2000 ᠭᠠᠷᠤᠢ ᠲᠦᠮᠡᠨ ᠢᠵᠢ ᠲᠡᠦᠬᠡᠨ᠎ᠡᠴᠡ ᠦᠯᠡᠳᠡᠭᠳᠡᠵᠦ ᠢᠷᠡᠭᠰᠡᠨ ᠠᠰᠠᠭᠤᠳᠠᠯ᠎ᠲᠠᠢ ᠭᠡᠷ ᠪᠠᠢᠰᠢᠩ᠎ᠢ ᠰᠢᠢᠳᠪᠦᠷᠢᠯᠡᠬᠦ ᠲᠥᠰᠥᠯ᠎ᠲᠠᠢ ᠪᠣᠯᠪᠠ
2025-05-16

  ᠰᠤᠷᠪᠤᠯᠵᠢᠯᠠᠭ᠍ᠴᠢ 15 ᠎ᠤ᠋ ᠡᠳᠦᠷ ᠪᠠᠢᠭᠠᠯᠢ᠎ᠶᠢᠨ ᠡᠬᠢ ᠪᠠᠶᠠᠯᠢᠭ᠎ᠤ᠋ᠨ ᠶᠠᠮᠤᠨ᠎ᠤ᠋ ᠬᠤᠷᠠᠯᠳᠤᠭᠤᠯᠤᠭ᠍ᠰᠠᠨ ᠵᠠᠭᠤᠴᠢᠯᠠᠭᠤᠷ᠎ᠤ᠋ᠨ ᠶᠠᠷᠢᠯᠴᠠᠬᠤ ᠬᠤᠷᠠᠯ᠎ᠠ᠋ᠴᠠ ᠣᠢᠯᠠᠭᠠᠭ᠍ᠰᠠᠨ᠎ᠢᠶᠠᠷ᠂ ᠲᠣᠭ᠍ᠲᠠᠮᠠᠯ ᠬᠥᠷᠥᠩᠭᠡ᠎ᠶᠢ ᠨᠢᠭᠡᠳᠦᠯᠲᠡᠢ ᠳᠠᠩᠰᠠᠯᠠᠨ ᠲᠡᠮᠳᠡᠭ᠌ᠯᠡᠬᠦ᠌᠎ᠶᠢ ᠬᠡᠷᠡᠭ᠌ᠵᠢᠭᠦᠯᠦᠭ᠌ᠰᠡᠨ᠎ᠡᠴᠡ ᠨᠠᠭ᠋ᠠᠰᠢ᠂ ᠪᠦᠬᠦ᠌ ᠤᠯᠤᠰ᠎ᠲᠤ᠌ ᠲᠡᠦᠬᠡᠨ᠎ᠡᠴᠡ ᠦᠯᠡᠳᠡᠭᠳᠡᠵᠦ ᠢᠷᠡᠭᠰᠡᠨ ᠠᠰᠠᠭᠤᠳᠠᠯ᠎ᠲᠠᠢ ᠭᠡᠷ ᠪᠠᠢᠰᠢᠩ᠎ᠢ ᠨᠡᠢᠲᠡ 2000 ᠭᠠᠷᠤᠢ ᠲᠦᠮᠡᠨ ᠢᠵᠢ ᠰᠢᠢ᠍ᠳᠪᠦᠷᠢᠯᠡᠭᠰᠡᠨ ᠪᠠᠢᠨ᠎ᠠ᠃ ᠢᠯᠠᠩᠭᠤᠶ᠎ᠠ 2024 ᠣᠨ᠎ᠠᠴᠠ ᠨᠠᠭ᠋ᠠᠰᠢ᠂ ᠪᠦᠬᠦ ᠤᠯᠤᠰ᠎ᠲᠤ ᠤᠷᠳᠤ ᠬᠤᠭᠤᠴᠠᠭ᠎ᠠ᠎ᠪᠠᠷ ᠳᠠᠷᠤᠭᠳᠠᠵᠤ ᠪᠠᠢᠭᠰᠠᠨ ᠡᠯ᠎ᠡ ᠲᠦᠷᠦᠯ᠎ᠦᠨ ᠰᠠᠯᠠᠭ᠎ᠠ ᠮᠥᠴᠢᠷ ᠠᠯᠤᠰᠯᠠᠭᠰᠠᠨ 《ᠪᠡᠷᠬᠡ ᠠᠰᠠᠭᠤᠳᠠᠯ》᠎ᠲᠠᠢ ᠭᠡᠷ ᠪᠠᠢᠰᠢᠩ᠎ᠢ ᠨᠡᠢ᠍ᠢᠳᠡ 340 ᠭᠠᠷᠤᠢ ᠲᠦᠮᠡᠨ ᠢᠵᠢ ᠠᠷᠢᠯᠭᠠᠵᠤ᠂ ᠠᠷᠢᠯᠭᠠᠬᠤ ᠠᠵᠢᠯ ᠰᠢᠯᠤᠭᠤᠳᠬᠠᠨ ᠵᠠᠮ᠎ᠳᠤ ᠎ᠪᠠᠨ ᠣᠷᠣᠵᠤ᠂ ᠢᠯᠡᠳᠲᠡ ᠦᠷ᠎ᠡ ᠪᠦᠲᠦᠮᠵᠢ ᠣᠯᠪᠠ᠃ 

  ᠲᠠᠨᠢᠯᠴᠠᠭᠤᠯᠤᠭ᠍ᠰᠠᠨ᠎ᠢᠶᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠠᠮᠲᠤ᠎ᠶ᠋ᠢᠨ ᠴᠢᠷᠮᠠᠢᠯᠭ᠎ᠠ᠎ᠪᠠᠷ ᠶᠡᠭᠡ ᠬᠡᠮᠵᠢᠶᠡᠨ᠎ᠤ ᠲᠡᠦᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠵᠦ᠍᠂ ᠨᠡᠢᠳᠡ 5000 ᠭᠠᠷᠤᠢ ᠲᠦᠮᠡᠨ ᠤᠯᠠᠨ ᠲᠦᠮᠡᠨ᠎ᠳᠤ ᠠᠱᠢᠭ ᠬᠦᠷᠲᠡᠭᠡᠪᠡ᠃ 2100 ᠱᠢᠬᠠᠮ ᠲᠣᠭᠤᠷᠢᠭ ᠱᠢᠶᠠᠨ ᠨᠡᠢᠲᠡ 《ᠪᠠᠷᠢᠴᠠᠭ᠎ᠠ ᠠᠪᠴᠦ ᠡᠷᠦᠬᠡ ᠰᠢᠯᠵᠢᠭᠦᠯᠬᠦ》 ᠲᠤᠬᠠᠢᠯᠠᠭ᠍ᠰᠠᠨ ᠠᠵᠢᠯ ᠎ᠢ 50.7 ᠲᠦᠮᠡᠨ ᠬᠤᠪᠢ ᠭᠦᠢᠴᠡᠳᠭᠡᠵᠦ᠍᠂ ᠬᠤᠳᠠᠯᠳᠤᠭ᠍ᠴᠢ᠎ᠳᠤ ᠬᠣᠯᠪᠣᠭᠳᠠᠭᠰᠠᠨ ᠪᠡᠷᠢᠴᠠᠭᠠᠨ᠎ᠤ ᠵᠣᠭᠣᠰ᠎ᠤᠨ ᠲᠣᠭ᠎ᠠ 6400 ᠭᠠᠷᠤᠢ ᠳ᠋ᠦᠩᠰᠢᠭᠤᠷ ᠲᠥᠭᠥᠷᠢᠭ᠎ᠲᠦ ᠬᠦᠷᠴᠦ᠂ ᠠᠵᠤ ᠠᠬᠤᠢᠯᠠᠯ ᠪᠠ ᠣᠯᠠᠨ ᠲᠦᠮᠡᠨ᠎ᠦ ᠠᠷᠠᠯᠵᠢᠶᠠᠨ᠎ᠤ ᠥᠪᠡᠷ᠎ᠦᠨ ᠥᠷᠲᠡᠭ᠎ᠢ ᠪᠦᠲᠦᠮᠵᠢᠲᠡᠶ᠎ᠪᠡᠷ ᠪᠠᠭᠤᠷᠠᠭᠤᠯᠪᠠ᠃ 2200 ᠭᠠᠷᠤᠢ ᠱᠢᠶᠠᠨ ᠬᠣᠲᠠ ᠨᠢ ᠱᠢᠨ᠎ᠡ᠎ᠪᠡᠷ ᠪᠠᠢᠭᠤᠯᠤᠭ᠍ᠰᠠᠨ ᠲᠠᠸᠠᠷ᠎ᠤᠨ ᠭᠡᠷ ᠪᠠᠢᠱᠢᠩ᠎ᠤᠨ ᠲᠦᠷᠦᠯ ᠵᠦᠢᠯ᠎ᠢ ᠬᠡᠷᠡᠭ᠌ᠵᠢᠭᠦᠯᠵᠦ᠍᠂ 9 ᠲᠦᠮᠡ ᠭᠠᠷᠤᠢ ᠲᠦᠷᠦᠯ ᠵᠦᠢᠯ᠎ᠦᠨ 800 ᠭᠠᠷᠤᠢ ᠲᠦᠮᠡᠨ ᠢᠵᠢ ᠭᠡᠷ ᠪᠠᠢᠱᠢᠩ᠎ᠢ ᠬᠠᠮᠤᠷᠴᠤ᠌᠂ 1800 ᠭᠠᠷᠤᠢ ᠲᠦᠮᠡᠨ ᠠᠷᠠᠳ ᠱᠢᠨ᠎ᠡ ᠭᠡᠷ᠎ᠦᠨ ᠲᠦᠯᠬᠢᠭᠦᠷ ᠣᠯᠬᠤ᠎ᠶ᠋ᠢᠨ ᠬᠠᠮᠲᠤ᠂ ᠦᠯᠦ᠍ ᠬᠥᠳᠡᠯᠬᠦ᠌ ᠬᠥᠷᠥᠩᠭᠡ᠎ᠶ᠋ᠢᠨ ᠡᠷᠬᠡ᠎ᠶ᠋ᠢᠨ ᠦᠨᠡᠮᠯᠡᠯ ᠣᠯᠣᠭ᠍ᠰᠠᠨ ᠪᠠᠢᠨ᠎ᠠ᠃

  ᠣᠢᠯᠠᠭᠠᠭ᠍ᠰᠠᠨ᠎ᠢᠶᠠᠷ᠂ ᠲᠠᠷᠠᠭᠠᠴᠢ᠎ᠶ᠋ᠢᠨ ᠠᠯᠬᠤᠮ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠠᠴᠠ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠲᠥᠷᠥ᠎ᠶ᠋ᠢᠨ ᠪᠣᠳᠣᠯᠭ᠎ᠠ᠎ᠶ᠋ᠢᠨ ᠬᠠᠩᠭᠠᠯᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠡᠯ᠎ᠡ ᠭᠠᠵᠠᠷ᠎ᠤᠨ ᠭᠠᠵᠠᠷ ᠣᠷᠣᠨ᠎ᠤ ᠪᠠᠢᠳᠠᠯ ᠎ᠳᠦ᠎ᠪᠡᠨ ᠳᠣᠭᠢᠷᠠᠭᠤᠯᠤᠨ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠬᠡᠷᠡᠭ᠌ᠯᠡᠬᠦ᠌᠎ᠶ᠋ᠢ ᠦᠷᠭᠦᠯᠵᠢᠯᠡᠨ ᠵᠢᠯᠣᠭᠤᠳᠴᠤ᠌᠂ ᠡᠳᠦᠷ ᠲᠤᠲᠤᠮ᠎ᠤᠨ ᠱᠢᠨ᠎ᠡ᠎ᠪᠠᠷ ᠨᠡᠮᠡᠭ᠌ᠳᠡᠬᠦ᠌ ᠠᠰᠠᠭᠤᠳᠠᠯ᠎ᠢ ᠱᠢᠢᠳᠪᠦᠷᠢᠯᠡᠬᠦ᠌ ᠪᠠ ᠰᠡᠷᠭᠡᠢᠯᠡᠬᠦ᠌ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠲᠡᠤᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠰᠠᠭᠤᠳᠠᠯ᠎ᠢ ᠱᠢᠢᠳᠪᠦᠷᠢᠯᠡᠬᠦ᠌᠎ᠶ᠋ᠢ ᠶᠡᠭᠡ᠎ᠪᠠᠷ ᠳᠥᠯᠭᠢᠨ ᠠᠬᠢᠭᠤᠯᠤᠨ᠎ᠠ᠃

ᠢᠷᠡᠯᠲᠡ᠄ ᠠᠷᠠᠳ᠎ᠤᠨ ᠡᠳᠦᠷ᠎ᠤᠨ ᠰᠣᠨᠢᠨ