ᠱᠢᠨᠬᠤᠸᠠ ᠬᠣᠷᠢᠶᠠᠨ᠎ᠤ ᠪᠠᠭᠡᠵᠢᠩ᠎ᠤᠨ 7 ᠳ᠋ᠤᠭᠠᠷ ᠰᠠᠷ᠎ᠠ᠎ᠶ᠋ᠢᠨ 4 ᠤ ᠡᠳᠦᠷ᠎ᠤᠨ ᠴᠠᠭᠢᠯᠭᠠᠨ ᠮᠡᠳᠡᠭᠡ ᠰᠡᠳᠦᠪ᠄ ᠭᠤᠣᠯ ᠮᠥᠷᠡᠨ᠎ᠢ ᠬᠠᠮᠠᠭᠠᠯᠠᠨ ᠵᠠᠰᠠᠬᠤ᠎ᠶ᠋ᠢ ᠬᠡᠷᠬᠢᠨ ᠪᠦᠬᠦ᠌ ᠲᠠᠯ᠎ᠠ᠎ᠪᠠᠷ ᠠᠬᠢᠭᠤᠯᠬᠤ ᠪᠤᠢ ?ᠲᠤᠰ ᠤᠳᠠᠭ᠎ᠠ᠎ᠶ᠋ᠢᠨ ᠨᠡᠢᠲᠡᠯᠡᠬᠦ᠌ ᠬᠤᠷᠠᠯ ᠳᠡᠭᠡᠷ᠎ᠡ ᠨᠠᠷᠢᠨ ᠲᠠᠢᠯᠪᠤᠷᠢ ᠬᠢᠪᠡ
ᠱᠢᠠᠬᠣᠧᠠ ᠬᠣᠷᠢᠶᠠᠨ᠎ᠤ ᠰᠣᠷᠪᠤᠯᠵᠢᠯᠠᠬ᠍ᠴᠢ ᠸᠸᠢ ᠬᠤᠩ ᠢ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭᠠᠭ᠍ᠰᠠᠨ 《ᠭᠤᠤᠯ ᠮᠥᠷᠡᠨ᠎ᠢ ᠬᠠᠮᠠᠭᠠᠯᠠᠨ ᠵᠠᠰᠠᠬᠤ᠎ᠶ᠋ᠢ ᠪᠥᠬᠦ᠌ ᠲᠠᠯ᠎ᠠ᠎ᠪᠠᠷ ᠠᠬᠢᠭᠤᠯᠬᠤ ᠲᠤᠬᠠᠶ ᠰᠠᠨᠠᠯ》᠎ᠢ ᠣᠢᠷ᠎ᠠ᠎ᠳᠤ ᠭᠠᠳᠠᠭ᠍ᠰᠢ ᠨᠡᠢᠲᠡᠯᠡᠪᠡ᠃ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ 4 ᠤ ᠡᠳᠦᠷ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠤ᠂ ᠤᠰᠤᠨ ᠠᠱᠢᠭ᠍ᠯᠠᠯᠲᠠ᠎ᠶ᠋ᠢᠨ ᠶᠠᠮᠤᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠠᠨᠠᠯ᠎ᠤᠨ ᠬᠠᠮᠢᠶ᠎ᠠ ᠪᠦᠬᠦᠢ ᠠᠰᠠᠭᠤᠳᠠᠯ᠎ᠤᠨ ᠲᠣᠭᠤᠷᠢᠨ᠎ᠳᠤ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃
ᠤᠰᠤᠨ ᠠᠱᠢᠭ᠍ᠯᠠᠯᠲᠠ᠎ᠶ᠋ᠢᠨ ᠰᠠᠭᠤᠷᠢ ᠲᠦᠬᠦᠭᠡᠷᠥᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ
ᠤᠯᠤᠰ᠎ᠤᠨ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ ᠪᠣᠯ ᠭᠤᠣᠯ ᠮᠥᠷᠡᠨ᠎ᠢ ᠬᠠᠮᠠᠭᠠᠯᠠᠨ ᠵᠠᠰᠠᠬᠤ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠃ ᠣᠳᠣᠬᠠᠨ᠎ᠳᠤ᠂ ᠤᠯᠤᠰ᠎ᠤᠨ ᠤᠰᠤᠨ ᠲᠣᠣᠷ᠎ᠤᠨ ᠭᠤᠣᠯ ᠠᠷᠤᠭ ᠶᠠᠰᠤ ᠪᠠ ᠭᠤᠣᠯ ᠯᠤᠭ᠍ᠰᠢᠭᠤᠨ ᠰᠤᠳᠠᠯ ᠲᠦᠷᠭᠡᠨ ᠲᠡᠭᠦᠯᠳᠡᠷᠵᠢᠵᠦ᠍᠂ ᠨᠢᠭᠡ ᠪᠦᠯᠦᠭ ᠤᠯᠤᠰ᠎ᠤᠨ ᠤᠰᠤᠨ ᠠᠱᠢᠬ᠍ᠯᠠᠯᠲᠠ᠎ᠶ᠋ᠢᠨ ᠲᠣᠣᠷ᠎ᠤᠨ ᠴᠢᠬᠤᠯᠠ ᠶᠡᠭᠡ ᠢᠨᠵᠧᠨᠧᠷᠢᠩ᠎ᠢ ᠲᠦᠷᠭᠡᠳᠭᠡᠨ ᠠᠬᠢᠭᠤᠯᠪᠠ᠃
ᠤᠰᠤᠨ ᠠᠱᠢᠭ᠍ᠯᠠᠯᠲᠠ᠎ᠶ᠋ᠢᠨ ᠶᠠᠮᠤᠨ᠎ᠤ ᠲᠦᠯᠦᠪᠯᠡᠯᠭᠡ᠎ᠶ᠋ᠢᠨ ᠵᠤᠷᠭᠠᠨ᠎ᠤ ᠳᠠᠷᠤᠭ᠎ᠠ ᠵᠠᠩ ᠱᠢᠶᠠᠩ ᠸᠧᠢ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠣᠳᠣᠬᠠᠨ᠎ᠳᠤ ᠡᠮᠦᠨᠡᠲᠦ᠍᠎ᠶ᠋ᠢᠨ ᠤᠰᠤ᠎ᠶ᠋ᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠨᠢ ᠨᠢᠭᠡᠨᠲᠡ 800 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ᠎ᠢ ᠳᠠᠪᠠᠪᠠ; 2022 ᠣᠨ᠎ᠠᠴᠠ ᠨᠠᠭᠠᠰᠢ᠂ ᠵᠦᠵᠢᠶᠠᠩ ᠮᠥᠷᠡᠨ᠎ᠤ ᠭᠤᠷᠪᠠᠯᠵᠢᠨ ᠬᠤᠢᠭ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ᠂ ᠬᠦᠬᠡ ᠮᠦᠷᠡᠨᠦ ᠤᠰᠤ᠎ᠶ᠋ᠢ ᠲᠠᠲᠠᠵᠤ ᠬᠤᠸᠠᠢᠾᠧ ᠭᠤᠤᠯᠳᠦ ᠨᠡᠮᠡᠷᠢᠯᠡᠬᠦ᠌ ᠨᠢᠭᠡᠳᠦᠭᠡᠷ ᠬᠤᠭᠤᠴᠠᠭ᠎ᠠ᠂ ᠬᠠᠨᠵᠢᠶᠠᠩ ᠮᠦᠷᠡᠨᠦ ᠤᠰᠤ᠎ᠶ᠋ᠢ ᠲᠠᠲᠠᠵᠦ᠍ ᠸᠸᠢ ᠡᠾᠸ᠎ᠳᠦ ᠨᠡᠮᠡᠷᠢᠯᠡᠬᠦ᠌ ᠵᠡᠷᠭᠡ 12 ᠵᠦᠢᠯ᠎ᠤᠨ ᠴᠢᠬᠤᠯᠠ ᠶᠡᠭᠡ ᠤᠰᠤ ᠵᠠᠯᠠᠬᠤ ᠢᠨᠵᠧᠨᠧᠷᠢᠩ᠎ᠲᠤ ᠤᠰᠤ ᠨᠡᠪᠲᠡᠷᠡᠭᠦᠯᠪᠡ; ᠣᠢᠷ᠎ᠠ᠎ᠶ᠋ᠢᠨ ᠵᠢᠯ᠎ᠤᠳ᠎ᠲᠤ ᠱᠢᠨ᠎ᠡ᠎ᠪᠠᠷ ᠠᠵᠢᠯ ᠡᠬᠢᠯᠡᠭᠦᠯᠦᠭ᠌ᠰᠡᠨ ᠬᠠᠲᠤᠨ ᠭᠤᠤᠯ᠎ᠤᠨ ᠬᠥ᠋ ᠱᠢᠶᠠᠨ ᠤᠰᠤᠨ ᠠᠱᠢᠭ᠍ᠯᠠᠯᠲᠠ᠎ᠶ᠋ᠢᠨ ᠬᠦᠢᠰᠦ ᠵᠡᠷᠭᠡ 31 ᠵᠦᠢᠯ᠎ᠤᠨ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠡᠵᠡᠮᠳᠡᠯ᠎ᠤᠨ ᠴᠢᠨᠠᠷᠲᠠᠶ ᠢᠨᠵᠸᠨ᠋ᠸᠷᠢᠩ ᠪᠠ ᠭᠤᠤᠯᠳᠠᠯᠭ᠎ᠠ᠎ᠲᠠᠢ ᠤᠰᠤᠨ ᠰᠤᠷᠪᠤᠯᠵᠢ᠎ᠶ᠋ᠢᠨ ᠢᠨᠵᠧᠨᠧᠷᠢᠩ᠎ᠢ ᠪᠠᠢᠭᠤᠯᠵᠤ ᠳᠠᠭᠤᠰᠭᠠᠭ᠍ᠰᠠᠨ᠎ᠤ ᠳᠠᠷᠠᠭ᠎ᠠ ᠤᠰᠤ ᠬᠠᠩᠭᠠᠬᠤ ᠴᠢᠳᠠᠪᠤᠷᠢ᠎ᠶ᠋ᠢ 49 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠱᠢᠨ᠎ᠡ᠎ᠪᠠᠷ ᠨᠡᠮᠡᠭ᠌ᠳᠡᠭᠦᠯᠵᠦ᠍ ᠪᠣᠯᠤᠨ᠎ᠠ᠃
ᠮᠤᠵᠢ ᠬᠣᠲᠠ ᠱᠢᠶᠠᠨ᠎ᠤ ᠱᠠᠲᠤᠨ᠎ᠤ ᠤᠰᠤᠨ ᠲᠣᠤᠷ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ᠂ ᠮᠠᠨ᠎ᠤ ᠤᠯᠤᠰ ᠣᠢᠷ᠎ᠠ᠎ᠶ᠋ᠢᠨ ᠵᠢᠯᠳᠤᠠᠨᠾᠦᠶ᠋ᠢᠶ᠋ᠢᠨ ᠬᠤᠸᠠᠢ ᠬᠤᠩ ᠱᠢᠨ ᠾᠧ ᠂ ᠭᠤᠸᠠᠩᠰᠢ᠎ᠶ᠋ᠢᠨ ᠱᠢᠶᠠ ᠯᠢᠦ ᠵᠢᠶᠠ ᠵᠡᠷᠭᠡ 72 ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠢ ᠱᠢᠨ᠎ᠡ᠎ᠪᠡᠷ ᠪᠠᠢᠭᠤᠯᠵᠤ ᠂ 1900 ᠭᠠᠷᠤᠶ ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠳᠤ ᠣᠳᠣᠬᠢᠴᠢᠯᠠᠭ᠍ᠰᠠᠨ ᠥᠭᠡᠷᠡᠴᠢᠯᠡᠯᠲᠡ ᠬᠢᠵᠦ᠍᠂ ᠤᠰᠤᠯᠠᠯᠲᠠ᠎ᠶ᠋ᠢᠨ ᠲᠠᠯᠠᠪᠠᠶ᠎ᠶ᠋ᠢ 1.91 ᠳ᠋ᠦᠩᠱᠢᠭᠤᠷ ᠮᠦ᠍ ᠱᠢᠨ᠎ᠡ᠎ᠪᠡᠷ ᠨᠡᠮᠡᠭ᠌ᠳᠡᠬᠦᠯᠦᠨ᠎ᠡ᠃ 2022 ᠣᠨ᠎ᠠᠴᠠ ᠨᠠᠭᠠᠰᠢ᠂ ᠮᠠᠨ᠎ᠤ ᠤᠯᠤᠰ ᠬᠥᠳᠡᠭᠡ ᠲᠣᠰᠭᠤᠨ᠎ᠤ ᠤᠰᠤ ᠬᠠᠩᠭᠠᠬᠤ 6.3 ᠲᠦᠮᠡᠨ ᠢᠨᠵᠧᠨᠧᠷᠢᠩ᠎ᠢ ᠪᠡᠶᠡᠯᠡᠭᠦᠯᠵᠦ᠍᠂ ᠬᠥᠳᠡᠭᠡ ᠲᠣᠰᠭᠤᠨ᠎ᠤ 3.4 ᠳ᠋ᠦᠩᠱᠢᠭᠤᠷ ᠬᠥᠮᠦᠨ ᠠᠮᠠ᠎ᠶ᠋ᠢᠨ ᠤᠤᠭᠤᠬᠤ ᠤᠰᠤᠨ᠎ᠤ ᠠᠮᠤᠷ ᠲᠦᠪᠱᠢᠨ᠎ᠢ ᠪᠠᠲᠤᠯᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠪᠡ᠃
ᠬᠡᠷᠬᠢᠨ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠪᠣᠶ? 《ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠤᠰᠤᠨ ᠠᠱᠢᠭ᠍ᠯᠠᠯᠲᠠ᠎ᠶ᠋ᠢᠨ ᠶᠠᠮᠤᠨ᠎ᠠᠴᠠ ᠲᠥᠷᠥᠯ ᠵᠦᠢᠯ᠎ᠨᠢ ᠲᠥᠯᠥᠪᠵᠢᠭᠦᠯᠭᠡ᠎ᠪᠠᠨ ᠳᠠᠭᠠᠬᠤ᠂ ᠪᠡᠯᠡ ᠮᠥᠩᠭᠦ᠎ᠨᠢ ᠲᠦᠷᠦᠯ ᠵᠦᠢᠯ᠎ᠢᠶᠡᠨ ᠳᠠᠭᠠᠬᠤ᠂ ᠲᠣᠭ᠍ᠲᠠᠴᠠ᠎ᠨᠢ ᠪᠡᠯᠡ ᠮᠥᠩᠭᠦ᠎ᠪᠠᠨ ᠳᠠᠭᠠᠬᠤ᠎ᠶ᠋ᠢ ᠪᠠᠷᠢᠮᠲᠠᠯᠠᠵᠤ᠂ ᠢᠨᠵᠧᠨᠧᠷᠢᠩ᠎ᠤᠨ ᠥᠨᠳᠥᠷ ᠵᠣᠭ᠍ᠰᠣᠴᠠ᠎ᠠᠴᠠ ᠠᠷᠭ᠎ᠠ ᠰᠦᠪᠡᠭ᠌ᠴᠢᠯᠡᠬᠦ᠂ ᠴᠢᠨᠠᠷ ᠰᠠᠢᠲᠠᠶ ᠪᠦᠲᠦᠭᠡᠨ ᠪᠠᠢᠭᠤᠯᠤᠯᠲᠠ ᠪᠠ ᠥᠨᠳᠥᠷ ᠬᠢᠷᠢ ᠲᠦᠪᠱᠢᠨ᠎ᠢᠶᠠᠷ ᠠᠵᠢᠯᠯᠠᠬᠤ᠎ᠶ᠋ᠢ ᠠᠬᠢᠭᠤᠯᠤᠨ᠎ᠠ》 ᠭᠡᠪᠡ᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠥᠳᠡᠭᠡ ᠲᠣᠰᠭᠣᠨ᠎ᠤ ᠠᠵᠤ ᠠᠬᠤᠢ᠎ᠶ᠋ᠢᠨ ᠵᠤᠷᠭᠠᠨ᠎ᠤ ᠬᠠᠷᠢᠭᠤᠴᠠᠯᠭᠠᠲᠠᠨ ᠭᠤᠸᠠᠨ ᠰᠢ ᠹᠠᠨ ᠬᠡᠯᠡᠪᠡ᠃
ᠭᠤᠸᠠᠨ ᠰᠢ ᠹᠠᠨ ᠢᠯᠡᠷᠬᠡᠢᠯᠡᠬᠦ᠌᠎ᠳᠡᠭᠡᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠤᠰᠤᠨ ᠠᠱᠢᠭ᠍ᠯᠠᠯᠲᠠ᠎ᠶ᠋ᠢᠨ ᠶᠠᠮᠤᠨ ᠳᠠᠷᠠᠭᠠᠴᠢ᠎ᠶ᠋ᠢᠨ ᠠᠯᠬᠤᠮ᠎ᠳᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ᠎ᠲᠠᠢ ᠬᠠᠮᠲᠤᠷᠠᠨ᠂ ᠲᠦᠷᠦᠯ ᠵᠦᠢᠯ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠲᠡᠭᠦᠯᠳᠡᠷᠵᠢᠭᠦᠯᠵᠦ᠍᠂ ᠲᠥᠪ᠎ᠤᠨ ᠪᠡᠯᠡ ᠣᠷᠣᠭᠤᠯᠤᠯᠲᠠ᠎ᠶ᠋ᠢ ᠡᠷᠲᠡᠬᠡᠨ ᠪᠠᠭᠤᠯᠭᠠᠵᠤ᠂ ᠪᠦᠳᠦᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠢᠨᠵᠧᠨᠧᠷᠢᠩ᠎ᠤᠨ ᠠᠵᠢᠯᠯᠠᠭᠠᠨ᠎ᠤ ᠬᠠᠮᠢᠶᠠᠷᠤᠯᠲᠠ ᠬᠠᠮᠠᠭᠠᠯᠠᠯᠲᠠ᠎ᠶ᠋ᠢ ᠴᠢᠩᠭᠠᠳᠭᠠᠵᠤ᠂ ᠴᠢᠬᠤᠯᠠ ᠶᠡᠭᠡ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠤᠨ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠲᠦᠷᠭᠡᠳᠭᠡᠨ ᠠᠬᠢᠭᠤᠯᠤᠨ᠎ᠠ ᠭᠡᠪᠡ᠃
ᠬᠥᠮᠦᠨ ᠤᠰᠤ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ ᠭᠣᠣᠯ ᠮᠥᠷᠡᠨᠢ᠋ ᠬᠠᠮᠠᠭᠠᠯᠠᠨ ᠵᠠᠰᠠᠬᠤ ᠪᠠᠢᠷᠢᠱᠢᠯᠢ᠋ ᠪᠣᠢ ᠪᠣᠯᠭᠠᠨ᠎ᠠ
ᠰᠠᠨᠠᠯ ᠨᠢ ᠭᠣᠣᠯ ᠮᠥᠷᠡᠨ᠎ᠡᠴᠡ ᠠᠷᠠᠳ ᠲᠦᠮᠡᠨ᠎ᠢ ᠬᠦᠮᠦᠵᠢᠭᠦᠯᠵᠦ᠍᠂ ᠠᠷᠠᠳ ᠲᠦᠮᠡᠨ ᠭᠣᠣᠯ ᠮᠥᠷᠡᠨ᠎ᠢ ᠰᠠᠬᠢᠨ ᠬᠠᠮᠠᠭᠠᠯᠠᠵᠤ᠂ ᠬᠦᠮᠦᠨ ᠤᠰᠤᠨ᠎ᠤ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠭᠣᠣᠯ ᠮᠥᠷᠡᠨ᠎ᠢ ᠬᠠᠮᠠᠭᠠᠯᠠᠨ ᠵᠠᠰᠠᠬᠤ ᠪᠠᠢᠷᠢᠱᠢᠯ᠎ᠢ ᠪᠦᠷᠢᠯᠳᠦᠭᠦᠯᠬᠦ᠌ ᠬᠡᠷᠡᠭ᠌ᠲᠡᠢ ᠭᠡᠪᠡ᠃ ᠲᠤᠬᠠᠶ᠎ᠶ᠋ᠢᠨ ᠲᠠᠯᠠᠪᠠᠶ᠎ᠳᠤ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠢᠯᠡᠷᠬᠡᠢᠯᠡᠬᠦ᠌᠎ᠳᠡᠭᠡᠨ᠂ ᠤᠰᠤ᠎ᠶ᠋ᠢ ᠠᠷᠪᠢᠯᠠᠨ ᠬᠡᠷᠡᠭ᠌ᠯᠡᠬᠦ᠂ ᠭᠠᠵᠠᠷ ᠳᠣᠤᠷᠠᠬᠢ ᠤᠰᠤ᠎ᠶ᠋ᠢ ᠬᠠᠮᠠᠭᠠᠯᠠᠨ ᠵᠠᠰᠠᠬᠤ᠂ ᠭᠤᠤᠯ ᠮᠥᠷᠡᠨ ᠨᠠᠭᠤᠷ ᠴᠥᠭᠦᠷᠥᠮ᠎ᠤᠨ ᠠᠮᠢ ᠠᠬᠤᠶ᠎ᠶ᠋ᠢ ᠰᠡᠷᠭᠦᠭᠡᠬᠦ᠌ ᠵᠡᠷᠭᠡ ᠣᠯᠠᠨ ᠲᠠᠯ᠎ᠠ᠎ᠠᠴᠠ ᠭᠠᠷᠳᠠᠵᠤ᠂ ᠬᠥᠮᠦᠨᠤᠰᠤᠨᠤ ᠡᠶ᠎ᠡ ᠵᠣᠬᠢᠴᠠᠯ᠎ᠢ ᠠᠬᠢᠭᠤᠯᠤᠨ᠎ᠠ᠃
ᠰᠠᠨᠠᠯ ᠨᠢ ᠤᠰᠤ ᠠᠷᠪᠢᠯᠠᠬᠤ ᠬᠢᠷᠢ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠳᠤ ᠱᠢᠰᠲ᠋ᠧᠮ᠎ᠲᠠᠢ ᠪᠠᠢᠷᠢᠯᠠᠭᠤᠯᠤᠯᠲᠠ ᠬᠢᠪᠡ᠃ ᠤᠰᠤ ᠠᠱᠢᠭ᠍ᠯᠠᠯᠲᠠ᠎ᠶ᠋ᠢᠨ ᠶᠠᠮᠤᠨ᠎ᠤ ᠶᠡᠷᠦᠩᠬᠡᠶ ᠲᠥᠯᠥᠪᠵᠢᠭᠦᠯᠦᠭ᠌ᠴᠢ ᠡᠣ ᠸᠧᠨ ᠴᠢᠩ᠂ ᠣᠳᠣᠬᠠᠨ᠎ᠳᠤ ᠮᠠᠨ᠎ᠤ ᠤᠯᠤᠰ ᠪᠥᠮᠪᠥᠷᠴᠡᠭ᠎ᠦᠨ 6%᠎ᠶ᠋ᠢᠨ ᠴᠡᠩᠭᠡᠭ ᠤᠰᠤᠨ᠎ᠤ ᠡᠬᠢ ᠪᠠᠶᠠᠯᠢᠭ᠎ᠢᠶᠠᠷ ᠳᠡᠯᠡᠬᠡᠶ᠎ᠶ᠋ᠢᠨ 18% ᠠᠴᠠ ᠳᠡᠭᠡᠭ᠌ᠰᠢᠬᠢ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠡᠭᠦᠳᠴᠡᠶ᠃ ᠤᠰᠤᠨ ᠠᠱᠢᠭ᠍ᠯᠠᠯᠲᠠ᠎ᠶ᠋ᠢᠨ ᠶᠠᠮᠤᠨ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠱᠢᠭ᠎ᠢ ᠨᠡᠮᠡᠭ᠌ᠳᠡᠭᠦᠯᠬᠦ᠂ ᠠᠵᠤ ᠦᠢᠯᠡᠳᠪᠦᠷᠢ᠎ᠶ᠋ᠢᠨ ᠤᠰᠤ ᠠᠷᠪᠢᠯᠠᠵᠤ ᠪᠣᠬᠢᠷᠲᠤᠯ᠎ᠢ ᠪᠠᠭᠠᠰᠭᠠᠬᠤ᠂ ᠬᠤᠳᠠ ᠪᠠᠯᠭᠠᠰᠤᠨ᠎ᠤ ᠤᠰᠤ ᠠᠷᠪᠢᠯᠠᠵᠤ ᠬᠤᠬᠢᠷᠠᠯ᠎ᠢ ᠪᠠᠭᠠᠰᠭᠠᠬᠤ ᠵᠡᠷᠭᠡ ᠲᠠᠯ᠎ᠠ᠎ᠶ᠋ᠢᠨ ᠲᠣᠭᠤᠷᠢᠨ᠎ᠳᠤ᠂ ᠱᠢᠨᠵᠢᠯᠡᠬᠦ᠌ ᠤᠬᠠᠭᠠᠨᠴᠢ᠎ᠪᠠᠷ ᠤᠰᠤᠯᠠᠯᠲᠠ᠎ᠶ᠋ᠢᠨ ᠲᠦᠷᠢᠮ᠂ ᠤᠰᠤ ᠠᠷᠪᠢᠯᠠᠬᠤ ᠠᠵᠤ ᠦᠢᠯᠡᠰ᠎ᠤᠨ ᠬᠥᠭ᠌ᠵᠢᠯᠲᠡ᠂ ᠳᠠᠬᠢᠯᠲᠠ ᠤᠰᠤ᠎ᠶ᠋ᠢ ᠠᠱᠢᠭ᠍ᠯᠠᠬᠤ ᠬᠠᠮᠢᠶᠠᠷᠤᠯᠲᠠ ᠵᠡᠷᠭᠡ ᠲᠦᠷᠢᠮ᠎ᠤᠨ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠤᠰᠤ ᠠᠷᠪᠢᠯᠠᠬᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠤᠯᠤᠨ᠎ᠠ᠃
ᠭᠠᠵᠠᠷ ᠳᠣᠣᠷᠠᠬᠢ ᠤᠰᠤ᠎ᠶ᠋ᠢ ᠬᠠᠮᠠᠭᠠᠯᠠᠨ ᠵᠠᠰᠠᠬᠤ ᠪᠣᠯ ᠭᠤᠣᠯ ᠮᠥᠷᠡᠨ᠎ᠢ ᠬᠠᠮᠠᠭᠠᠯᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠴᠢᠬᠤᠯᠠ ᠭᠤᠭ᠍ᠴᠤᠭ᠎ᠠ ᠪᠣᠯᠤᠨ᠎ᠠ᠃ 2015 ᠣᠨ᠎ᠲᠠᠢ ᠬᠠᠷᠢᠴᠠᠭᠤᠯᠪᠠᠯ᠂ ᠣᠳᠣᠬᠠᠨ᠎ᠳᠤ ᠪᠦᠬᠦ᠌ ᠤᠯᠤᠰ᠎ᠤᠨ ᠭᠠᠵᠠᠷ ᠳᠣᠣᠷᠠᠬᠢ ᠤᠰᠤ᠎ᠶ᠋ᠢ ᠬᠡᠲᠦᠷᠡᠲᠡᠯ᠎ᠡ ᠲᠠᠲᠠᠭ᠍ᠰᠠᠨ ᠬᠡᠮᠵᠢᠶ᠎ᠡ 31.9% ᠪᠠᠷ ᠪᠠᠭᠠᠰᠴᠤ᠌᠂ ᠬᠡᠲᠦᠷᠡᠲᠡᠯ᠎ᠡ ᠮᠠᠯᠲᠠᠭ᠍ᠰᠠᠨ ᠣᠷᠣᠨ᠎ᠤ ᠲᠠᠯᠠᠪᠠᠶ 6.8% ᠪᠠᠷ ᠪᠠᠭᠠᠰᠪᠠ᠃
《ᠣᠯᠠᠨ ᠵᠢᠯ᠎ᠤᠨ ᠴᠢᠷᠮᠠᠢᠯᠭ᠎ᠠ᠎ᠪᠠᠷ ᠳᠡᠮᠵᠢᠨ᠂ ᠮᠠᠨ᠎ᠤ ᠤᠯᠤᠰ᠎ᠤᠨ ᠭᠠᠵᠠᠷ ᠳᠣᠤᠷᠠᠬᠢ ᠤᠰᠤ᠎ᠶ᠋ᠢ ᠬᠡᠲᠦᠷᠡᠲᠡᠯ᠎ᠡ ᠲᠠᠲᠠᠭ᠍ᠰᠠᠨᠢ ᠶᠡᠷᠦᠩᠬᠡᠢᠯᠡᠨ ᠵᠠᠰᠠᠬᠤ ᠠᠵᠢᠯ ᠢᠳᠡᠪᠬᠢᠲᠡᠶ ᠠᠬᠢᠴᠠ᠎ᠲᠠᠢ ᠪᠣᠯᠵᠠᠢ》 ᠭᠡᠪᠡ᠃ ᠵᠠᠩ ᠱᠢᠶᠠᠩ ᠸᠧᠶ ᠢᠯᠡᠷᠬᠡᠢᠯᠡᠬᠦ᠌᠎ᠳᠡᠭᠡᠨ᠂ ᠨᠢᠭᠡᠨᠲᠡ ᠵᠠᠰᠠᠭ᠍ᠰᠠᠨ ᠠᠵᠢᠯ᠎ᠤᠨ ᠰᠠᠭᠤᠷᠢᠨ ᠳᠡᠭᠡᠷ᠎ᠡ᠂ ᠭᠠᠵᠠᠷ ᠳᠣᠤᠷᠠᠬᠢ ᠤᠰᠤ᠎ᠶ᠋ᠢ ᠮᠠᠯᠲᠠᠬᠤ᠂ ᠡᠭᠡᠭᠦᠯᠦᠨ ᠨᠥᠬᠦᠪᠥᠷᠢᠯᠡᠬᠦ᠌ ᠪᠠ ᠭᠤᠤᠯ ᠮᠥᠷᠡᠨ ᠨᠠᠭᠤᠷ ᠴᠥᠭᠦᠷᠥᠮ᠎ᠢ ᠰᠡᠷᠭᠦᠭᠡᠬᠦ᠌ ᠲᠠᠯᠠᠪᠠᠶ ᠵᠡᠷᠭᠡ ᠪᠣᠳᠠᠲᠠᠶ ᠬᠠᠷᠠᠯᠲᠠ᠎ᠶ᠋ᠢ ᠳᠤᠷᠠᠳᠴᠤ᠌᠂ ᠤᠰᠤ ᠠᠷᠪᠢᠯᠠᠬᠤ᠂ ᠠᠵᠤ ᠦᠢᠯᠡᠰ᠎ᠤᠨ ᠪᠦᠲᠦᠴᠡ᠎ᠶ᠋ᠢᠨ ᠲᠣᠬᠢᠷᠠᠭᠤᠯᠤᠯᠲᠠ᠂ ᠤᠰᠤᠨ᠎ᠤ ᠡᠬᠢ ᠰᠤᠷᠪᠤᠯᠵᠢ᠎ᠶ᠋ᠢ ᠰᠣᠯᠢᠬᠤ᠂ ᠠᠮᠢ ᠠᠬᠤᠶ᠎ᠶ᠋ᠢᠨ ᠤᠰᠤ ᠨᠥᠬᠦᠪᠥᠷᠢᠯᠡᠬᠦ᠌ ᠵᠡᠷᠭᠡ ᠲᠠᠯ᠎ᠠ᠎ᠪᠠᠷ ᠠᠷᠭ᠎ᠠ ᠬᠡᠮᠵᠢᠶ᠎ᠡ ᠠᠪᠴᠤ᠌᠂ ᠬᠡᠲᠦᠷᠡᠲᠡᠯ᠎ᠡ ᠬᠡᠷᠡᠭ᠌ᠯᠡᠬᠦ᠌ ᠬᠡᠮᠵᠢᠶ᠎ᠡ᠎ᠶ᠋ᠢ ᠪᠠᠭᠠᠰᠭᠠᠨ᠂ ᠠᠯᠳᠠᠭ᠍ᠳᠠᠯᠤᠨ ᠬᠡᠮᠵᠢᠶ᠎ᠡ᠎ᠶ᠋ᠢ ᠨᠥᠬᠦᠪᠥᠷᠢᠯᠡᠵᠦ᠍᠂ ᠭᠠᠵᠠᠷ ᠳᠣᠤᠷᠠᠬᠢ ᠤᠰᠤᠨ᠎ᠤ ᠲᠦᠪᠱᠢᠨ᠎ᠢ ᠦᠷᠭᠦᠯᠵᠢᠯᠡᠨ ᠲᠣᠭ᠍ᠲᠠᠭᠤᠨ᠎ᠤ ᠳᠤᠮᠳᠠ ᠳᠡᠭᠡᠭ᠌ᠰᠢᠯᠡᠭᠦᠯᠬᠦ᠌᠎ᠶ᠋ᠢ ᠴᠢᠷᠮᠠᠢᠨ ᠪᠡᠶᠡᠯᠡᠭᠦᠯᠦᠨ᠎ᠡ ᠭᠡᠵᠡᠶ᠃
ᠤᠢ᠍ᠢᠷ᠎ᠠ᠎ᠶ᠋ᠢᠨ ᠵᠢᠯ᠎ᠠᠴᠠ᠂ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ᠎ᠶ᠋ᠢᠨ ᠣᠷᠴᠢᠨ ᠲᠣᠭᠤᠷᠢᠨ᠎ᠢ ᠰᠡᠷᠭᠦᠭᠡᠬᠦ᠌ ᠠᠵᠢᠯ ᠢᠯᠡᠳᠲᠡ ᠦᠷ᠎ᠡ ᠪᠦᠲᠦᠮᠵᠢ ᠤᠯᠪᠠ᠃ 《ᠤᠯᠠᠨ᠎ᠢᠶᠠᠷ᠎ᠢᠶᠠᠨ ᠰᠠᠢᠨ ᠮᠡᠳᠡᠳᠡᠭ ᠵᠢᠩ ᠬᠠᠩ ᠶᠡᠭᠡ ᠲᠠᠲᠠᠮᠠᠯ ᠭᠤᠣᠯ 4 ᠵᠢᠯ ᠳᠠᠷᠠᠭᠠᠯᠠᠨ ᠪᠦᠬᠦ᠌ ᠱᠤᠭᠤᠮ᠎ᠢᠶᠠᠷ ᠤᠷᠤᠰᠭᠠᠯ ᠨᠡᠪᠲᠡᠷᠡᠵᠦ᠍᠂ ᠶᠦᠩ ᠳ᠋ᠢᠩ ᠾᠧ ᠭᠤᠣᠯ᠎ᠨᠢ 5 ᠵᠢᠯ ᠳᠠᠷᠠᠭᠠᠯᠠᠨ ᠪᠦᠬᠦ᠌ ᠱᠤᠭᠤᠮ᠎ᠢᠶᠠᠷ ᠤᠷᠤᠰᠭᠠᠯ ᠨᠡᠪᠲᠡᠷᠡᠵᠦ᠍᠂ ᠬᠠᠢ ᠾᠧ ᠭᠤᠣᠯ᠎ᠤᠨ ᠰᠠᠪᠠ ᠭᠠᠵᠠᠷ᠎ᠤᠨ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ᠎ᠶ᠋ᠢᠨ ᠣᠷᠴᠢᠨ ᠲᠣᠭᠤᠷᠢᠨ ᠦᠷᠭᠦᠯᠵᠢᠯᠡᠨ ᠰᠠᠢᠵᠢᠷᠠᠪᠠ》᠃ ᠤᠰᠤᠨ ᠠᠱᠢᠬ᠍ᠯᠠᠯᠲᠠ᠎ᠶ᠋ᠢᠨ ᠶᠠᠮᠤᠨ᠎ᠤ ᠳᠡᠳ᠋ ᠰᠠᠢᠳ ᠴᠸᠨ ᠮᠢᠨᠤ ᠲᠠᠨᠢᠯᠴᠠᠭᠤᠯᠤᠭ᠍ᠰᠠᠨ᠎ᠢᠶᠡᠷ᠂ ᠭᠤᠤᠯ ᠮᠦᠷᠡᠨ᠎ᠤ ᠤᠰᠤᠨ᠎ᠤ ᠬᠡᠮᠵᠢᠶ᠎ᠠ ᠨᠡᠮᠡᠭ᠌ᠲᠡᠵᠦ᠍᠂ ᠤᠰᠤᠨ᠎ᠤ ᠴᠢᠨᠠᠷ ᠰᠠᠢᠨ ᠪᠤᠯᠵᠤ ᠪᠠᠢᠨ᠎ᠠ ᠭᠡᠪᠡ ᠃
ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ᠎ᠶ᠋ᠢᠨ ᠣᠷᠴᠢᠨ ᠲᠣᠭᠤᠷᠢᠨ᠎ᠢ ᠰᠡᠷᠭᠦᠭᠡᠬᠦ᠌ ᠳᠠᠷᠠᠭᠠᠴᠢ᠎ᠶ᠋ᠢᠨ ᠠᠯᠬᠤᠮ᠎ᠤᠨ ᠠᠷᠭ᠎ᠠ ᠬᠡᠮᠵᠢᠶ᠎ᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠧᠨ ᠮᠢᠨ ᠢᠯᠡᠷᠬᠡᠢᠯᠡᠬᠦ᠌᠎ᠳᠡᠭᠡᠨ᠂ ᠡᠵᠢ ᠭᠤᠤᠯ᠎ᠢ ᠰᠡᠷᠭᠦᠭᠡᠬᠦ᠌ ᠠᠵᠢᠯᠯᠠᠭ᠎ᠠ᠎ᠶ᠋ᠢ ᠭᠤᠣᠯᠳᠠᠯᠭ᠎ᠠ᠎ᠲᠠᠢ ᠰᠠᠢᠲᠤᠷ ᠠᠳᠭᠤᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠤᠰᠤᠨ ᠣᠷᠣᠨ᠎ᠤ ᠡᠷᠭᠢ᠎ᠶ᠋ᠢᠨ ᠱᠤᠭᠤᠮ᠎ᠤᠨ ᠬᠠᠮᠢᠶᠠᠷᠤᠯᠲᠠ ᠬᠢᠭᠡᠳ ᠬᠠᠮᠠᠭᠠᠯᠠᠯᠲᠠ᠎ᠶ᠋ᠢ ᠴᠢᠩᠭᠠᠳᠭᠠᠵᠤ᠂ ᠤᠰᠤ ᠬᠦᠷᠦᠰᠦ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ᠎ᠶ᠋ᠢ ᠦᠷᠭᠦᠯᠵᠢᠯᠡᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ᠎ᠶ᠋ᠢᠨ ᠬᠠᠮᠠᠭᠠᠯᠠᠯᠲᠠ ᠵᠠᠰᠠᠯᠲᠠ᠎ᠶ᠋ᠢ ᠴᠥᠬᠦᠷᠡᠰᠢ ᠦᠭᠡᠢ ᠰᠠᠢᠲᠤᠷ ᠠᠳᠭᠤᠨ᠎ᠠ ᠭᠡᠪᠡ᠃
ᠰᠠᠪᠠ ᠭᠠᠵᠠᠷ᠎ᠤᠨ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠱᠢᠨ᠎ᠡ ᠪᠠᠢᠷᠢᠱᠢᠯ᠎ᠢ ᠪᠤᠢ ᠪᠣᠯᠭᠠᠨ᠎ᠠ
ᠰᠠᠨᠠᠯ᠎ᠳᠤ ᠳᠤᠷᠠᠳᠤᠭ᠍ᠰᠠᠨ᠎ᠨᠢ᠂ ᠰᠠᠪᠠ ᠭᠠᠵᠠᠷ᠎ᠤᠨ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠱᠢᠨ᠎ᠡ ᠪᠠᠢᠷᠢᠱᠢᠯ᠎ᠢ ᠪᠠᠢᠭᠤᠯᠤᠨ᠎ᠠ᠃ ᠴᠧᠨ ᠮᠢᠨ ᠲᠠᠨᠢᠯᠴᠠᠭᠤᠯᠬᠤ᠎ᠳᠠᠭᠠᠨ᠂ ᠰᠠᠪᠠ ᠭᠠᠵᠠᠷ᠎ᠤᠨ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠱᠢᠨ᠎ᠡ ᠪᠠᠢᠷᠢᠱᠢᠯ᠎ᠢ ᠲᠦᠷᠭᠡᠳᠭᠡᠨ ᠪᠠᠢᠭᠤᠯᠬᠤ ᠪᠣᠯ ᠳᠠᠷᠤᠶ ᠣᠳᠣᠬᠢᠴᠢᠯᠠᠭ᠍ᠰᠠᠨ ᠦᠶᠡᠷ ᠤᠰᠤᠲᠤᠯ᠎ᠤᠨ ᠭᠠᠮᠱᠢᠭ᠎ᠢ ᠰᠡᠷᠭᠡᠢᠯᠡᠬᠦ᠌ 《ᠭᠤᠷᠪᠠᠨ ᠶᠡᠭᠡ ᠱᠢᠰᠲ᠋ᠧᠮ》᠎ᠢ ᠬᠦᠴᠦᠯᠡᠨ ᠪᠠᠢᠭᠤᠯᠵᠤ᠂ ᠦᠶᠡᠷ ᠤᠰᠤᠲᠤᠯ᠎ᠤᠨ ᠭᠠᠮᠱᠢᠭ᠎ᠤᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠴᠢᠳᠠᠪᠤᠷᠢ᠎ᠶ᠋ᠢ ᠱᠢᠰᠲ᠋ᠧᠮ᠎ᠲᠠᠢ ᠳᠡᠭᠡᠭ᠌ᠰᠢᠯᠡᠭᠦᠯᠬᠦ᠌ ᠶᠠᠪᠤᠳᠠᠯ ᠪᠣᠯᠤᠨ᠎ᠠ᠃
ᠣᠳᠣᠬᠢᠴᠢᠯᠠᠭᠰᠠᠨ ᠦᠶᠡᠷ ᠤᠰᠤᠲᠤᠯ᠎ᠤᠨ ᠭᠠᠮᠰᠢᠭ᠋᠎ᠢ ᠰᠡᠷᠭᠡᠢᠯᠡᠬᠦ 《 ᠭᠤᠷᠪᠠᠨ ᠶᠡᠬᠡ ᠰᠢᠰᠲᠧᠮ 》 ᠢ ᠪᠠᠢᠭᠤᠯᠤᠨ᠎ᠠ᠂ ᠲᠤᠬᠠᠢᠯᠠᠪᠠᠯ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠢᠨᠵᠸᠨ᠋ᠸᠷᠢᠩ᠎ᠦᠨ ᠱᠢᠰᠲ᠋ᠧᠮᠵᠢ᠎ᠶ᠋ᠢ ᠲᠡᠭᠦᠯᠳᠡᠷᠵᠢᠭᠦᠯᠵᠦ᠍᠂ ᠪᠣᠷᠣᠭᠠᠨ ᠤᠰᠤᠨ᠎ᠤ ᠪᠠᠢᠳᠠᠯ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌ ᠱᠢᠰᠲ᠋ᠧᠮᠵᠢ᠎ᠶ᠋ᠢ ᠪᠠᠢᠭᠤᠯᠵᠤ᠂ ᠦᠶᠡᠷ ᠤᠰᠤᠲᠤᠯ᠎ᠤᠨ ᠭᠠᠮᠱᠢᠭ᠎ᠢ ᠰᠡᠷᠭᠡᠢᠯᠡᠬᠦ᠌ ᠠᠵᠢᠯ᠎ᠤᠨ ᠱᠢᠰᠲ᠋ᠧᠮᠵᠢ᠎ᠶ᠋ᠢ ᠪᠦᠷᠢᠨᠱᠢᠭᠦᠯᠦᠨ᠎ᠡ᠃ ᠪᠣᠳᠠᠲᠠᠶ ᠠᠷᠭ᠎ᠠ ᠬᠡᠮᠵᠢᠶ᠎ᠡ᠎ᠳᠤ ᠦᠶᠡᠷ᠎ᠢ ᠬᠤᠷᠠᠭᠤᠯᠬᠤ ᠦᠶᠡᠷ᠎ᠢ ᠲᠣᠭᠲᠠᠭᠠᠬᠤ᠂ ᠦᠶᠡᠷ᠎ᠢ ᠵᠠᠯᠠᠬᠤ᠂ ᠦᠶᠡᠷ᠎ᠢ ᠭᠠᠳᠠᠭ᠍ᠰᠢᠯᠠᠭᠤᠯᠬᠤ ᠵᠡᠷᠭᠡ ᠶᠡᠷᠦᠩᠬᠡᠢᠯᠡᠭ᠌ᠰᠡᠨ ᠠᠷᠭ᠎ᠠ ᠬᠡᠮᠵᠢᠶ᠎ᠡ᠎ᠶ᠋ᠢ ᠶᠡᠷᠦᠩᠬᠡᠢᠯᠡᠨ ᠬᠡᠷᠡᠭ᠌ᠯᠡᠵᠦ᠍ ᠪᠠᠢᠭᠠᠳ ᠦᠶᠡᠷ᠎ᠤᠨ ᠤᠰᠤ᠎ᠶ᠋ᠢ ᠰᠠᠨᠠᠭᠠᠴᠢᠯᠠᠭ᠎ᠠ᠎ᠠᠴᠠ᠎ᠪᠠᠨ ᠲᠣᠬᠢᠷᠠᠭᠤᠯᠤᠨ ᠡᠵᠡᠮᠳᠡᠬᠦ᠌ ᠴᠢᠳᠠᠪᠤᠷᠢ᠎ᠶ᠋ᠢ ᠨᠡᠮᠡᠭ᠌ᠳᠡᠭᠦᠯᠵᠦ᠍᠂ ᠴᠠᠭ ᠠᠭᠤᠷ ᠤᠰᠤᠨ᠎ᠤ ᠬᠢᠨᠠᠨ ᠬᠡᠮᠵᠢᠬᠦ᠌ ᠥᠷᠲᠡᠭᠡ᠎ᠶ᠋ᠢᠨ ᠲᠣᠤᠷ᠎ᠤᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠶ᠋ᠢ ᠳᠡᠮᠵᠢᠬᠦ᠂ 《ᠭᠤᠷᠪᠠ᠎ᠶ᠋ᠢ ᠨᠢᠭᠡ ᠴᠤᠭ᠍ᠴᠠᠵᠢᠭᠤᠯᠬᠤ》 ᠦᠶᠡᠷ ᠤᠰᠤᠲᠤᠯ᠎ᠤᠨ ᠭᠠᠮᠱᠢᠭ᠎ᠢ ᠰᠡᠷᠭᠡᠢᠯᠡᠬᠦ᠌ ᠠᠵᠢᠯ᠎ᠤᠨ ᠲᠣᠭ᠍ᠲᠠᠴᠠ ᠵᠡᠷᠭᠡ᠎ᠶ᠋ᠢ ᠪᠠᠢᠭᠤᠯᠤᠨ᠎ᠠ᠃
ᠡᠨᠡ ᠵᠢᠯ᠂ ᠮᠠᠨ᠎ᠤ ᠤᠯᠤᠰ᠎ᠤᠨ ᠣᠷᠣᠨ ᠪᠦᠰᠡ᠎ᠶ᠋ᠢᠨ ᠴᠢᠨᠠᠷᠲᠠᠶ ᠱᠠᠲᠤ ᠦᠶ᠎ᠡ᠎ᠶ᠋ᠢᠨ ᠴᠢᠨᠠᠷᠲᠠᠶ ᠭᠠᠩᠳᠠᠵᠤ ᠤᠰᠤᠲᠤᠬᠤ ᠣᠨᠴᠠᠯᠢᠭ ᠢᠯᠡᠷᠬᠡᠶ ᠪᠠᠢᠨ᠎ᠠ᠃ 4 ᠳ᠋ᠦ᠍ᠭᠡᠷ ᠰᠠᠷ᠎ᠠ᠎ᠶ᠋ᠢᠨ 4 ᠤ ᠡᠳᠦᠷ᠎ᠤᠨ 8 ᠴᠠᠭ ᠪᠣᠯᠲᠠᠯ᠎ᠠ᠂ ᠮᠠᠨ᠎ᠤ ᠤᠯᠤᠰ᠎ᠲᠤ ᠨᠢᠭᠡᠨᠲᠡ 329 ᠭᠤᠣᠯ ᠮᠥᠷᠡᠨ ᠰᠡᠷᠡᠮᠵᠢᠯᠡᠭᠦᠯᠬᠦ᠌ ᠱᠤᠭᠤᠮ᠎ᠢ ᠳᠠᠪᠠᠭ᠍ᠰᠠᠨ ᠦᠶᠡᠷ᠎ᠤᠨ ᠭᠠᠮᠱᠢᠭ ᠪᠣᠯᠪᠠ᠃
《ᠣᠳᠣᠬᠠᠨ᠎ᠳᠤ ᠪᠦᠬᠦ᠌ ᠤᠯᠤᠰ ᠨᠢᠭᠡᠨᠲᠡ ᠭᠣᠣᠯ ᠦᠶᠡᠷᠯᠡᠬᠦ᠌ ᠬᠤᠭᠤᠴᠠᠭᠠᠨ᠎ᠳᠤ ᠤᠷᠤᠪᠠ》᠃ ᠴᠧᠨ ᠮᠢᠨ ᠢᠯᠡᠷᠬᠡᠢᠯᠡᠬᠦ᠌᠎ᠳᠡᠭᠡᠨ᠂ ᠤᠰᠤᠨ ᠠᠱᠢᠭ᠍ᠯᠠᠯᠲᠠ᠎ᠶ᠋ᠢᠨ ᠶᠠᠮᠤᠨ 《ᠬᠥᠮᠦᠨ ᠬᠠᠷ᠎ᠠ ᠦᠬᠦᠵᠦ᠍ ᠱᠢᠷᠬᠠᠲᠤᠬᠤ ᠥᠬᠡᠶ᠂ ᠤᠰᠤᠨ ᠴᠥᠭᠦᠷᠥᠮ᠎ᠦᠨ ᠬᠠᠱᠢᠯᠭᠠᠡᠪᠳᠡᠷᠡᠬᠦ᠌ ᠥᠬᠡᠶ᠂ ᠴᠢᠬᠤᠯᠠ ᠬᠠᠱᠢᠯᠭ᠎ᠠ ᠰᠡᠲᠡᠷᠡᠬᠦ᠌ ᠥᠬᠡᠶ᠂ ᠴᠢᠬᠤᠯᠠ ᠰᠠᠭᠤᠷᠢ ᠲᠥᠬᠦᠭᠡᠷᠦᠮᠵᠢ᠎ᠨᠢ ᠲᠠᠭᠠᠷᠢᠯᠲᠠ᠎ᠳᠤ ᠤᠴᠠᠷᠠᠬᠤ ᠥᠬᠡᠶ》ᠬᠠᠷᠠᠯᠲᠠ᠎ᠶ᠋ᠢᠨ ᠲᠣᠭᠤᠷᠢᠨ᠎ᠳᠤ᠂ ᠪᠣᠷᠣᠭᠠᠨ᠎ᠤ ᠤᠰᠤᠨ᠎ᠤ ᠪᠠᠢᠳᠠᠯ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌᠎ᠶ᠋ᠢ ᠦᠷᠭᠦᠯᠵᠢᠯᠡᠨ ᠨᠢᠭ᠍ᠲᠠᠷᠠᠭᠤᠯᠵᠤ᠂ ᠰᠠᠪᠠ ᠭᠠᠵᠠᠷ᠎ᠤᠨ ᠤᠰᠤᠨ᠎ᠤ ᠢᠨᠵᠧᠨᠧᠷᠢᠩ᠎ᠢ ᠨᠢᠭᠡᠳᠦᠯᠲᠡᠶ ᠬᠠᠮᠲᠤᠷᠠᠨ ᠳᠣᠭᠢᠷᠠᠭᠤᠯᠬᠤ᠎ᠶ᠋ᠢ ᠴᠢᠩᠭᠠᠳᠭᠠᠨ᠂ ᠭᠤᠤᠯᠳᠠᠯᠭ᠎ᠠ᠎ᠲᠠᠢ ᠭᠤᠭ᠍ᠴᠤᠭ᠎ᠠ᠎ᠶ᠋ᠢ ᠰᠡᠷᠭᠡᠢᠯᠡᠬᠦ᠌ ᠠᠷᠭ᠎ᠠ ᠬᠡᠮᠵᠢᠶ᠎ᠡ᠎ᠶ᠋ᠢ ᠰᠠᠢᠲᠤᠷ ᠠᠳᠭᠤᠵᠤ᠂ ᠭᠤᠤᠯ ᠮᠥᠷᠡᠨ᠎ᠤ ᠠᠮᠤᠷ ᠲᠦᠪᠱᠢᠨ᠎ᠢ ᠪᠥᠬᠦ᠌ ᠬᠦᠴᠦᠨ᠎ᠢᠶᠠᠷ᠎ᠢᠶᠠᠨ ᠪᠠᠲᠤᠯᠠᠨ᠎ᠠ ᠭᠡᠪᠡ᠃