ᠲᠦᠷᠦᠭᠦᠬᠡᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠬᠡᠷ ᠬᠠᠮᠲᠤᠷᠠᠨ 《ᠵᠢᠶᠠᠩᠰᠦ ᠮᠤᠵᠢ᠂ ᠱᠠᠨᠳᠦ᠋ᠩ ᠮᠤᠵᠢ ᠵᠢᠨ ᠯᠢᠨ ᠢ ᠬᠤᠲᠠ ᠵᠢᠨ ᠭᠠᠵᠠᠷ ᠰᠢᠷᠤᠢ ᠤᠢ ᠵᠢ ᠬᠡᠷᠡᠭᠯᠡᠬᠦ ᠵᠢ ᠬᠤᠯᠪᠣᠭ᠋ᠠᠯᠠᠨ ᠬᠥᠳᠡᠯᠦᠯᠴᠡᠵᠦ ᠬᠢᠨᠠᠨ ᠵᠥᠪᠰᠢᠶᠡᠷᠡᠭᠰᠡᠨ ᠨᠡᠶ᠋ᠢᠲᠡᠯᠢᠭ ᠲᠤᠷᠰᠢᠯᠭ᠎ᠠ ᠠᠷᠭ᠎ᠠ ᠬᠢᠳᠡᠯ᠎ᠢ ᠳᠡᠯᠭᠡᠷᠡᠭᠦᠯᠬᠦ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠮᠤᠵᠢ 《ᠨᠢᠭᠡ ᠯᠡ ᠤᠳᠠᠭ᠎ᠠ ᠭᠦᠶᠦᠬᠦ》᠂ 《ᠨᠢᠭᠡ ᠯᠡ ᠡᠭᠦᠳᠡ᠎ᠪᠠᠷ ᠣᠷᠣᠵᠤ ᠭᠠᠷᠬᠤ》 ᠬᠠᠷᠠᠯᠲᠠ ᠵᠢᠨ ᠶᠣᠰᠣᠭ᠋ᠠᠷ᠂ ᠪᠣᠳᠠᠲᠠᠶ᠎ᠲᠠᠢ᠎ᠪᠠᠨ ᠤᠶᠠᠯᠳᠤᠭᠤᠯᠤᠨ ᠭᠠᠵᠠᠷ ᠰᠢᠷᠤᠢ ᠤᠢ ᠵᠢ ᠬᠡᠷᠡᠭᠯᠡᠬᠦ ᠵᠡᠷᠭᠡ ᠬᠢᠨᠠᠨ ᠵᠥᠪᠰᠢᠶᠡᠷᠡᠬᠦ ᠵᠦᠢ᠍ᠯᠡᠰ᠎ᠤᠨ ᠬᠠᠮᠵᠢᠯᠴᠠᠨ ᠭᠦᠢ᠍ᠴᠡᠳᠬᠡᠬᠦ ᠵᠢ ᠰᠦᠪᠡᠭᠴᠢᠯᠡᠨ ᠠᠬᠢᠭᠤᠯᠵᠤ᠂ ᠴᠤᠪᠤᠷᠠᠯ᠎ᠢ ᠰᠢᠯᠢᠳᠡᠭᠵᠢᠭᠦᠯᠦᠨ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃
《ᠮᠡᠳᠡᠭᠳᠡᠯ》᠎ᠳᠤ᠂ ᠵᠢᠶᠠᠩᠰᠦ ᠮᠤᠵᠢ᠂ ᠱᠠᠨᠳᠦ᠋ᠩ ᠮᠤᠵᠢ ᠵᠢᠨ ᠯᠢᠨ ᠢ ᠬᠤᠲᠠ ᠵᠢᠨ᠎ᠬᠢᠨ 《ᠣᠯᠠᠨ ᠲᠥᠯᠥᠪᠵᠢᠭᠦᠯᠭᠡ ᠵᠢ ᠨᠢᠭᠡᠳᠬᠡᠬᠦ》᠎ᠪᠠᠷ ᠰᠠᠭᠤᠷᠢ ᠪᠣᠯᠭ᠋ᠠᠨ 《ᠤᠯᠠᠨ ᠬᠢᠨᠠᠯᠲᠠ ᠵᠢ ᠨᠢᠭᠡᠳᠬᠡᠬᠦ》 ᠵᠢ ᠭᠦᠨᠵᠡᠭᠡᠶ ᠠᠬᠢᠭᠤᠯᠵᠤ᠂ ᠬᠢᠨᠠᠨ ᠵᠥᠪᠰᠢᠶᠡᠷᠡᠬᠦ ᠶᠠᠪᠤᠴᠠ ᠵᠢ ᠲᠠᠬᠢᠨ ᠪᠤᠢ ᠪᠣᠯᠭ᠋ᠠᠵᠤ᠂ ᠠᠵᠢᠯ᠎ᠤᠨ ᠲᠣᠭᠲᠠᠴᠠ ᠵᠢᠨ ᠰᠢᠨ᠎ᠡ ᠵᠢ ᠡᠭᠦᠳᠴᠦ᠂ ᠭᠠᠵᠠᠷ ᠰᠢᠷᠤᠢ ᠤᠢ ᠵᠢ ᠬᠡᠷᠡᠭᠯᠡᠬᠦ ᠵᠢ ᠬᠢᠨᠠᠨ ᠵᠥᠪᠰᠢᠶᠡᠷᠡᠵᠦ ᠬᠢᠨᠠᠨ ᠬᠠᠷᠭᠤᠭᠤᠯᠬᠤ ᠵᠦᠢ᠍ᠯᠡᠰ᠎ᠢ ᠵᠡᠷᠭᠡ᠎ᠪᠠᠷ ᠭᠦᠢ᠍ᠴᠡᠳᠬᠡᠵᠦ᠂ ᠬᠤᠯᠪᠣᠭ᠋ᠠᠯᠠᠨ ᠬᠢᠨᠠᠨ ᠵᠥᠪᠰᠢᠶᠡᠷᠡᠬᠦ ᠵᠢ ᠬᠡᠷᠡᠭᠵᠢᠭᠦᠯᠵᠦ᠂ ᠡᠯᠧᠮᠧᠨ᠋ᠲ᠎ᠤᠨ ᠪᠠᠲᠤᠯᠠᠭ᠎ᠠ ᠵᠢᠨ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠢ ᠠᠬᠢᠭᠤᠯᠵᠤ᠂ ᠴᠢᠬᠤᠯᠠ ᠶᠡᠭᠡ ᠲᠦᠷᠦᠯ ᠵᠦᠢ᠍ᠯ᠎ᠤᠨ ᠭᠠᠵᠠᠷ ᠰᠢᠷᠤᠢ ᠤᠢ ᠵᠢ ᠬᠡᠷᠡᠭᠯᠡᠬᠦ ᠡᠯᠧᠮᠧᠨ᠋ᠲ᠎ᠤᠨ ᠪᠠᠲᠤᠯᠠᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠤᠨ ᠠᠵᠢᠯ ᠶᠠᠪᠤᠳᠠᠯ ᠡᠷᠬᠢᠯᠡᠬᠦ ᠥᠪᠡᠷ᠎ᠤᠨ ᠦᠷᠳᠡᠭ᠎ᠢ ᠪᠠᠭᠤᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠤᠯᠠᠮ ᠴᠢᠨᠠᠭᠰᠢᠳᠠ ᠰᠢᠯᠢᠳᠡᠭᠵᠢᠭᠦᠯᠬᠦ ᠲᠠᠯ᠎ᠠ᠎ᠪᠠᠷ ᠢᠳᠡᠪᠬᠢᠲᠡᠢ ᠦᠷ᠎ᠡ ᠪᠦᠲᠦᠮᠵᠢ ᠤᠯᠪᠠ᠃
ᠡᠨᠡ ᠵᠢᠯ᠎ᠤᠨ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠵᠢᠶᠠᠩᠰᠦ ᠮᠣᠵᠢ᠎ᠨᠢ ᠮᠣᠵᠢ ᠵᠢᠨ ᠳᠡᠰ ᠵᠢᠴᠢ ᠮᠣᠵᠢ ᠵᠢᠨ ᠱᠠᠲᠤᠨ᠎ᠠᠴᠠ ᠳᠤᠷᠤᠭᠰᠢ ᠭᠠᠵᠠᠷ ᠰᠢᠷᠤᠢ ᠤᠢ ᠵᠢ ᠬᠡᠷᠡᠭᠯᠡᠬᠦ ᠵᠢ ᠵᠦᠪᠰᠢᠶᠡᠷᠡᠵᠤ᠂ ᠭᠠᠵᠠᠷ ᠰᠢᠷᠤᠢ ᠤᠢ ᠵᠢ ᠬᠡᠷᠡᠭᠯᠡᠬᠦ ᠵᠦᠢ᠍ᠯᠡᠰ᠎ᠢ ᠨᠡᠢ᠌ᠯᠡᠭᠦᠯᠦᠨ ᠬᠢᠨᠠᠨ ᠵᠦᠪᠰᠢᠶᠡᠷᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠭᠠᠵᠠᠷ ᠰᠢᠷᠤᠢ ᠤᠢ ᠵᠢ ᠬᠡᠷᠡᠭᠯᠡᠬᠦ ᠵᠢ ᠨᠡᠢ᠌ᠯᠡᠭᠦᠯᠦᠨ ᠬᠢᠨᠠᠨ ᠵᠦᠪᠰᠢᠶᠡᠷᠡᠬᠦ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠵᠡᠢ᠃ 《ᠥᠩᠭᠡᠷᠡᠭᠰᠡᠨ᠎ᠳᠤ᠂ ᠵᠠᠮ᠎ᠨᠢ ᠲᠤᠰᠠᠭ᠋ᠠᠷ ᠭᠠᠵᠠᠷ ᠰᠣᠩᠭᠤᠬᠤ ᠲᠥᠷᠥᠯ ᠵᠦᠢ᠍ᠯ ᠪᠣᠯᠤᠭᠰᠠᠨ᠎ᠤ ᠬᠤᠪᠢ᠎ᠳᠤ᠂ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭ᠋ᠠᠯᠠᠯ᠎ᠨᠢ ᠶᠠᠷᠰᠢᠭᠲᠠᠶ ᠪᠠᠶ᠋ᠢᠵᠤ᠂ ᠥᠩᠭᠡᠷᠡᠭᠰᠡᠨ᠎ᠳᠤ᠂ ᠤᠷᠢᠳ ᠵᠶ᠋ᠠᠷ ᠣᠶ ᠰᠢᠭᠤᠢ ᠵᠢ ᠵᠥᠪᠰᠢᠶᠡᠷᠡᠵᠦ ᠳᠠᠷᠠᠭ᠎ᠠ᠎ᠨᠢ ᠭᠠᠵᠠᠷ ᠰᠢᠷᠣᠢ ᠵᠢ ᠵᠥᠪᠰᠢᠶᠡᠷᠡᠬᠦ ᠬᠡᠷᠡᠭᠲᠡᠢ᠂ ᠠᠳᠠᠯᠢ ᠮᠠᠲ᠋ᠧᠷᠢᠶᠠᠯ᠎ᠢ ᠳᠠᠬᠢᠨ ᠳᠠᠪᠲᠠᠨ ᠬᠠᠩᠭ᠋ᠠᠵᠤ᠂ ᠣᠲᠣ ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠭᠡᠬᠦ᠎ᠳᠤ ᠲᠥᠬᠦᠮ ᠪᠥᠭᠡᠳ ᠥᠨᠳᠥᠷ ᠪᠦᠲᠦᠮᠵᠢᠲᠡᠶ ᠪᠣᠯᠵᠠᠢ!》 ᠵᠢᠶᠠᠩᠰᠦ ᠮᠤᠵᠢ ᠵᠢᠨ ᠰᠦᠢ ᠨᠢᠩ ᠰᠢᠶᠠᠨ᠎ᠤ ᠵᠢᠨ ᠴᠧᠩ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠡᠷᠬᠢᠯᠡᠭᠴᠢ ᠹᠠᠨ ᠰᠠᠢ ᠰᠠᠢ ᠲᠤᠰ ᠰᠢᠶᠠᠨ᠎ᠤ 205 ᠰᠢᠶᠠᠨ᠎ᠤ ᠵᠠᠮ᠎ᠢ ᠥᠭᠡᠷᠡᠴᠢᠯᠡᠨ ᠵᠠᠰᠠᠬᠤ ᠢᠨᠵᠧᠨᠧᠷᠢᠩ᠎ᠤᠨ ᠭᠠᠵᠠᠷ ᠰᠢᠷᠤᠢ ᠤᠢ ᠵᠢ ᠬᠡᠷᠡᠭᠯᠡᠬᠦ ᠵᠢᠨ ᠡᠮᠦᠨᠡᠬᠢ ᠬᠤᠭᠤᠴᠠᠭ᠋ᠠᠨ᠎ᠤ ᠬᠤᠯᠪᠣᠭᠳᠠᠯ ᠪᠦᠬᠦᠢ ᠠᠵᠢᠯ᠎ᠢ ᠵᠣᠬᠢᠶᠠᠨ ᠪᠠᠶ᠋ᠢᠭᠤᠯᠤᠭᠰᠠᠨ᠎ᠤ ᠳᠠᠷᠠᠭ᠎ᠠ᠂ ᠥᠪᠡᠷ᠎ᠤᠨ ᠡᠷᠬᠡ ᠦᠭᠡᠢ ᠰᠡᠳᠬᠢᠯ ᠳᠣᠭᠳᠣᠯᠵᠤ ᠪᠠᠶ᠋ᠢᠯ᠎ᠠ᠃
ᠰᠦᠢ ᠨᠢᠩ ᠰᠢᠶᠠᠨ᠎ᠤ 205 ᠰᠢᠶᠠᠨ᠎ᠤ ᠵᠠᠮ ᠪᠣᠯ ᠲᠤᠤ ᠶᠤᠸᠠᠨ ᠪᠠᠯᠭ᠋ᠠᠰᠤ᠎ᠠᠴᠠ ᠰᠢᠶᠠᠨ᠎ᠤ ᠬᠤᠲᠠ ᠬᠦᠷᠲᠡᠯᠡᠬᠢ ᠭᠤᠤᠯ ᠵᠠᠮ ᠮᠥᠨ᠂ ᠨᠢᠭᠡᠨᠲᠡ 20 ᠭᠠᠷᠤᠶ ᠵᠢᠯ ᠬᠡᠷᠡᠭᠯᠡᠵᠦ᠂ ᠵᠠᠮ᠎ᠤᠨ ᠭᠠᠳᠠᠷᠭᠤ᠎ᠨᠢ ᠬᠦᠨᠳᠦ ᠨᠣᠴᠢᠲᠠᠶ ᠡᠪᠳᠡᠭᠳᠡᠵᠦ᠂ ᠥᠭᠡᠷᠡᠴᠢᠯᠡᠨ ᠳᠡᠭᠡᠭᠰᠢᠯᠡᠭᠦᠯᠬᠦ᠎ᠨᠢ ᠵᠠᠮ ᠳᠠᠭ᠋ᠠᠤ ᠵᠢᠨ ᠣᠯᠠᠨ ᠲᠦᠮᠡᠨ᠎ᠤ ᠲᠤᠯᠭ᠋ᠠᠮ᠎ᠠ ᠱᠠᠭ᠋ᠠᠷᠳᠠᠯᠭ᠎ᠠ ᠪᠣᠯᠵᠠᠶ᠃ ᠭᠠᠵᠠᠷ ᠰᠢᠷᠤᠢ ᠤᠢ ᠵᠢ ᠬᠡᠷᠡᠭᠯᠡᠬᠦ ᠵᠢ ᠨᠡᠶ᠋ᠢᠯᠡᠭᠦᠯᠦᠨ ᠬᠢᠨᠠᠨ ᠵᠥᠪᠰᠢᠶᠡᠷᠡᠬᠦ ᠲᠤᠷᠰᠢᠯᠲᠠ ᠵᠢᠨ ᠴᠡᠭ᠎ᠤᠨ ᠠᠩᠬᠠᠳᠠᠭᠴᠢ ᠲᠥᠷᠥᠯ ᠵᠦᠢ᠍ᠯ ᠪᠣᠯᠤᠭᠰᠠᠨ᠎ᠤ ᠬᠤᠪᠢ᠎ᠳᠤ᠂ ᠥᠭᠡᠷᠡᠴᠢᠯᠡᠨ ᠪᠠᠶ᠋ᠢᠭᠤᠯᠬᠤ ᠢᠨᠵᠸᠨ᠋ᠸᠷᠢᠩ᠎ᠢ ᠭᠤᠶᠤᠴᠢᠯᠠᠨ ᠮᠡᠳᠡᠭᠦᠯᠬᠦ ᠴᠠᠭ᠎ᠢ ᠤᠤᠯ᠎ᠤᠨ 4 — 5 ᠰᠠᠷ᠎ᠠ᠎ᠠᠴᠠ 1 ᠰᠠᠷ᠎ᠠ ᠪᠣᠯᠲᠠᠯ᠎ᠠ ᠪᠣᠭᠤᠨᠢᠰᠬᠠᠵᠤ᠂ ᠦᠷ᠎ᠡ ᠪᠦᠲᠦᠮᠵᠢ ᠵᠢ ᠪᠠᠷᠤᠭ 5 ᠳᠠᠬᠢᠨ ᠳᠡᠭᠡᠭᠰᠢᠯᠡᠭᠦᠯᠪᠡ᠃ ᠡᠭᠦᠨ᠎ᠤ ᠬᠠᠮᠲᠤ᠂ ᠵᠢᠶᠠᠩᠰᠦ ᠮᠤᠵᠢ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠵᠢᠶᠠᠩᠰᠦ ᠮᠤᠵᠢ ᠵᠢᠨ ᠣᠶ ᠰᠢᠭᠤᠶ ᠵᠢᠨ ᠲᠣᠪᠴᠢᠶ᠎ᠠ᠎ᠠᠴᠠ 《ᠨᠢᠭᠡ ᠴᠤᠩᠬᠤᠨ᠎ᠳᠤ ᠨᠢᠭᠡ ᠯᠡ ᠤᠳᠠᠭ᠎ᠠ ᠮᠠᠲᠸᠷᠢᠶᠠᠯ ᠬᠤᠷᠢᠶᠠᠵᠤ᠂ ᠨᠢᠭᠡ ᠠᠵᠢᠯ᠎ᠤᠨ ᠡᠳᠦᠷ᠎ᠤᠨ ᠳᠣᠲᠣᠷ᠎ᠠ ᠭᠠᠵᠠᠷ ᠬᠡᠷᠡᠭᠯᠡᠬᠦ ᠣᠶ ᠵᠢ ᠨᠡᠶ᠋ᠢᠯᠡᠭᠦᠯᠦᠨ ᠬᠢᠨᠠᠨ ᠪᠠᠶ᠋ᠢᠴᠠᠭ᠋ᠠᠬᠤ ᠵᠢ ᠪᠡᠶᠡᠯᠡᠭᠦᠯᠵᠦ᠂ ᠭᠠᠵᠠᠷ ᠬᠡᠷᠡᠭᠯᠡᠬᠦ ᠴᠣᠬᠤᠯᠠᠪᠤᠷᠢ ᠪᠠ ᠣᠶ᠋ᠢᠲᠤ ᠭᠠᠵᠠᠷ᠎ᠤᠨ ᠵᠥᠪᠰᠢᠶᠡᠷᠡᠯ᠎ᠢ ᠵᠡᠷᠭᠡ᠎ᠪᠡᠷ ᠣᠯᠬᠤ》᠂ ᠲᠥᠷᠥᠯ ᠵᠦᠢ᠍ᠯ᠎ᠢ ᠤᠷᠢᠳᠴᠢᠯᠠᠨ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠪᠡ᠃
ᠭᠠᠵᠠᠷ ᠰᠢᠷᠤᠢ ᠣᠢ ᠵᠢ ᠬᠡᠷᠡᠭᠯᠡᠬᠦ 《ᠨᠢᠭᠡ ᠤᠴᠢᠷ》᠎ᠢ ᠲᠢᠩᠬᠢᠮ ᠲᠣᠪᠴᠢᠶ᠎ᠠ ᠬᠠᠮᠲᠤᠷᠠᠨ 《ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠬᠡᠷᠡᠭᠲᠡᠢ᠃ ᠲᠠᠨᠢᠯᠴᠠᠭᠤᠯᠤᠭᠰᠠᠨ ᠵᠶ᠋ᠠᠷ᠂ ᠬᠤᠶ᠋ᠢᠰᠢᠳᠠ᠂ ᠵᠢᠶᠠᠩᠰᠦ ᠮᠤᠵᠢ ᠵᠢᠨ ᠳᠣᠲᠣᠷ᠎ᠠ᠂ ᠬᠠᠮᠢᠶ᠎ᠠ ᠪᠥᠬᠦᠶ ᠲᠥᠷᠥᠯ ᠵᠦᠢ᠍ᠯ᠎ᠤᠨ ᠲᠠᠯ᠎ᠠ᠎ᠨᠢ ᠵᠥᠪᠬᠡᠨ ᠨᠢᠭᠡ ᠯᠡ ᠴᠣᠩᠬᠤᠪᠴᠢ᠂ ᠨᠢᠭᠡ ᠢᠵᠢ ᠮᠠᠲ᠋ᠧᠷᠢᠶᠠᠯ ᠲᠤᠰᠢᠶᠠᠵᠤ᠂ ᠨᠢᠭᠡ ᠯᠡ ᠤᠳᠠᠭ᠎ᠠ᠎ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠂ ᠬᠢᠨᠠᠨ ᠵᠥᠪᠰᠢᠶᠡᠷᠡᠭᠦᠯᠵᠦ ᠪᠠᠲᠤᠯᠠᠭᠰᠠᠨ᠎ᠤ ᠳᠠᠷᠠᠭ᠎ᠠ ᠨᠢᠭᠡ ᠯᠡ ᠤᠳᠠᠭ᠎ᠠ᠎ᠳᠤ ᠭᠠᠵᠠᠷ ᠰᠢᠷᠤᠢ ᠣᠢ ᠵᠢ ᠬᠡᠷᠡᠭᠯᠡᠬᠦ ᠵᠥᠪᠰᠢᠶᠡᠷᠡᠯ᠎ᠤᠨ ᠪᠢᠴᠢᠭ᠎ᠢ ᠣᠯᠵᠤ᠂ ᠬᠢᠨᠠᠨ ᠵᠥᠪᠰᠢᠶᠡᠷᠡᠬᠦ ᠬᠤᠭᠤᠴᠠᠭ᠎ᠠ ᠵᠢ ᠥᠩᠭᠡᠷᠡᠭᠰᠡᠨ᠎ᠠᠴᠠ ᠢᠯᠡᠳᠲᠡ ᠪᠤᠭᠤᠨᠢᠰᠬᠠᠪᠠ᠃
2023 ᠣᠨ᠎ᠠᠴᠠ ᠨᠠᠭ᠋ᠠᠰᠢ᠂ ᠱᠠᠨᠳᠦ᠋ᠩ ᠮᠣᠵᠢ ᠵᠢᠨ ᠯᠢᠨ ᠢ ᠬᠣᠲᠠ ᠵᠢᠨ ᠨᠢᠭᠡᠳᠦᠯᠲᠡᠢ ᠲᠣᠬᠢᠷᠠᠭᠤᠯᠤᠯᠲᠠ ᠵᠢ ᠦᠨᠳᠦᠰᠦᠯᠡᠨ᠂ ᠮᠧᠩ ᠶᠢᠨ ᠰᠢᠶᠠᠨ ᠭᠠᠵᠠᠷ ᠰᠢᠷᠤᠢ ᠣᠢ ᠵᠢ ᠬᠡᠷᠡᠭᠯᠡᠬᠦ 《ᠨᠢᠭᠡ ᠤᠴᠢᠷ》᠎ᠢ ᠬᠢᠨᠠᠨ ᠵᠦᠪᠰᠢᠶᠡᠷᠡᠬᠦ ᠰᠢᠨ᠎ᠡ ᠵᠠᠭᠪᠤᠷ᠎ᠢ ᠤᠷᠢᠳᠠᠪᠡᠷ ᠥᠷᠨᠢᠭᠦᠯᠵᠦ᠂ ᠪᠠᠢ᠌ᠭ᠋ᠠᠯᠢ ᠵᠢᠨ ᠡᠬᠢ ᠪᠠᠶᠠᠯᠢᠭ ᠪᠠ ᠣᠢ ᠰᠢᠭᠤᠢ ᠵᠢᠨ ᠬᠢᠨᠠᠨ ᠵᠦᠪᠰᠢᠶᠡᠷᠡᠬᠦ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ᠎ᠪᠠᠷ ᠳᠠᠮᠵᠢᠭᠤᠯᠤᠨ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ 《ᠬᠤᠷᠳᠤᠴᠠ᠎ᠪᠠᠨ ᠲᠦᠷᠭᠡᠳᠭᠡᠬᠦ》 ᠪᠣᠯᠭ᠋ᠠᠪᠠ᠃
ᠱᠠᠨᠳᠦ᠋ᠩ᠎ᠤᠨ ᠵᠦᠩ ᠬᠤᠤ ᠰᠦᠯᠢᠶᠣᠣ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠤᠶᠤᠨᠴᠢᠯᠠᠭᠰᠠᠨ ᠬᠥᠮᠥᠷᠭᠡᠯᠡᠨ ᠬᠠᠳᠠᠭ᠋ᠠᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠤᠨᠤᠭ ᠲᠥᠬᠦᠭᠡᠷᠦᠮᠵᠢ ᠵᠢ ᠦᠢ᠍ᠯᠡᠳᠬᠦ ᠲᠦᠷᠦᠯ ᠵᠦᠢ᠍ᠯ᠂ ᠬᠡᠷᠡᠭᠯᠡᠬᠦ᠎ᠪᠠᠷ ᠪᠠᠶ᠋ᠢᠭ᠎ᠠ ᠭᠠᠵᠠᠷ᠎ᠤᠨ ᠲᠠᠯᠠᠪᠠᠢ᠎ᠨᠢ 339.165 ᠮᠦ᠍ ᠪᠣᠯᠤᠨ᠎ᠠ᠂ ᠡᠭᠦᠨ᠎ᠳᠤ ᠣᠶ᠋ᠢᠲᠤ ᠭᠠᠵᠠᠷ᠎ᠨᠢ 18.918 ᠮᠦ᠍ ᠵᠢ ᠡᠵᠡᠯᠡᠵᠦ᠂ ᠤᠶᠤᠨᠴᠢᠯᠠᠭᠰᠠᠨ ᠦᠢ᠍ᠯᠡᠳᠪᠦᠷᠢᠯᠡᠯ᠎ᠤᠨ ᠲᠠᠰᠤᠭ ᠪᠣᠯᠤᠨ ᠪᠣᠰᠤᠭ᠎ᠠ ᠴᠣᠭᠴᠠᠲᠤ ᠰᠠᠩ ᠬᠥᠮᠥᠷᠭᠡ᠂ ᠰᠢᠨ᠎ᠡ ᠮᠠᠲ᠋ᠧᠷᠢᠶᠠᠯ᠎ᠤᠨ ᠰᠤᠳᠤᠯᠤᠨ ᠨᠡᠭᠡᠭᠡᠬᠦ ᠲᠥᠪ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠵᠢ ᠪᠦᠳᠦᠬᠡᠨ ᠪᠠᠶ᠋ᠢᠭᠤᠯᠬᠤ᠎ᠳᠤ ᠬᠡᠷᠡᠭᠯᠡᠪᠡ᠃ ᠥᠭᠡᠷᠡᠴᠢᠯᠡᠯᠲᠡ᠎ᠠᠴᠠ ᠡᠮᠦᠨ᠎ᠡ ᠡᠶ᠋ᠢᠮᠦᠷᠬᠦᠦ ᠲᠥᠷᠥᠯ᠎ᠤᠨ ᠭᠠᠵᠠᠷ ᠰᠢᠷᠤᠢ ᠤᠢ ᠵᠢ ᠬᠡᠷᠡᠭᠯᠡᠬᠦ ᠵᠢ ᠬᠢᠨᠠᠨ ᠵᠥᠪᠰᠢᠶᠡᠷᠡᠬᠦ᠎ᠨᠢ ᠪᠠᠷᠤᠭ 4 ᠰᠠᠷ᠎ᠠ ᠬᠠᠭ᠋ᠠᠰ ᠪᠠᠶ᠋ᠢᠵᠤ᠂ ᠡᠭᠦᠨ᠎ᠳᠤ ᠣᠢ ᠰᠢᠭᠤᠢ ᠵᠢᠨ ᠭᠠᠵᠠᠷ᠎ᠢ ᠬᠢᠨᠠᠨ ᠵᠥᠪᠰᠢᠶᠡᠷᠡᠬᠦ᠎ᠨᠢ ᠪᠠᠷᠤᠭ 1 ᠰᠠᠷ᠎ᠠ ᠬᠠᠭ᠋ᠠᠰ ᠬᠡᠷᠡᠭᠯᠡᠪᠡ; ᠥᠭᠡᠷᠡᠴᠢᠯᠡᠯᠲᠡ ᠬᠢᠭᠰᠡᠨ᠎ᠤ ᠳᠠᠷᠠᠭ᠎ᠠ᠂ ᠲᠤᠰ ᠲᠥᠷᠥᠯ ᠵᠦᠢ᠍ᠯ᠎ᠤᠨ ᠬᠡᠷᠡᠭᠯᠡᠬᠦ ᠭᠠᠵᠠᠷ᠎ᠤᠨ ᠣᠢ ᠰᠢᠭᠤᠢ ᠵᠢ ᠬᠢᠨᠠᠨ ᠵᠥᠪᠰᠢᠶᠡᠷᠡᠬᠦ᠎ᠳᠤ ᠬᠡᠷᠡᠭᠯᠡᠬᠦ ᠴᠠᠭ᠎ᠨᠢ 3 ᠰᠠᠷ᠎ᠠ ᠪᠠᠶ᠋ᠢᠵᠤ᠂ ᠡᠭᠦᠨ᠎ᠳᠤ ᠣᠢ ᠰᠢᠭᠤᠢ ᠵᠢᠨ ᠭᠠᠵᠠᠷ᠎ᠢ ᠬᠢᠨᠠᠨ ᠵᠥᠪᠰᠢᠶᠡᠷᠡᠬᠦ᠎ᠳᠤ ᠵᠥᠪᠬᠡᠨ 9 ᠡᠳᠦᠷ ᠬᠡᠷᠡᠭᠯᠡᠵᠦ᠂ ᠬᠢᠨᠠᠨ ᠵᠥᠪᠰᠢᠶᠡᠷᠡᠬᠦ ᠴᠠᠭ᠎ᠢ 40 ᠡᠳᠦᠷ ᠣᠷᠴᠢᠮ ᠠᠷᠪᠢᠯᠠᠵᠤ᠂ ᠬᠢᠨᠠᠨ ᠵᠥᠪᠰᠢᠶᠡᠷᠡᠬᠦ ᠬᠤᠷᠳᠤᠴᠠ ᠵᠢ 30%᠎ᠪᠠᠷ ᠲᠦᠷᠭᠡᠨ ᠪᠣᠯᠭ᠋ᠠᠵᠠᠢ᠃
ᠯᠢᠨ ᠢ ᠬᠤᠲᠠ ᠵᠢᠨ᠎ᠬᠢᠨ ᠰᠠᠯᠠᠭ᠎ᠠ ᠮᠥᠴᠢᠷ᠎ᠤᠨ ᠡᠬᠢ ᠪᠠᠶᠠᠯᠢᠭ᠎ᠢ ᠨᠡᠶ᠋ᠢᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ᠎ᠢ ᠳᠠᠬᠢᠨ ᠪᠣᠶ ᠪᠣᠯᠭ᠋ᠠᠵᠤ᠂ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠡᠷᠡᠭᠯᠡᠬᠦ ᠭᠠᠵᠠᠷ ᠪᠠ ᠣᠶ᠋ᠢᠲᠤ ᠭᠠᠵᠠᠷ᠎ᠢ ᠬᠢᠨᠠᠨ ᠵᠥᠪᠰᠢᠶᠡᠷᠡᠬᠦ ᠬᠤᠶᠠᠷ ᠬᠢᠨᠠᠯᠲᠠ ᠵᠢ ᠨᠢᠭᠡᠳᠬᠡᠵᠦ᠂ ᠨᠢᠭᠡᠳᠦᠯᠲᠡᠶ ᠭᠥᠯᠢᠶᠡᠨ ᠠᠪᠴᠤ ᠰᠢᠢ᠍ᠳᠪᠦᠷᠢᠯᠡᠬᠦ ᠮᠠᠲ᠋ᠧᠷᠢᠶᠠᠯ᠎ᠢ ᠪᠠᠭ᠋ᠠᠰᠬᠠᠬᠤ᠂ ᠨᠢᠭᠡᠳᠦᠯᠲᠡᠶ ᠬᠠᠶ᠋ᠢᠨ ᠰᠢᠨᠵᠢᠯᠡᠵᠦ ᠭᠦᠶᠦᠬᠦ ᠵᠢ ᠪᠠᠭ᠋ᠠᠰᠬᠠᠬᠤ᠂ ᠨᠢᠭᠡᠳᠦᠯᠲᠡᠶ ᠬᠢᠨᠠᠨ ᠵᠥᠪᠰᠢᠶᠡᠷᠡᠬᠦ ᠵᠦᠢ᠍ᠯᠡᠰ᠎ᠤᠨ ᠲᠤᠭ᠎ᠠ ᠵᠢ ᠪᠠᠭ᠋ᠠᠰᠬᠠᠬᠤ᠂ ᠨᠢᠭᠡᠳᠦᠯᠲᠡᠶ ᠬᠢᠨᠠᠨ ᠵᠥᠪᠰᠢᠶᠡᠷᠡᠬᠦ ᠭᠤᠭᠴᠤᠭ᠎ᠠ ᠵᠢ ᠪᠠᠭ᠋ᠠᠰᠬᠠᠬᠤ ᠵᠡᠷᠭᠡ 《ᠳᠥᠷᠪᠡ ᠵᠢ ᠨᠢᠭᠡᠳᠬᠡᠵᠦ ᠳᠥᠷᠪᠡ ᠵᠢ ᠪᠠᠭ᠋ᠠᠰᠬᠠᠬᠤ》 ᠵᠠᠭᠪᠤᠷ᠎ᠢ ᠬᠡᠷᠡᠭᠵᠢᠭᠦᠯᠵᠦ᠂ ᠲᠥᠷᠥᠯ ᠵᠦᠢ᠍ᠯ᠎ᠢ ᠲᠦᠷᠭᠡᠨ ᠨᠠᠶ᠋ᠢᠳᠠᠪᠤᠷᠢᠵᠢᠭᠤᠯᠤᠨ ᠪᠥᠲᠥᠭᠡᠨ ᠪᠠᠶ᠋ᠢᠭᠤᠯᠬᠤ ᠵᠢ ᠪᠠᠲᠤᠯᠠᠪᠠ᠃ ᠰᠢᠨ᠎ᠡ ᠵᠠᠭᠪᠤᠷ ᠵᠶ᠋ᠠᠷ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ 《ᠭᠡᠷ᠎ᠡ ᠲᠣᠭᠲᠠᠪᠠᠯ ᠳᠠᠷᠤᠢ ᠭᠠᠵᠠᠷ ᠰᠢᠷᠣᠢ ᠣᠯᠬᠤ》᠎ᠳᠤ ᠬᠦᠴᠦᠨ ᠨᠡᠮᠡᠷᠢᠯᠡᠨ᠎ᠡ᠃ 2024 ᠣᠨ᠎ᠠᠴᠠ ᠨᠠᠭ᠋ᠠᠰᠢ᠂ ᠯᠢᠨ ᠢ ᠬᠤᠲᠠ ᠵᠢᠨ᠎ᠬᠢᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ 357 ᠲᠤᠰᠠᠭ᠋ᠠᠷ ᠭᠠᠵᠠᠷ ᠰᠣᠩᠭᠤᠬᠤ ᠲᠥᠷᠥᠯ ᠵᠦᠢ᠍ᠯ ᠪᠠ ᠬᠤᠲᠠ ᠪᠠᠯᠭ᠋ᠠᠰᠤ ᠲᠣᠰᠬᠤᠨ᠎ᠤ 5.77 ᠲᠦᠮᠡᠨ ᠮᠥ᠍ ᠭᠠᠵᠠᠷ ᠰᠣᠩᠭᠤᠬᠤ ᠲᠥᠷᠥᠯ ᠵᠦᠢ᠍ᠯ᠎ᠢ ᠬᠢᠨᠠᠨ ᠵᠥᠪᠰᠢᠶᠡᠷᠡᠵᠦ᠂ ᠣᠶ ᠰᠢᠭᠤᠶ᠎ᠳᠤ ᠬᠡᠷᠡᠭᠯᠡᠬᠦ ᠭᠠᠵᠠᠷ᠎ᠤᠨ 《ᠨᠢᠭᠡ ᠶᠠᠪᠤᠳᠠᠯ》᠎ᠢ 100 ᠭᠠᠷᠤᠶ ᠬᠤᠪᠢ ᠭᠦᠢ᠍ᠴᠡᠳᠬᠡᠵᠦ᠂ ᠮᠡᠳᠡᠭᠦᠯᠬᠦ ᠮᠠᠲ᠋ᠧᠷᠢᠶᠠᠯ᠎ᠢ ᠳᠤᠮᠳᠠᠴᠢ᠎ᠪᠠᠷ 44 %᠎ᠪᠠᠷ ᠪᠠᠭ᠋ᠠᠰᠬᠠᠵᠤ᠂ ᠠᠵᠢᠯ ᠶᠠᠪᠤᠳᠠᠯ ᠭᠦᠢ᠍ᠴᠡᠳᠭᠡᠬᠦ ᠭᠤᠭᠴᠤᠭ᠎ᠠ ᠵᠢ 70 %᠎ᠪᠠᠷ ᠪᠠᠭ᠋ᠠᠰᠬᠠᠪᠠ᠃ (ᠴᠠᠩ ᠴᠢᠨ)