ᠭᠡᠷ ᠪᠠᠶ᠋ᠢᠰᠢᠩ ᠭᠠᠵᠠᠷ ᠬᠥᠷᠥᠩᠭᠡ ᠵᠢᠨ ᠮᠥᠩᠭᠦᠨ ᠭᠦᠢ᠍ᠯᠭᠡᠭᠡᠨ᠎ᠤ ᠠᠯᠢ ᠣᠯᠠᠨ ᠠᠷᠭ᠎ᠠ ᠬᠡᠮᠵᠢᠶ᠎ᠡ ᠠᠪᠴᠤ ᠲᠦᠷᠭᠡᠨ ᠨᠠᠶ᠋ᠢᠳᠠᠪᠤᠷᠢᠵᠢᠭᠤᠯᠪᠠ
2024-09-30

   ᠰᠢᠠᠬᠣᠧᠠ ᠬᠤᠷᠢᠶ᠎ᠠ ᠵᠢᠨ ᠪᠠᠭᠡᠵᠢᠩ᠎ᠤᠨ 9  ᠳ᠋ᠦ᠍ᠭᠡᠷ ᠰᠠᠷ᠎ᠠ ᠵᠢᠨ 29᠎ᠤ ᠡᠳᠦᠷ᠎ᠤᠨ ᠴᠠᠭᠢᠯᠭ᠋ᠠᠨ ᠮᠠᠲᠠᠭᠡ

   ᠰᠡᠳᠦᠪ᠄ ᠭᠡᠷ ᠪᠠᠶ᠋ᠢᠰᠢᠩ ᠭᠠᠵᠠᠷ ᠬᠥᠷᠥᠩᠭᠡ ᠵᠢᠨ ᠮᠥᠩᠭᠦᠨ ᠭᠦᠢ᠍ᠯᠭᠡᠭᠡᠨ᠎ᠤ ᠠᠯᠢ ᠣᠯᠠᠨ ᠠᠷᠭ᠎ᠠ ᠬᠡᠮᠵᠢᠶ᠎ᠡ ᠠᠪᠴᠤ ᠲᠦᠷᠭᠡᠨ ᠨᠠᠶ᠋ᠢᠳᠠᠪᠤᠷᠢᠵᠢᠭᠤᠯᠪᠠ

   ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠡᠤ ᠢᠤᠢ᠂ ᠷᠧᠨ ᠵᠢᠶᠦ᠋ᠨ

  29᠎ᠤ ᠡᠳᠦᠷ᠂ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠭᠦᠨ᠎ᠠᠴᠠ ᠡᠮᠦᠨ᠎ᠡ ᠨᠡᠶ᠋ᠢᠲᠡᠯᠡᠭᠰᠡᠨ ᠬᠡᠷ ᠪᠠᠶ᠋ᠢᠰᠢᠩ ᠭᠠᠵᠠᠷ ᠬᠥᠷᠥᠩᠭᠡ ᠵᠢᠨ ᠮᠥᠩᠭᠦᠨ ᠭᠦᠢ᠍ᠯᠭᠡᠭᠡᠨ᠎ᠤ ᠠᠯᠢ ᠣᠯᠠᠨ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠪᠠ᠂ ᠡᠭᠦᠨ᠎ᠳᠤ ᠦᠯᠡᠳᠡᠭᠡᠯ ᠬᠡᠷ ᠪᠠᠶ᠋ᠢᠰᠢᠩ᠎ᠤᠨ ᠵᠢᠭᠡᠯᠡᠯᠭᠡ ᠵᠢᠨ ᠬᠦᠤ ᠮᠥᠩᠭᠦ ᠵᠢᠨ ᠨᠣᠷᠮ᠎ᠠ᠎ᠳᠤ ᠪᠥᠭᠡᠮ ᠵᠶ᠋ᠠᠷ ᠲᠣᠬᠢᠷᠠᠭᠤᠯᠤᠯᠲᠠ ᠬᠢᠬᠦ᠂ ᠬᠤᠪᠢ ᠬᠥᠮᠦᠨ᠎ᠤ ᠣᠷᠣᠨ ᠰᠠᠭᠤᠴᠠ ᠵᠢᠨ ᠵᠢᠭᠡᠯᠡᠯᠭᠡ ᠵᠢᠨ ᠬᠠᠮᠤᠭ᠎ᠤᠨ ᠳᠣᠤᠷ᠎ᠠ ᠠᠩᠬ᠎ᠠ ᠵᠣᠭᠤᠰ ᠲᠤᠰᠢᠶᠠᠬᠤ ᠬᠠᠷᠢᠴᠠᠯ᠎ᠢ ᠰᠢᠯᠢᠳᠡᠭᠵᠢᠭᠦᠯᠬᠦ᠂ ᠬᠤᠳᠠᠯᠳᠤᠭ᠋ᠠᠨ᠎ᠤ ᠴᠢᠨᠠᠷᠲᠠᠶ ᠬᠤᠪᠢ ᠬᠥᠮᠦᠨ᠎ᠤ ᠣᠷᠣᠨ ᠰᠠᠭᠤᠴᠠ ᠵᠢᠨ ᠵᠢᠭᠡᠯᠡᠯᠭᠡ ᠵᠢᠨ ᠬᠦᠤ ᠮᠥᠩᠭᠦ ᠵᠢᠨ ᠨᠣᠷᠮ᠎ᠠ ᠵᠢ ᠲᠣᠭᠲᠠᠭ᠋ᠠᠬᠤ ᠲᠣᠭᠲᠠᠴᠠ ᠵᠢ ᠲᠡᠭᠦᠯᠳᠡᠷᠵᠢᠭᠦᠯᠬᠦ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠮᠥᠩᠭᠦᠨ ᠭᠦᠢ᠍ᠯᠭᠡᠭᠡᠨ᠎ᠤ ᠬᠡᠰᠡᠭ ᠲᠥᠷᠥ ᠵᠢᠨ ᠪᠣᠳᠣᠯᠭ᠎ᠠ ᠵᠢᠨ ᠬᠤᠭᠤᠴᠠᠭ᠎ᠠ ᠵᠢ ᠤᠷᠲᠤᠳᠬᠠᠬᠤ᠂ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠳᠠᠬᠢᠨ ᠵᠢᠭᠡᠯᠡᠯᠭᠡ ᠵᠢ ᠰᠢᠯᠢᠳᠡᠭᠵᠢᠭᠦᠯᠬᠦ ᠬᠤᠯᠪᠣᠭᠳᠠᠯ ᠪᠥᠬᠦᠶ ᠱᠠᠭ᠋ᠠᠷᠳᠠᠯᠭ᠎ᠠ ᠵᠡᠷᠭᠡ ᠠᠷᠭ᠎ᠠ ᠬᠡᠮᠵᠢᠶ᠎ᠡ ᠵᠢ ᠪᠠᠭᠲᠠᠭ᠋ᠠᠨ᠎ᠠ᠃

   ᠦᠯᠡᠳᠡᠭᠡᠯ ᠣᠷᠣᠨ ᠰᠠᠭᠤᠴᠠ ᠵᠢᠨ ᠵᠢᠭᠡᠯᠡᠯᠭᠡ ᠵᠢᠨ ᠬᠦᠦ ᠵᠢᠨ ᠨᠣᠷᠮ᠎ᠠ ᠵᠢᠨ ᠲᠤᠬᠠᠶ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠲᠤᠬᠠᠶ ᠵᠢᠨ ᠡᠳᠦᠷ ᠵᠠᠬ᠎ᠠ ᠳᠡᠯᠭᠡᠭᠦᠷ᠎ᠤᠨ ᠬᠦᠦ ᠵᠢᠨ ᠨᠣᠷᠮ᠎ᠠ ᠵᠢ ᠦᠨ᠎ᠡ ᠲᠣᠭᠲᠠᠭ᠋ᠠᠨ ᠥᠪᠡᠷ᠎ᠢ᠎ᠪᠠᠨ ᠱᠠᠭ᠋ᠠᠷᠳᠠᠬᠤ ᠲᠣᠭᠲᠠᠴᠠ ᠵᠢ ᠨᠡᠶ᠋ᠢᠲᠡᠯᠡᠬᠦ ᠰᠠᠨᠠᠭ᠋ᠠᠴᠢᠯᠠᠭ᠎ᠠ ᠵᠢ ᠨᠡᠶ᠋ᠢᠲᠡᠯᠡᠵᠦ᠂ ᠡᠯ᠎ᠡ ᠬᠤᠳᠠᠯᠳᠤᠭ᠋ᠠᠨ᠎ᠤ ᠪᠠᠩᠬᠢ ᠵᠠᠷᠴᠢᠮ ᠳᠡᠭᠡᠷ᠎ᠡ᠎ᠪᠠᠨ 2024 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠦᠯᠡᠳᠡᠭᠡᠯ ᠣᠷᠣᠨ ᠰᠠᠭᠤᠴᠠ ᠵᠢᠨ ᠵᠢᠭᠡᠯᠡᠯᠭᠡ (ᠲᠦᠷᠦᠭᠦᠤ ᠢᠵᠢ᠂ ᠬᠤᠶᠠᠳᠤᠭ᠋ᠠᠷ ᠢᠵᠢ ᠵᠢᠴᠢ ᠲᠡᠭᠦᠨ᠎ᠠᠴᠠ ᠳᠡᠭᠡᠭᠰᠢ ᠪᠠᠭᠲᠠᠨ᠎ᠠ) ᠵᠢᠨ ᠬᠦᠤ ᠮᠥᠩᠭᠦ ᠵᠢᠨ ᠨᠣᠷᠮ᠎ᠠ᠎ᠳᠤ ᠪᠥᠭᠡᠮ ᠵᠶ᠋ᠠᠷ ᠲᠣᠬᠢᠷᠠᠭᠤᠯᠤᠯᠲᠠ ᠬᠢᠵᠦ᠂ LPR ᠰᠠᠭᠤᠷᠢᠨ ᠳᠡᠭᠡᠷ᠎ᠡ ᠴᠡᠭ ᠨᠡᠮᠡᠵᠦ 30 ᠰᠠᠭᠤᠷᠢ ᠴᠡᠭ᠎ᠠᠴᠠ ᠥᠨᠳᠥᠷ ᠪᠠᠶ᠋ᠢᠭ᠎ᠠ ᠦᠯᠡᠳᠡᠭᠡᠯ ᠣᠷᠣᠨ ᠰᠠᠭᠤᠴᠠ ᠵᠢᠨ ᠵᠢᠭᠡᠯᠡᠯᠭᠡ ᠵᠢ LPR᠎ᠠᠴᠠ 30 ᠦᠨᠳᠦᠰᠦᠨ ᠴᠡᠭ᠎ᠠᠴᠠ ᠳᠣᠤᠷ᠎ᠠ ᠥᠬᠡᠶ ᠪᠣᠯᠭ᠋ᠠᠨ ᠪᠠᠭᠤᠷᠠᠭᠤᠯᠵᠤ᠂ ᠲᠡᠷᠡᠴᠢᠯᠡᠨ ᠪᠠᠶ᠋ᠢᠭ᠎ᠠ ᠬᠤᠲᠠ ᠵᠢᠨ ᠣᠳᠣᠬᠠᠨ᠎ᠳᠤ ᠬᠡᠷᠡᠭᠵᠢᠭᠦᠯᠵᠦ ᠪᠠᠶ᠋ᠢᠭ᠎ᠠ ᠰᠢᠨ᠎ᠡ᠎ᠪᠠᠷ ᠲᠠᠷᠬᠠᠭ᠋ᠠᠭᠰᠠᠨ ᠬᠤᠳᠠᠯᠳᠤᠭ᠋ᠠᠨ᠎ᠤ ᠴᠢᠨᠠᠷᠲᠠᠶ ᠬᠤᠪᠢ ᠬᠥᠮᠦᠨ᠎ᠤ ᠣᠷᠣᠨ ᠰᠠᠭᠤᠴᠠ ᠵᠢᠨ ᠵᠢᠭᠡᠯᠡᠯᠭᠡ ᠵᠢᠨ ᠬᠦᠤ ᠮᠥᠩᠭᠦ ᠵᠢᠨ ᠨᠣᠷᠮ᠎ᠠ ᠵᠢ ᠳᠣᠤᠷ᠎ᠠ ᠪᠠᠶ᠋ᠢᠯᠭ᠋ᠠᠬᠤ ᠥᠬᠡᠶ (ᠪᠠᠢ᠌ᠬᠤ᠎ᠳᠤ ᠬᠦᠷᠪᠡᠯ)᠃

   ᠠᠩᠬ᠎ᠠ ᠲᠤᠰᠢᠶᠠᠬᠤ ᠬᠠᠷᠢᠴᠠᠯ᠎ᠤᠨ ᠲᠤᠬᠠᠢ ᠳᠤᠮᠳᠠᠳᠤ ᠤᠯᠤᠰ᠎ᠤᠨ ᠠᠷᠠᠳ᠎ᠤᠨ ᠪᠠᠩᠭᠢ᠂ ᠮᠦᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠎ᠠᠴᠠ ᠬᠠᠮᠲᠤᠷᠠᠨ ᠮᠡᠳᠡᠭᠳᠡᠯ ᠨᠡᠶ᠋ᠢᠲᠡᠯᠡᠵᠦ᠂ ᠵᠢᠭᠡᠯᠡᠯᠭᠡ᠎ᠪᠠᠷ ᠣᠷᠣᠨ ᠰᠠᠭᠤᠴᠠ ᠬᠤᠳᠠᠯᠳᠤᠨ ᠠᠪᠤᠭᠰᠠᠨ ᠰᠠᠭᠤᠭ᠋ᠠᠯᠢ ᠠᠷᠠᠳ᠎ᠤᠨ ᠭᠡᠷ ᠪᠦᠯᠢ᠎ᠳᠤ ᠬᠤᠳᠠᠯᠳᠤᠭ᠋ᠠᠨ᠎ᠤ  ᠴᠢᠨᠠᠷᠲᠠᠢ ᠬᠤᠪᠢ ᠬᠦᠮᠦᠨ᠎ᠤ ᠣᠷᠣᠨ ᠰᠠᠭᠤᠴᠠ ᠵᠢᠨ ᠵᠢᠭᠡᠯᠡᠯᠭᠡ᠎ᠨᠢ ᠠᠩᠬᠠᠳᠤᠭ᠋ᠠᠷ ᠢᠵᠢ᠂ ᠬᠤᠶᠠᠷ ᠢᠵᠢ ᠣᠷᠣᠨ ᠰᠠᠭᠤᠴᠠ ᠵᠢ ᠳᠠᠬᠢᠵᠤ ᠢᠯᠭ᠋ᠠᠵᠤ᠂ ᠠᠩᠬ᠎ᠠ ᠲᠤᠰᠢᠶᠠᠬᠤ ᠵᠣᠭᠤᠰ᠎ᠤᠨ ᠬᠠᠮᠤᠭ ᠳᠣᠣᠷ᠎ᠠ ᠬᠠᠷᠢᠴᠠᠯ᠎ᠢ 15%᠎ᠠᠴᠠ ᠳᠣᠣᠷ᠎ᠠ ᠪᠠᠶ᠋ᠢᠯᠭ᠋ᠠᠬᠤ ᠦᠭᠡᠢ ᠪᠣᠯᠭ᠋ᠠᠨ᠎ᠠ᠃

   ᠮᠡᠳᠡᠭᠳᠡᠯ᠎ᠢ ᠣᠢ᠍ᠠᠲᠣᠰᠣᠯᠠᠪᠡᠯ᠂ ᠪᠤᠢ᠍ᠭᠦ ᠤᠯᠤᠰ᠎ᠤᠨ ᠠᠩᠬ᠎ᠠ ᠳᠣᠰᠢᠶᠠᠬᠤ ᠵᠤᠭᠤᠰ᠎ᠤᠨ ᠬᠠᠮᠣᠭ᠎ᠤᠨ ᠳᠣᠣᠷ᠎ᠠ ᠬᠠᠷᠢᠴᠠᠯ᠎ᠤᠨ ᠰᠠᠭᠣᠷᠢᠠ ᠲᠠᠭᠡᠷ᠎ᠠ᠂ ᠳᠣᠮᠲᠠᠲᠤ ᠤᠯᠤᠰ᠎ᠤᠨ ᠠᠷᠠᠣᠠ᠎ᠤᠨ ᠪᠠᠩᠭᠢ ᠵᠢᠨ ᠡᠯ᠎ᠠ ᠮᠣᠵᠢ ᠵᠢᠨ ᠱᠠᠲᠣᠠ᠎ᠤ ᠬᠣᠪᠢᠶᠠᠷᠢ ᠪᠠᠩᠭᠢ᠂ ᠮᠣᠢ᠍ᠩᠭᠦᠠ ᠭᠦᠢ᠍ᠯᠭᠡᠭᠡᠨ᠎ᠤ ᠬᠢᠨᠠᠯᠲᠠ ᠬᠠᠮᠢᠶᠠᠷᠣᠯᠲᠠ ᠵᠢᠨ ᠶᠠᠷᠣᠩᠭᠡᠢ ᠳᠣᠪᠴᠢᠶᠠᠨ᠎ᠤ ᠡᠯ᠎ᠠ ᠳᠣᠮᠢᠯᠠᠭᠰᠠᠨ ᠪᠠᠢ᠍ᠢ᠍ᠭᠣᠯᠣᠮᠵᠢ᠎ᠨᠢ ᠬᠣᠲᠠ ᠵᠢᠨ ᠬᠣᠭᠣᠷᠣᠠᠲᠣᠭᠢ ᠵᠠᠰᠠᠭ᠎ᠤᠨ ᠣᠷᠲᠣᠠ᠎ᠤ ᠳᠣᠭᠢᠷᠠᠭᠣᠯᠣᠯ ᠡᠵᠠᠮᠲᠠᠯ᠎ᠤᠨ ᠱᠠᠭ᠋ᠠᠷᠲᠠᠯᠭ᠎ᠠ ᠵᠢ ᠣᠢ᠍ᠠᠲᠣᠰᠣᠯᠠᠨ᠂ ᠬᠠᠷᠢᠶᠠᠲᠤ ᠣᠷᠣᠠ᠎ᠤ ᠡᠯ᠎ᠠ ᠬᠣᠲᠠ ᠵᠢᠨ ᠳᠣᠲᠣᠷ᠎ᠠ ᠵᠣᠢ᠍ᠷᠢᠶ᠎ᠡ᠎ᠲᠠᠢ ᠬᠠᠮᠣᠭ᠎ᠤᠨ ᠳᠣᠣᠷ᠎ᠠ ᠳᠣᠭᠲᠠᠭ᠋ᠠᠯ᠎ᠢ ᠳᠣᠬᠲᠠᠭ᠋ᠠᠬᠤ ᠵᠢᠨ ᠬᠠᠮᠲᠤ ᠬᠠᠷᠢᠶᠠᠲᠤ ᠣᠷᠣᠠ᠎ᠤ ᠡᠯ᠎ᠠ ᠬᠣᠲᠠ ᠵᠢᠨ ᠠᠩᠬ᠎ᠠ ᠳᠣᠰᠢᠶᠠᠬᠤ ᠵᠣᠭᠣᠰ᠎ᠢ ᠳᠣᠭᠲᠠᠭ᠋ᠠᠬᠤ ᠬᠠᠮᠣᠭ᠎ᠤᠨ ᠳᠣᠣᠷ᠎ᠠ ᠬᠢᠵᠠᠭ᠋ᠠᠷ᠎ᠢ ᠳᠣᠬᠲᠠᠭ᠋ᠠᠨ᠎ᠠ᠃

   ᠲᠤᠬᠠᠶ ᠵᠢᠨ ᠡᠳᠦᠷ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠪᠠᠰᠠ ᠬᠤᠳᠠᠯᠳᠤᠭ᠋ᠠᠨ᠎ᠤ ᠴᠢᠨᠠᠷᠲᠠᠶ ᠬᠤᠪᠢ ᠬᠥᠮᠦᠨ᠎ᠤ ᠣᠷᠣᠨ ᠰᠠᠭᠤᠴᠠ ᠵᠢᠨ ᠵᠢᠭᠡᠯᠡᠯᠭᠡ ᠵᠢᠨ ᠬᠦᠤ ᠮᠥᠩᠭᠦ ᠵᠢᠨ ᠨᠣᠷᠮ᠎ᠠ ᠵᠢᠨ ᠦᠨ᠎ᠡ ᠲᠣᠭᠲᠠᠭ᠋ᠠᠬᠤ ᠲᠣᠭᠲᠠᠴᠠ ᠵᠢ ᠨᠡᠶ᠋ᠢᠲᠡᠯᠡᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷᠴᠢᠯᠡᠬᠦ ᠵᠠᠷᠴᠢᠮ᠎ᠳᠤ ᠰᠠᠭᠤᠷᠢᠯᠠᠨ ᠪᠡᠶ᠎ᠡ᠎ᠪᠠᠨ ᠳᠠᠭ᠋ᠠᠭ᠋ᠠᠵᠤ ᠵᠥᠪᠳᠡᠯᠴᠡᠵᠦ᠂ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠬᠦ ᠵᠢ ᠴᠢᠬᠤᠯᠠᠴᠢᠯᠠᠪᠠ᠃

   ᠬᠠᠮᠤᠭ᠎ᠤᠨ ᠰᠢᠨ᠎ᠡ ᠲᠣᠭᠲᠠᠭ᠋ᠠᠯ᠎ᠢ ᠦᠨᠳᠦᠰᠦᠯᠡᠪᠡᠯ᠂ ᠭᠡᠷ᠎ᠤᠨ ᠵᠢᠭᠡᠯᠡᠯᠭᠡ ᠵᠢᠨ ᠬᠦᠦ ᠵᠢᠨ ᠨᠤᠷᠮ᠎ᠠ ᠵᠢᠨ ᠳᠠᠬᠢᠨ ᠦᠨ᠎ᠡ ᠲᠣᠭᠲᠠᠭ᠋ᠠᠬᠤ ᠦᠶᠡᠯᠡᠯ᠎ᠤᠨ ᠬᠤᠭᠤᠴᠠᠭ᠎ᠠ ᠵᠢ ᠬᠠᠮᠤᠭ ᠣᠬᠣᠷ ᠬᠤᠭᠤᠴᠠᠭ᠎ᠠ ᠵᠢ ᠨᠢᠭᠡ ᠵᠢᠯ ᠪᠣᠯᠭ᠋ᠠᠨ᠎ᠠ᠃ 2024 ᠣᠨ᠎ᠤ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠰᠢᠨ᠎ᠡ᠎ᠪᠠᠷ ᠭᠡᠷ᠎ᠡ ᠲᠣᠭᠲᠠᠭᠰᠠᠨ ᠭᠡᠷ᠎ᠡ ᠵᠢᠨ ᠲᠣᠭᠲᠠᠮᠠᠯ ᠪᠤᠰᠤ ᠬᠦᠦ ᠵᠢᠨ ᠨᠣᠷᠮ᠎ᠠ ᠵᠢᠨ ᠬᠡᠷ ᠪᠠᠶ᠋ᠢᠰᠢᠩ᠎ᠤᠨ ᠵᠢᠭᠡᠯᠡᠯᠭᠡ᠎ᠠᠴᠠ  ᠪᠤᠰᠤᠳ ᠲᠣᠭᠲᠠᠮᠠᠯ ᠪᠤᠰᠤ ᠬᠦᠦ ᠵᠢᠨ ᠨᠣᠷᠮ᠎ᠠ ᠵᠢᠨ ᠵᠢᠭᠡᠯᠡᠯᠭᠡ᠎ᠲᠠᠢ ᠨᠢᠭᠡᠳᠦᠯᠲᠡᠶ ᠪᠠᠶ᠋ᠢᠵᠤ᠂ ᠵᠢᠭᠡᠯᠡᠯᠭᠡ ᠵᠢᠨ ᠬᠤᠶᠠᠷ ᠲᠠᠯ᠎ᠠ᠎ᠪᠠᠷ ᠵᠶ᠋ᠠᠨ ᠪᠡᠶ᠎ᠡ᠎ᠪᠠᠨ ᠳᠠᠭ᠋ᠠᠭ᠋ᠠᠵᠤ ᠵᠥᠪᠳᠡᠯᠴᠡᠨ ᠦᠨ᠎ᠡ ᠲᠣᠭᠲᠠᠭ᠋ᠠᠬᠤ ᠦᠶᠡᠯᠡᠯ᠎ᠤᠨ ᠬᠤᠭᠤᠴᠠᠭ᠎ᠠ ᠵᠢ ᠲᠣᠭᠲᠠᠭ᠋ᠠᠵᠤ ᠪᠣᠯᠤᠨ᠎ᠠ᠃ ᠨᠥᠬᠥᠴᠡᠯ᠎ᠳᠤ ᠨᠡᠶ᠋ᠢᠴᠡᠬᠦ ᠦᠯᠡᠳᠡᠭᠡᠯ ᠣᠷᠣᠨ ᠰᠠᠭᠤᠴᠠ ᠵᠢᠨ ᠵᠢᠭᠡᠯᠡᠯᠭᠡ ᠵᠢᠨ ᠵᠣᠭᠣᠰ ᠵᠢᠭᠡᠯᠡᠭᠴᠢ᠎ᠨᠢ ᠬᠤᠳᠠᠯᠳᠤᠭ᠋ᠠᠨ᠎ᠤ ᠪᠠᠩᠬᠢ᠎ᠯᠤᠭ᠎ᠠ ᠵᠥᠪᠳᠡᠯᠴᠡᠵᠦ ᠪᠠᠶ᠋ᠢᠭ᠋ᠠᠳ ᠭᠡᠷ᠎ᠤᠨ ᠵᠢᠭᠡᠯᠡᠯᠭᠡ ᠵᠢᠨ ᠬᠦᠦ ᠵᠢᠨ ᠨᠣᠷᠮ᠎ᠠ ᠵᠢ ᠨᠡᠮᠡᠬᠦ ᠵᠢᠨ ᠬᠠᠮᠲᠤ᠂ ᠳᠠᠬᠢᠨ ᠦᠨ᠎ᠡ ᠲᠣᠭᠲᠠᠭ᠋ᠠᠬᠤ ᠦᠶᠡᠯᠡᠯ᠎ᠢ ᠲᠣᠬᠢᠷᠠᠭᠤᠯᠵᠤ ᠪᠠᠰᠠ ᠪᠣᠯᠤᠨ᠎ᠠ᠃

   ᠲᠤᠬᠠᠶ ᠵᠢᠨ ᠡᠳᠦᠷ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠪᠠᠰᠠ ᠮᠡᠳᠡᠭᠳᠡᠯ ᠨᠡᠶ᠋ᠢᠲᠡᠯᠡᠵᠦ᠂ ᠨᠡᠭᠡᠭᠡᠨ ᠬᠥᠭᠵᠢᠭᠦᠯᠬᠦ ᠵᠢᠭᠡᠯᠡᠯᠭᠡ᠂ ᠢᠲᠡᠭᠡᠮᠵᠢᠲᠦ ᠵᠢᠭᠡᠯᠡᠯᠭᠡ ᠵᠡᠷᠭᠡ ᠦᠯᠡᠳᠡᠭᠡᠯ ᠪᠠᠯᠠ ᠲᠣᠬᠢᠷᠠᠭᠤᠯᠭ᠎ᠠ ᠵᠢᠨ ᠵᠦᠶ ᠵᠣᠬᠢᠰᠲᠠᠶ ᠤᠷᠲᠤᠳᠬᠠᠬᠤ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠬᠡᠷᠡᠭᠯᠡᠬᠦ ᠬᠤᠭᠤᠴᠠᠭ᠎ᠠ ᠵᠢ 2026 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠤᠷᠲᠤᠳᠬᠠᠨ᠎ᠠ; ᠡᠵᠡᠩᠨᠡᠯᠲᠡ ᠵᠢᠨ ᠴᠢᠨᠠᠷᠲᠠᠶ ᠠᠳᠠᠯ ᠠᠬᠤᠶ ᠵᠢᠨ ᠵᠢᠭᠡᠯᠡᠯᠭᠡ ᠵᠢᠨ ᠬᠤᠯᠪᠣᠭᠳᠠᠯ ᠪᠥᠬᠦᠶ ᠲᠥᠷᠥ ᠵᠢᠨ ᠪᠣᠳᠣᠯᠭ᠎ᠠ᠎ᠳᠤ ᠬᠡᠷᠡᠭᠯᠡᠬᠦ ᠬᠤᠭᠤᠴᠠᠭ᠎ᠠ᠎ᠲᠠᠢ ᠪᠠᠶ᠋ᠢᠪᠠᠯ᠂ ᠬᠡᠷᠡᠭᠯᠡᠬᠦ ᠬᠤᠭᠤᠴᠠᠭ᠎ᠠ ᠵᠢ 2026 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠤᠷᠲᠤᠳᠬᠠᠨ᠎ᠠ᠃

   ᠡᠭᠦᠠ᠎ᠠᠴᠠ ᠭᠠᠲᠠᠨ᠎ᠠ᠂ ᠳᠣᠮᠲᠠᠲᠤ ᠤᠯᠤᠰ᠎ᠤᠨ ᠠᠷᠠᠣᠠ᠎ᠤᠨ ᠪᠠᠩᠭᠢ ᠵᠢᠨ ᠠᠯᠪᠠᠨ ᠲᠢᠩᠭᠢᠮ 29᠎ᠤ ᠡᠳᠦᠷ ᠮᠡᠳᠡᠭᠳᠡᠯ ᠨᠡᠢ᠌ᠲᠡᠯᠡᠭᠰᠡᠨ᠎ᠨᠢ᠂ ᠣᠷᠣᠨ ᠨᠤᠲᠤᠭ᠎ᠤᠨ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠨᠢᠭᠡᠨᠲᠡ ᠪᠠᠷᠢᠵᠤ ᠪᠦᠲᠦᠭᠡᠭᠰᠡᠨ ᠬᠤᠳᠠᠯᠳᠤᠭ᠋ᠠᠳᠤᠢ ᠲᠠᠸᠠᠷ᠎ᠤᠨ ᠭᠡᠷ ᠪᠠᠢ᠌ᠰᠢᠩ᠎ᠢ ᠵᠦᠢ ᠵᠣᠬᠢᠰᠲᠠᠢ ᠦᠨ᠎ᠡ᠎ᠪᠠᠷ ᠬᠤᠳᠠᠯᠳᠤᠨ ᠠᠪᠴᠤ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠪᠣᠯᠭ᠋ᠠᠬᠤ ᠵᠢ ᠳᠡᠮᠵᠢᠵᠦ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠪᠠ ᠬᠤᠳᠠᠯᠳᠤᠨ ᠠᠪᠬᠤ ᠪᠡᠶᠡᠴᠢ ᠴᠣᠭᠴᠠ ᠵᠢᠨ ᠵᠠᠬ᠎ᠠ ᠳᠡᠯᠭᠡᠭᠦᠷᠴᠢᠯᠡᠭᠰᠡᠨ ᠤᠷᠮᠠᠰᠢᠭᠤᠯᠤᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠠᠴᠠ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠲᠠᠬᠢᠨ ᠵᠢᠭᠡᠯᠡᠯᠭᠡ ᠵᠢᠨ ᠬᠣᠯᠪᠣᠭᠳᠠᠯ ᠪᠦᠬᠦᠢ ᠵᠦᠢ᠍ᠯᠡᠰ᠎ᠢ ᠲᠣᠬᠢᠷᠠᠭᠤᠯᠤᠨ ᠰᠢᠯᠢᠳᠡᠭᠵᠢᠭᠦᠯᠬᠦ᠎ᠪᠠᠷ ᠲᠣᠭᠲᠠᠪᠠ᠃ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠠᠯᠪᠢᠭᠰᠠᠨ ᠱᠠᠭ᠋ᠠᠷᠳᠠᠯᠭ᠎ᠠ᠎ᠳᠤ ᠨᠡᠢ᠌ᠴᠡᠭᠰᠡᠨ ᠵᠢᠭᠡᠯᠡᠯᠭᠡ ᠵᠢᠨ ᠲᠠᠯ᠎ᠠ᠎ᠪᠠᠷ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠠᠴᠠ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠳᠤ ᠲᠠᠯᠪᠢᠭᠰᠠᠨ ᠲᠠᠬᠢᠨ ᠵᠢᠭᠡᠯᠡᠯᠭᠡ ᠵᠢᠨ ᠬᠠᠷᠢᠴᠠᠯ᠎ᠢ ᠵᠢᠭᠡᠯᠡᠯᠭᠡ ᠵᠢᠨ ᠡᠬᠡ ᠮᠥᠩᠭᠥ ᠵᠢᠨ 60 % ᠪᠠᠢ᠌ᠭᠰᠠᠨ᠎ᠠᠴᠠ 100 % ᠪᠣᠯᠲᠠᠯ᠎ᠠ ᠳᠡᠭᠡᠭᠰᠢᠯᠡᠭᠦᠯᠦᠨ᠎ᠡ᠃

   ᠡᠭᠦᠨ᠎ᠠᠴᠠ ᠡᠮᠦᠨ᠎ᠡ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠳᠠᠷᠤᠭ᠎ᠠ ᠫᠠᠨ ᠭᠦᠩ ᠱᠧᠩ 9  ᠳ᠋ᠦ᠍ᠭᠡᠷ ᠰᠠᠷ᠎ᠠ ᠵᠢᠨ 24᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠰᠢᠨ᠎ᠡ ᠨᠢᠭᠡ ᠡᠭᠡᠯᠵᠢ ᠵᠢᠨ ᠭᠡᠷ ᠪᠠᠶ᠋ᠢᠰᠢᠩ ᠭᠠᠵᠠᠷ ᠬᠥᠷᠥᠩᠭᠡ ᠵᠢ ᠳᠡᠮᠵᠢᠬᠦ ᠮᠥᠩᠭᠦᠨ ᠭᠦᠢ᠍ᠯᠭᠡᠭᠡᠨ᠎ᠤ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ ᠲᠣᠳᠣᠷᠬᠠᠶ ᠳᠣᠬᠢᠶ᠎ᠠ ᠵᠢ ᠳᠠᠮᠵᠢᠭᠤᠯᠤᠨ ᠭᠠᠷᠭ᠋ᠠᠪᠠ᠃

 

ᠢᠷᠡᠯᠲᠡ᠄ ᠰᠢᠠᠬᠣᠧᠠ ᠬᠣᠷᠢᠶ᠎ᠠ