷᠠᠭᠤᠯᠬᠤ ᠠᠷᠭ᠎ᠠ ᠮᠠᠶᠢᠭ᠎ᠤᠨ ᠲᠠᠯ᠎ᠠ᠎ᠪᠠᠷ᠂ ᠴᠢᠬᠤᠯᠠ ᠶᠡᠭᠡ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠢ ᠪᠠᠲᠤᠯᠠᠬᠤ ᠶᠣᠰᠣᠲᠠᠢ ᠵᠢ᠎ᠨᠢ ᠪᠦᠬᠦᠨ᠎ᠢ ᠪᠠᠲᠤᠯᠠᠵᠤ᠂ ᠨᠠᠷᠢᠨ ᠬᠠᠭᠤᠳᠠᠰᠤ ᠵᠢ ᠦᠨᠳᠦᠰᠦᠯᠡᠨ ᠲᠥᠯᠥᠪᠯᠡᠭᠡ ᠵᠢᠨ ᠭᠦᠢ᠍ᠴᠡᠳᠬᠡᠯ ᠲᠤᠭ᠎ᠠ ᠵᠢ ᠨᠢᠭᠡᠳᠦᠯᠲᠡᠢ ᠲᠣᠬᠢᠷᠠᠭᠤᠯᠤᠨ᠎ᠠ; ᠭᠤᠣᠯᠳᠠᠯᠭ᠎ᠠ᠎ᠲᠠᠢ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠢ ᠭᠤᠣᠯᠳᠠᠯᠭ᠎ᠠ᠎ᠲᠠᠢ ᠪᠠᠲᠤᠯᠠᠬᠤ᠎ᠳᠤ ᠣᠷᠣᠭᠤᠯᠤᠭᠰᠠᠨ ᠦᠭᠡᠢ ᠪᠠᠶ᠋ᠢᠪᠠᠯ᠂ ᠨᠡᠮᠡᠭᠳᠡᠯ᠎ᠤᠨ ᠲᠣᠬᠢᠷᠠᠭᠤᠯᠤᠯᠲᠠ ᠵᠢ ᠬᠠᠳᠠᠭ᠋ᠠᠯᠠᠯᠲᠠ ᠵᠢᠨ ᠬᠡᠮᠵᠢᠶ᠎ᠡ᠎ᠲᠠᠢ ᠬᠤᠯᠪᠣᠭᠳᠠᠭᠤᠯᠬᠤ ᠲᠣᠭᠲᠠᠴᠠ ᠵᠢ ᠦᠷᠭᠦᠯᠵᠢᠯᠡᠨ ᠬᠡᠷᠡᠭᠵᠢᠭᠦᠯᠵᠦ᠂ ᠣᠷᠣᠨ ᠨᠤᠲᠤᠭ᠎ᠤᠨ᠎ᠬᠢᠨ ᠬᠠᠳᠠᠭ᠋ᠠᠯᠠᠯᠲᠠ ᠵᠢᠨ ᠬᠡᠮᠵᠢᠶ᠎ᠡ ᠵᠢ ᠤᠯᠠᠮ ᠣᠯᠠᠨ ᠪᠣᠯᠭ᠋ᠠᠵᠤ᠂ ᠲᠥᠯᠥᠪᠯᠡᠭᠡ ᠵᠢᠨ ᠬᠢᠵᠠᠭ᠋ᠠᠷᠯᠠᠬᠤ ᠬᠡᠮᠵᠢᠶ᠎ᠡ ᠵᠢ ᠤᠯᠠᠮ ᠠᠷᠪᠢᠨ ᠣᠯᠪᠠ᠃

   ᠠᠵᠤ ᠠᠬᠤᠶ ᠵᠢᠨ ᠬᠥᠭᠵᠢᠯᠲᠡ ᠵᠢᠨ ᠳᠠᠪᠠᠭᠤᠯᠢᠭ ᠭᠠᠵᠠᠷ ᠣᠷᠣᠨ ᠲᠡᠢ᠌ᠰᠢ ᠬᠡᠯᠪᠡᠶ᠋ᠢᠯᠭᠡᠵᠦ ᠰᠠᠭᠤᠷᠢ ᠭᠦᠢ᠍ᠴᠡᠳᠬᠡᠬᠦ ᠲᠣᠭ᠎ᠠ ᠵᠢ ᠲᠣᠬᠢᠷᠠᠭᠤᠯᠤᠨ᠎ᠠ᠃ ᠦᠯᠡᠳᠡᠭᠡᠯ ᠪᠠᠶ᠋ᠢᠳᠠᠯ᠂ ᠭᠠᠵᠠᠷ ᠣᠷᠣᠨ᠎ᠤ GDP᠂ ᠲᠠᠷᠢᠶᠠᠯᠠᠩ᠎ᠠᠴᠠ ᠰᠢᠯᠵᠢᠭᠰᠡᠨ ᠬᠥᠮᠦᠨ ᠠᠮᠠ ᠵᠢᠨ ᠬᠣᠲᠠ ᠣᠷᠣᠵᠤ ᠡᠷᠦᠬᠡ ᠠᠮᠠ ᠣᠷᠣᠭᠤᠯᠤᠭᠰᠠᠨ ᠲᠣᠭ᠎ᠠ ᠬᠡᠮᠵᠢᠶ᠎ᠡ᠂ ᠭᠠᠳᠠᠷ ᠮᠤᠵᠢ ᠵᠢᠨ ᠬᠥᠮᠦᠨ ᠠᠮᠠ ᠵᠢ ᠰᠢᠩᠭᠡᠭᠡᠨ ᠠᠪᠤᠭᠰᠠᠨ ᠲᠣᠭ᠎ᠠ ᠬᠡᠮᠵᠢᠶ᠎ᠡ ᠵᠡᠷᠭᠡ᠎ᠲᠠᠢ ᠤᠶᠠᠯᠳᠤᠭᠤᠯᠵᠤ ᠪᠠᠶ᠋ᠢᠭ᠋ᠠᠳ ᠰᠠᠭᠤᠷᠢ ᠭᠦᠢ᠍ᠴᠡᠳᠬᠡᠯ ᠲᠣᠭ᠎ᠠ ᠵᠢ ᠲᠥᠰᠦᠭᠡᠯᠡᠨ ᠪᠣᠳᠣᠵᠤ᠂ ᠮᠤᠵᠢ ᠵᠢᠨ ᠱᠠᠲᠤᠨ᠎ᠤ ᠨᠢᠭᠡᠳᠦᠯᠲᠡᠶ ᠲᠥᠯᠥᠪᠯᠡᠬᠦ ᠴᠢᠳᠠᠪᠤᠷᠢ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ ᠮᠤᠵᠢ ᠵᠢᠨ ᠨᠠᠮ᠎ᠤᠨ ᠬᠣᠷᠢᠶ᠎ᠠ ᠮᠤᠵᠢ ᠵᠢᠨ ᠵᠠᠰᠠᠭ᠎ᠤᠨ ᠣᠷᠳᠣᠨ᠎ᠤ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠂ ᠮᠤᠵᠢ ᠵᠢᠨ ᠱᠠᠲᠤᠨ᠎ᠤ ᠴᠢᠬᠤᠯᠠ ᠶᠡᠬᠡ ᠠᠵᠤ ᠦᠢ᠍ᠯᠡᠰ᠎ᠤᠨ ᠲᠥᠷᠥᠯ ᠵᠦᠢ᠍ᠯ᠂ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠵᠢᠴᠢ ᠦᠯᠡᠳᠡᠭᠡᠯ ᠭᠠᠵᠠᠷ ᠰᠢᠷᠣᠶ ᠵᠢᠨ ᠳᠠᠯᠳᠠ ᠬᠦᠴᠦᠨ ᠵᠶ᠋ᠠᠷ ᠪᠠᠭ᠎ᠠ ᠬᠣᠲᠠ ᠰᠢᠶᠠᠨ᠎ᠤ ᠦᠨᠳᠦᠰᠦᠨ ᠬᠡᠷᠡᠭᠴᠡᠭᠡ ᠱᠠᠭ᠋ᠠᠷᠳᠠᠯᠭ᠎ᠠ ᠵᠢ ᠭᠣᠤᠯᠳᠠᠯᠭ᠎ᠠ᠎ᠲᠠᠢ ᠪᠠᠲᠤᠯᠠᠨ᠎ᠠ᠃

   ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠥᠳᠡᠭᠡ ᠲᠣᠰᠬᠣᠨ᠎ᠤ ᠬᠥᠭᠵᠢᠯᠲᠡ ᠵᠢᠨ ᠰᠤᠳᠤᠯᠭ᠋ᠠᠨ᠎ᠤ ᠭᠠᠵᠠᠷ᠎ᠤᠨ ᠰᠤᠳᠤᠯᠤᠭᠴᠢ ᠳ᠋ᠠᠩ ᠭᠦᠸᠧ ᠶᠢᠩ ᠬᠥᠮᠥᠨ ᠠᠮᠠ ᠵᠢᠨ ᠨᠢᠭᠲᠠᠴᠠ ᠵᠢᠨ ᠡᠯᠧᠮᠧᠨ᠋ᠲ᠎ᠠᠴᠠ ᠭᠠᠳᠠᠨ᠎ᠠ᠂ ᠠᠵᠤ ᠠᠬᠤᠢ ᠵᠢᠨ ᠬᠥᠭᠵᠢᠯᠲᠡ ᠵᠢᠨ ᠳᠠᠪᠠᠭᠤᠯᠢᠭ ᠭᠠᠵᠠᠷ ᠣᠷᠣᠨ᠎ᠳᠤ ᠪᠠᠰᠠ ᠠᠵᠤ ᠠᠬᠤᠢ ᠵᠢᠨ ᠨᠢᠭᠲᠠᠴᠠ (ᠨᠢᠭᠡᠴᠢ ᠲᠠᠯᠠᠪᠠᠢ ᠵᠢᠨ GDP ᠵᠢᠨ ᠭᠠᠷᠭ᠋ᠠᠯᠲᠠ) ᠵᠢ ᠪᠣᠳᠣᠯᠬᠢᠯᠠᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠲᠣᠳᠣᠷᠬᠠᠢ ᠱᠠᠭ᠋ᠠᠷᠳᠠᠯᠭ᠎ᠠ ᠶᠣᠰᠣᠭ᠋ᠠᠷ᠂ ᠬᠤᠳᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠭᠠᠵᠠᠷ ᠰᠢᠷᠣᠢ ᠵᠢᠨ ᠠᠰᠢᠭᠯᠠᠯᠲᠠ ᠵᠢ ᠰᠢᠯᠢᠳᠡᠭᠵᠢᠭᠦᠯᠵᠦ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠣᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠢ ᠲᠦᠷᠭᠡᠪᠴᠢᠯᠡᠨ ᠬᠥᠭᠵᠢᠭᠦᠯᠵᠦ᠂ ᠭᠠᠵᠠᠷ ᠰᠢᠷᠣᠢ ᠵᠢ ᠬᠣᠯᠢᠯᠳᠤᠭᠤᠯᠤᠨ ᠨᠡᠭᠡᠭᠡᠨ ᠠᠰᠢᠭᠯᠠᠬᠤ᠂ ᠬᠡᠷᠡᠭᠴᠡᠭᠡ ᠵᠢ ᠵᠦᠢ ᠵᠣᠬᠢᠰᠲᠠᠢ ᠬᠤᠪᠢᠷᠠᠭᠤᠯᠬᠤ ᠵᠢ ᠲᠦᠯᠬᠢᠨ ᠠᠬᠢᠭᠤᠯᠵᠤ᠂ ᠦᠯᠡᠳᠡᠭᠡᠯ ᠭᠠᠵᠠᠷ ᠰᠢᠷᠣᠢ ᠪᠠ ᠳᠣᠣᠷ᠎ᠠ ᠠᠰᠢᠭᠯᠠᠮᠵᠢᠲᠤ ᠭᠠᠵᠠᠷ᠎ᠢ ᠠᠮᠢᠳᠤᠯᠢᠭ ᠪᠣᠯᠭ᠋ᠠᠬᠤ ᠬᠡᠷᠡᠭᠲᠡᠢ᠃

   ᠣᠷᠤᠨ ᠪᠦᠰᠡ ᠵᠢᠨ ᠳᠠᠪᠠᠭᠤᠯᠢᠭ᠎ᠨᠢ ᠬᠠᠷᠢᠴᠠᠩᠭ᠍ᠤᠶ᠃ ᠠᠮᠤ ᠪᠤᠳᠠᠭ᠎ᠠ ᠪᠣᠯᠤᠨ ᠠᠮᠢ ᠠᠬᠤᠶ ᠵᠢᠨ ᠳᠠᠪᠠᠭᠤᠯᠢᠭ ᠭᠠᠵᠠᠷ ᠣᠷᠣᠨ᠎ᠢ ᠪᠠᠲᠤᠯᠠᠬᠤ ᠶᠠᠪᠤᠳᠠᠯ ᠪᠣᠯ ᠭᠠᠵᠠᠷ ᠰᠢᠷᠣᠶ ᠵᠢᠨ ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢᠨ ᠴᠢᠳᠠᠪᠤᠷᠢ ᠪᠠᠰᠠ ᠴᠢᠩᠭ᠋ᠠᠷᠠᠵᠤ ᠪᠠᠶ᠋ᠢᠨ᠎ᠠ᠃ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠵᠢ ᠳᠠᠪᠠᠭᠤᠯᠤᠨ ᠡᠭᠦᠷᠭᠡᠯᠡᠭᠰᠡᠨ ᠮᠤᠵᠢ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠵᠣᠬᠢᠬᠤ ᠬᠠᠷᠢᠴᠠᠯ ᠵᠶ᠋ᠠᠷ ᠱᠠᠩᠨᠠᠨ ᠬᠥᠬᠢᠭᠦᠯᠬᠦ ᠲᠥᠯᠥᠪᠯᠡᠭᠡ ᠵᠢᠨ ᠭᠦᠢ᠍ᠴᠡᠳᠬᠡᠯ ᠲᠤᠭ᠎ᠠ; ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠤᠪᠢᠶᠠᠷᠢᠯᠠᠨ ᠲᠣᠭᠲᠠᠭ᠋ᠠᠭᠰᠠᠨ ᠲᠠᠯᠠᠪᠠᠶ ᠵᠢᠨ ᠬᠠᠷᠢᠴᠠᠯ ᠵᠢᠴᠢ ᠬᠠᠮᠠᠭ᠋ᠠᠯᠠᠯᠲᠠ ᠵᠢᠨ ᠪᠠᠶ᠋ᠢᠳᠠᠯ᠎ᠢ ᠦᠨᠳᠦᠰᠦᠯᠡᠨ᠂ ᠡᠮᠦᠨ᠎ᠡ ᠠᠷᠪᠠᠨ ᠮᠤᠵᠢ ᠵᠢᠴᠢ ᠤᠯᠠᠭ᠋ᠠᠨ ᠮᠣᠳᠣ ᠣᠶ᠋ᠢᠵᠢᠭᠤᠯᠤᠯᠲᠠ᠎ᠳᠤ ᠬᠢᠷᠢ ᠲᠡᠩᠴᠡᠭᠰᠡᠨ ᠮᠤᠵᠢ ᠵᠢᠨ ᠵᠣᠬᠢᠬᠤ ᠲᠣᠭ᠋ᠠᠨ᠎ᠤ ᠲᠥᠯᠥᠪᠯᠡᠭᠡ ᠵᠢᠨ ᠭᠦᠢ᠍ᠴᠡᠳᠬᠡᠯ ᠲᠤᠭ᠎ᠠ ᠵᠢ ᠱᠠᠩᠨᠠᠨ ᠬᠥᠬᠢᠭᠦᠯᠦᠨ᠎ᠡ; ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠳᠡᠮᠵᠢᠵᠦ᠂ 《ᠮᠠᠯᠠᠭ᠋ᠠᠢ ᠵᠡᠭᠦᠵᠦ》 ᠶᠠᠳᠠᠭᠤ᠎ᠠᠴᠠ ᠠᠩᠭᠢᠵᠢᠷᠠᠭᠤᠯᠬᠤ ᠰᠢᠶᠠᠨ ᠨᠢᠭᠡᠪᠦᠷᠢ ᠵᠢᠨ ᠲᠥᠯᠥᠪᠯᠡᠭᠡ ᠵᠢᠨ ᠭᠦᠢ᠍ᠴᠡᠳᠬᠡᠯ ᠲᠤᠭ᠎ᠠ ᠵᠢ 600 ᠮᠦ᠍ ᠪᠠᠭᠤᠯᠭ᠋ᠠᠵᠤ᠂ ᠲᠣᠰᠬᠤᠨ᠎ᠤ ᠠᠷᠠᠳ᠎ᠤᠨ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠥᠪᠯᠡᠭᠡ ᠵᠢ ᠠᠰ᠎ᠲᠤᠨᠢ ᠵᠢᠭᠰᠠᠭ᠋ᠠᠪᠠ᠃

   ᠳᠤᠮᠳᠠᠳᠦ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠭᠠᠵᠠᠷ ᠵᠦᠢ ᠵᠢᠨ ᠰᠢᠨᠵᠢᠯᠡᠬᠦ ᠤᠬᠠᠭ᠋ᠠᠨ ᠪᠣᠯᠤᠨ ᠡᠬᠢ ᠪᠠᠶᠠᠯᠢᠭ᠎ᠤᠨ ᠰᠤᠳᠤᠯᠭ᠋ᠠᠨ᠎ᠤ ᠭᠠᠵᠠᠷ᠎ᠤᠨ ᠰᠤᠳᠤᠯᠭ᠋ᠠᠲᠠᠨ ᠯᠢᠦ ᠶᠠᠨ ᠰᠦᠢ ᠬᠡᠯᠡᠬᠦ᠎ᠳᠡᠭᠡᠨ᠄ ᠵᠡᠭᠦᠨ ᠬᠡᠰᠡᠭ ᠪᠣᠯᠤᠨ ᠪᠠᠷᠠᠭᠤᠨ ᠬᠡᠰᠡᠭ ᠦᠪᠡᠷ ᠦᠪᠡᠷ᠎ᠤᠨ ᠳᠠᠪᠠᠭᠤᠯᠢᠭ ᠲᠠᠯ᠎ᠠ᠎ᠲᠠᠢ᠂ ᠬᠣᠲᠠ ᠪᠣᠯᠤᠨ ᠬᠥᠳᠡᠭᠡ ᠲᠣᠰᠬᠣᠨ ᠪᠠᠰᠠ ᠦᠪᠡᠷ᠎ᠤᠨ ᠳᠠᠪᠠᠭᠤᠯᠢᠭ ᠲᠠᠯ᠎ᠠ᠎ᠲᠠᠢ᠃ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠱᠠᠭ᠋ᠠᠷᠳᠠᠯᠭ᠎ᠠ ᠶᠣᠰᠣᠭ᠋ᠠᠷ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠦᠷᠢᠮ᠎ᠢ ᠥᠭᠡᠷᠡᠴᠢᠯᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠂ ᠰᠢᠯᠭ᠋ᠠᠨ ᠠᠪᠬᠤ᠂ ᠬᠠᠮᠢᠶᠠᠷᠤᠨ ᠬᠠᠮᠠᠭ᠋ᠠᠯᠠᠬᠤ ᠲᠣᠭᠲᠠᠴᠠ ᠵᠢ ᠲᠡᠭᠦᠯᠳᠡᠷᠵᠢᠭᠦᠯᠦᠨ᠂ ᠲᠠᠷᠢᠶᠠᠴᠢᠨ ᠡᠷᠦᠬᠡ ᠵᠢᠨ ᠬᠠᠤᠯᠢ ᠶᠣᠰᠣᠨ᠎ᠤ ᠣᠷᠣᠨ ᠰᠠᠭᠤᠴᠠ ᠵᠢ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠠᠮᠲᠤᠷᠠᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠠᠮᠢᠳᠤᠯᠢᠭ ᠠᠰᠢᠭᠯᠠᠬᠤ ᠵᠢ ᠵᠥᠪᠰᠢᠶᠡᠷᠡᠵᠦ᠂ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ ᠥᠭᠡᠷᠡᠴᠢᠯᠡᠯᠲᠡ ᠵᠢ ᠡᠮᠬᠢ ᠵᠢᠷᠤᠮ᠎ᠲᠠᠢ ᠠᠬᠢᠭᠤᠯᠵᠤ᠂ ᠭᠠᠵᠠᠷ ᠰᠢᠷᠣᠶ ᠵᠢᠨ ᠥᠷᠲᠡᠭ᠎ᠤᠨ ᠨᠡᠮᠡᠭᠳᠡᠯ᠎ᠤᠨ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠪᠦᠷᠢᠨᠰᠢᠬᠦᠯᠦᠨ᠂ ᠬᠥᠳᠡᠭᠡ ᠲᠣᠰᠬᠤᠨ᠎ᠢ ᠬᠤᠲᠠ ᠵᠢᠨ ᠳᠠᠪᠠᠭᠤᠯᠢᠭ ᠵᠶ᠋ᠠᠷ ᠵᠶ᠋ᠠᠨ ᠬᠠᠷᠢᠯᠴᠠᠨ ᠨᠥᠬᠦᠪᠥᠷᠢᠯᠡᠵᠦ᠂ ᠬᠤᠲᠠ ᠬᠥᠳᠡᠭᠡ ᠵᠢ ᠠᠭᠤᠰᠤᠯᠴᠠᠭᠤᠯᠬᠤ ᠰᠢᠨ᠎ᠡ ᠣᠷᠣᠨ ᠵᠠᠶ ᠵᠢ ᠨᠡᠭᠡᠭᠡᠬᠦ ᠬᠡᠷᠡᠭᠲᠡᠶ᠃

 

ᠢᠷᠡᠯᠲᠡ᠄ ᠰᠢᠨᠬᠤᠸᠠ ᠬᠣᠷᠢᠶ᠎ᠠ