ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠤᠳᠠᠭ᠋ᠠᠨ᠎ᠤ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠳ᠋ᠠᠶ᠋ᠢᠲ᠋ᠠ ᠬᠥᠮᠥᠷᠭᠡ ᠵᠢ ᠡᠬᠢᠯᠡᠨ ᠬᠡᠷᠡᠭᠯᠡᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 10 ᠳ᠋ᠤᠭ᠋ᠠᠷ ᠰᠠᠷ᠎ᠠ ᠵᠢᠨ 11᠎ᠤ ᠡᠳᠦᠷ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠰᠠᠭ᠎ᠤᠨ ᠶᠠᠪᠤᠳᠠᠯ᠎ᠤᠨ ᠬᠢᠨᠠᠨ ᠵᠥᠪᠰᠢᠶᠡᠷᠡᠬᠦ ᠰᠢᠰᠲ᠋ᠧᠮ᠎ᠳᠤ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠤᠳᠠᠭ᠋ᠠᠨ᠎ᠤ ᠭᠠᠵᠠᠷ ᠰᠢᠷᠣᠶ ᠵᠢᠨ ᠪᠠᠶ᠋ᠢᠴᠠᠭ᠋ᠠᠯᠲᠠ (ᠳᠣᠷᠣᠭᠰᠢ 《ᠠᠩᠬᠠᠳᠤᠭ᠋ᠠᠷ ᠪᠠᠢ᠌ᠴᠠᠭ᠋ᠠᠯᠲᠠ》 ᠭᠡᠵᠦ ᠲᠣᠪᠴᠢᠯᠠᠨ᠎ᠠ) ᠵᠢᠨ ᠳ᠋ᠠᠶ᠋ᠢᠲ᠋ᠠ ᠬᠥᠮᠥᠷᠭᠡ ᠵᠢ ᠵᠢᠩᠬᠢᠨᠢ᠎ᠪᠠᠷ ᠡᠬᠢᠯᠡᠨ ᠬᠡᠷᠡᠭᠯᠡᠪᠡ᠃
1984 — 1996 ᠣᠨ᠎ᠳᠤ ᠤᠯᠤᠰ᠎ᠠᠴᠠ ᠠᠩᠬᠠᠳᠤᠭ᠋ᠠᠷ ᠤᠳᠠᠭ᠋ᠠᠨ᠎ᠤ ᠭᠠᠵᠠᠷ ᠰᠢᠷᠣᠢ ᠵᠢᠨ ᠪᠠᠶ᠋ᠢᠴᠠᠭ᠋ᠠᠯᠲᠠ ᠵᠢ ᠪᠠᠶ᠋ᠢᠷᠢᠯᠠᠭᠤᠯᠤᠨ ᠥᠷᠨᠢᠭᠦᠯᠵᠦ᠂ ᠲᠤᠬᠠᠢ ᠵᠢᠨ ᠦᠶ᠎ᠡ ᠵᠢᠨ ᠨᠥᠬᠦᠴᠡᠯ ᠪᠠ ᠮᠡᠷᠭᠡᠵᠢᠯ᠎ᠤᠨ ᠬᠢᠵᠠᠭ᠋ᠠᠷᠯᠠᠯ᠎ᠠᠴᠠ ᠪᠣᠯᠵᠤ᠂ ᠪᠠᠶ᠋ᠢᠴᠠᠭ᠋ᠠᠯᠲᠠ ᠵᠢᠨ ᠳᠤᠮᠳᠠ ᠵᠥᠪᠬᠡᠨ ᠠᠯᠤᠰ ᠰᠡᠷᠡᠯ᠎ᠤᠨ ᠵᠢᠷᠤᠭ ᠳᠦᠷᠰᠦ ᠪᠠ ᠲᠤᠬᠠᠢ ᠵᠢᠨ ᠭᠠᠵᠠᠷ᠎ᠤᠨ ᠭᠠᠵᠠᠷ᠎ᠤᠨ ᠭᠠᠳᠠᠷᠭᠤ᠎ᠳᠤ ᠪᠠᠶ᠋ᠢᠴᠠᠭ᠋ᠠᠯᠲᠠ ᠬᠢᠬᠦ ᠮᠡᠷᠭᠡᠵᠢᠯ᠎ᠢ ᠯᠠ ᠬᠡᠷᠡᠭᠯᠡᠵᠦ᠂ ᠡᠬᠡ ᠵᠢᠷᠤᠭ᠎ᠢ ᠦᠢ᠍ᠯᠡᠳᠬᠦ᠂ ᠳᠣᠲᠣᠭ᠋ᠠᠳᠤ᠎ᠳᠤ᠎ᠪᠠᠨ ᠦᠢ᠍ᠯᠡᠳᠬᠦ᠎ᠪᠠᠷ ᠭᠤᠣᠯ ᠪᠣᠯᠭ᠋ᠠᠵᠤ᠂ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠢ ᠭᠠᠵᠠᠷ ᠰᠢᠷᠣᠢ ᠠᠰᠢᠭᠯᠠᠵᠤ ᠪᠠᠶ᠋ᠢᠭ᠎ᠠ ᠣᠳᠣᠬᠢ ᠪᠠᠶ᠋ᠢᠳᠠᠯ᠎ᠤᠨ ᠵᠢᠷᠤᠭ ᠪᠠ ᠭᠠᠵᠠᠷ᠎ᠤᠨ ᠬᠠᠷᠢᠶ᠎ᠠ ᠵᠢᠨ ᠵᠢᠷᠤᠭ ᠵᠶ᠋ᠠᠷ ᠭᠤᠣᠯ ᠪᠣᠯᠭ᠋ᠠᠵᠤ ᠪᠠᠶ᠋ᠢᠵᠠᠢ᠃ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠭᠠᠵᠠᠷ ᠬᠡᠷᠡᠭᠯᠡᠬᠦ ᠵᠢ ᠬᠢᠨᠠᠨ ᠪᠠᠶ᠋ᠢᠴᠠᠭ᠋ᠠᠵᠤ ᠮᠡᠳᠡᠭᠦᠯᠦᠨ ᠵᠥᠪᠰᠢᠶᠡᠷᠡᠭᠦᠯᠬᠦ ᠳᠤᠮᠳᠠᠬᠢ ᠭᠠᠵᠠᠷ ᠣᠷᠣᠨ᠎ᠤ ᠲᠥᠷᠥᠯ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠵᠦ᠂ 《 ᠬᠤᠶᠠᠳᠤᠭ᠋ᠠᠷ ᠪᠠᠢ᠌ᠴᠠᠭ᠋ᠠᠯᠲᠠ》 ᠪᠠ 《ᠭᠤᠷᠪᠠᠳᠤᠭ᠋ᠠᠷ ᠪᠠᠢ᠌ᠴᠠᠭ᠋ᠠᠯᠲᠠ》 ᠵᠡᠷᠭᠡ ᠦᠷ᠎ᠡ ᠪᠦᠲᠦᠭᠡᠯ᠎ᠢ ᠠᠳᠠᠯᠢᠬᠠᠨ ᠵᠶ᠋ᠠᠷ ᠠᠯᠢ ᠲᠦᠷᠭᠡᠨ ᠵᠶ᠋ᠠᠷ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠳᠤ ᠬᠡᠷᠡᠭᠯᠡᠬᠦ ᠵᠢᠨ ᠲᠤᠰᠠᠳᠠ᠂ 2022 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ 《〈ᠠᠩᠬᠠᠳᠤᠭ᠋ᠠᠷ ᠪᠠᠢ᠌ᠴᠠᠭ᠋ᠠᠯᠲᠠ〉 ᠵᠢᠨ ᠭᠠᠵᠠᠷ ᠰᠢᠷᠣᠶ ᠵᠢᠨ ᠠᠰᠢᠭᠯᠠᠯᠲᠠ ᠵᠢᠨ ᠣᠳᠣᠬᠢ ᠪᠠᠶ᠋ᠢᠳᠠᠯ᠎ᠤᠨ ᠵᠢᠷᠤᠭ ᠵᠣᠬᠢᠶᠠᠬᠤ ᠪᠠ ᠬᠡᠷᠡᠭᠯᠡᠬᠦ ᠬᠤᠯᠪᠣᠭᠳᠠᠯ ᠪᠥᠬᠦᠶ ᠵᠦᠢ᠍ᠯᠡᠰ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠬᠦᠷᠢᠶᠡᠯᠡᠩ᠎ᠠᠴᠠ ᠪᠥᠬᠦ ᠣᠷᠣᠨ᠎ᠤ ᠠᠩᠬᠠᠳᠤᠭ᠋ᠠᠷ ᠤᠳᠠᠭ᠋ᠠᠨ᠎ᠤ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠲᠠᠩᠰᠠ ᠡᠪᠬᠡᠮᠡᠯ᠎ᠤᠨ ᠸᠧᠺᠲ᠋ᠣᠷ᠎ᠤᠨ ᠠᠵᠢᠯ᠎ᠢ ᠨᠢᠭᠡ ᠵᠢᠯ ᠡᠭᠦᠷᠭᠡᠯᠡᠵᠦ᠂ ᠬᠤᠰᠢᠭᠤ ᠰᠢᠶᠠᠨ ᠲᠣᠭᠤᠷᠢᠭ ᠵᠶ᠋ᠠᠷ ᠨᠢᠭᠡᠴᠢ ᠪᠣᠯᠭ᠋ᠠᠭᠰᠠᠨ᠂ ᠪᠠᠶ᠋ᠢᠷᠢᠰᠢᠯ ᠨᠢᠭᠡᠳᠦᠯᠲᠡᠶ᠂ ᠵᠠᠭ᠋ᠠᠭ ᠱᠤᠭᠤᠮ᠎ᠨᠢ ᠨᠢᠭᠡᠳᠦᠯᠲᠡᠶ᠂ ᠪᠥᠬᠦ ᠣᠷᠣᠨ᠎ᠢ ᠬᠠᠮᠤᠷᠤᠭᠰᠠᠨ ᠠᠩᠬᠠᠳᠤᠭ᠋ᠠᠷ ᠤᠳᠠᠭ᠋ᠠᠨ᠎ᠤ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠵᠢᠷᠤᠭ ᠪᠢᠴᠢᠭ᠎ᠤᠨ ᠦᠷ᠎ᠡ ᠪᠦᠲᠦᠭᠡᠯ᠎ᠢ ᠵᠣᠬᠢᠶᠠᠨ ᠪᠣᠶ ᠪᠣᠯᠭ᠋ᠠᠪᠠ᠃
ᠲᠣᠰ ᠤᠳᠠᠭ᠋ᠠᠨ᠎ᠤ ᠪᠥᠬᠦ ᠣᠷᠣᠨ᠎ᠤ 《ᠠᠩᠬᠠᠳᠤᠭ᠋ᠠᠷ ᠪᠠᠢ᠌ᠴᠠᠭ᠋ᠠᠯᠲᠠ》 ᠵᠢᠨ ᠳ᠋ᠠᠶ᠋ᠢᠲ᠋ᠠ ᠬᠥᠮᠥᠷᠭᠡ ᠵᠢ ᠡᠬᠢᠯᠡᠨ ᠬᠡᠷᠡᠭᠯᠡᠭᠰᠡᠨ ᠶᠠᠪᠤᠳᠠᠯ᠎ᠨᠢ ᠥᠪᠡᠷᠲᠡᠭᠡᠨ ᠵᠠᠰᠠᠬᠤ ᠣᠷᠣᠨ᠎ᠤ 《ᠬᠤᠶᠠᠳᠤᠭ᠋ᠠᠷ ᠪᠠᠢ᠌ᠴᠠᠭ᠋ᠠᠯᠲᠠ》 ᠥᠩᠭᠡᠷᠡᠭᠰᠡᠨ᠎ᠤ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠲᠡᠤᠬᠡ ᠵᠢᠨ ᠲᠠᠩᠰᠠ ᠡᠪᠬᠡᠮᠡᠯ᠎ᠤᠨ ᠮᠠᠲ᠋ᠧᠷᠢᠶᠠᠯ᠎ᠤᠨ ᠬᠤᠭᠤᠰᠣᠨ᠎ᠢ ᠪᠦᠲᠦᠮᠵᠢᠲᠡᠶ᠎ᠪᠠᠷ ᠨᠥᠬᠦᠪᠥᠷᠢᠯᠡᠵᠦ᠂ ᠣᠳᠣᠬᠢ ᠪᠠᠶ᠋ᠢᠳᠠᠯ᠎ᠤᠨ ᠭᠠᠵᠠᠷ᠎ᠤᠨ ᠲᠥᠷᠥᠯ᠎ᠢ ᠮᠥᠷᠳᠡᠨ ᠤᠬᠤᠴᠢᠯᠠᠬᠤ 《ᠠᠩᠬᠠᠳᠤᠭ᠋ᠠᠷ ᠪᠠᠢ᠌ᠴᠠᠭ᠋ᠠᠯᠲᠠ》᠎ᠳᠤ ᠬᠤᠯᠪᠣᠭᠳᠠᠭᠰᠠᠨ ᠡᠨᠡ ᠬᠦ᠌ ᠲᠡᠤᠬᠡᠨ ᠬᠦᠴᠢᠷ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠨᠠᠶ᠋ᠢᠳᠠᠪᠤᠷᠢᠲᠠᠶ ᠲᠡᠤᠬᠡ ᠵᠢᠨ ᠯᠠᠪᠯᠠᠯᠲᠠ ᠵᠢᠨ ᠮᠠᠲ᠋ᠧᠷᠢᠶᠠᠯ᠎ᠢ ᠬᠠᠩᠭ᠋ᠠᠭᠰᠠᠨ ᠪᠠᠶ᠋ᠢᠨ᠎ᠠ᠃