ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠬᠦ ᠬᠥᠳᠡᠯᠮᠦᠷᠢ ᠪᠠ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠪᠡ
2023-12-09

  12 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠬᠦ ᠬᠥᠳᠡᠯᠮᠦᠷᠢ ᠪᠠ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠬᠥᠬᠡᠬᠣᠲᠠ᠎ᠳᠤ ᠠᠮᠵᠢᠯᠲᠠ᠎ᠲᠠᠢ ᠡᠷᠭᠢᠯᠡᠪᠡ᠃ ᠲᠣᠰ ᠤᠳᠠᠭ᠋ᠠᠨ᠎ᠤ ᠤᠷᠤᠯᠳᠤᠭ᠋ᠠᠨ᠎ᠢ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠲᠥᠪ᠎ᠠᠴᠠ ᠳᠠᠭ᠋ᠠᠭ᠋ᠠᠴᠢᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠲᠤᠤ ᠠᠵᠢᠯᠯᠠᠭ᠎ᠠ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃


12.9-1.jpg


   ᠲᠣᠰ ᠤᠳᠠᠭ᠋ᠠᠨ᠎ᠤ ᠤᠷᠤᠯᠳᠤᠭ᠋ᠠᠨ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠤᠬᠠᠶ ᠴᠢᠬᠤᠯᠠ ᠥᠭᠦᠯᠡᠯᠲᠡ ᠪᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》 ᠵᠢᠨ ᠲᠣᠭᠣᠷᠢᠨ᠎ᠳᠤ᠂ 《ᠪᠠᠶ᠋ᠢᠴᠠᠭ᠋ᠠᠨ ᠰᠢᠨᠵᠢᠬᠦ ᠰᠠᠭᠤᠷᠢ ᠵᠢ ᠪᠡᠬᠢᠵᠢᠭᠦᠯᠬᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢ ᠲᠤᠯᠭ᠋ᠠᠭᠤᠷᠢᠯᠠᠬᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠦᠢ᠍ᠯᠡᠴᠢᠯᠡᠬᠦ》᠎ᠪᠠᠷ ᠭᠤᠤᠯ ᠰᠡᠳᠦᠪ ᠪᠣᠯᠭ᠋ᠠᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ 《ᠲᠠᠪᠤᠨ ᠶᠡᠬᠡ ᠲᠠᠪᠤᠨ ᠤᠷᠤᠯᠳᠤᠭ᠋ᠠᠨ》 ᠎ᠤ ᠱᠠᠭ᠋ᠠᠷᠳᠠᠯᠭ᠎ᠠ ᠶᠣᠰᠣᠭ᠋ᠠᠷ᠂ 《ᠦᠨᠳᠦᠰᠦᠨ ᠱᠠᠲᠤᠨ᠎ᠳᠤ ᠬᠠᠨᠳᠤᠭᠤᠯᠬᠤ᠂ ᠡᠮᠦᠨ᠎ᠡ ᠹᠷᠣᠨᠲ᠎ᠲᠤ ᠬᠠᠨᠳᠤᠭᠤᠯᠬᠤ᠂ ᠢᠯᠡ ᠲᠣᠳᠣ ᠪᠠᠶ᠋ᠢᠯᠭ᠋ᠠᠬᠤ》 ᠵᠠᠷᠴᠢᠮ᠎ᠢ ᠢᠮᠠᠭᠲᠠ ᠪᠠᠷᠢᠮᠲᠠᠯᠠᠵᠤ᠂ 《ᠤᠷᠤᠯᠳᠤᠭ᠋ᠠᠨ ᠵᠶ᠋ᠠᠷ ᠰᠤᠷᠤᠯᠴᠠᠬᠤ ᠵᠢ ᠠᠬᠢᠭᠤᠯᠬᠤ᠂ ᠤᠷᠤᠯᠳᠤᠭ᠋ᠠᠨ ᠵᠶ᠋ᠠᠷ ᠬᠥᠮᠦᠵᠢᠭᠦᠯᠬᠦ ᠵᠢ ᠠᠬᠢᠭᠤᠯᠬᠤ᠂ ᠤᠷᠤᠯᠳᠤᠭ᠋ᠠᠨ ᠵᠶ᠋ᠠᠷ ᠪᠣᠯᠪᠠᠰᠤᠷᠠᠬᠤ ᠵᠢ ᠠᠬᠢᠭᠤᠯᠬᠤ᠂ ᠤᠷᠤᠯᠳᠤᠭ᠋ᠠᠨ ᠵᠶ᠋ᠠᠷ ᠪᠠᠶ᠋ᠢᠭᠤᠯᠬᠤ ᠵᠢ ᠠᠬᠢᠭᠤᠯᠬᠤ》 ᠠᠵᠢᠯ᠎ᠤᠨ ᠬᠠᠷᠠᠯᠲᠠ ᠵᠢ ᠬᠦᠴᠦᠯᠡᠨ ᠪᠡᠶᠡᠯᠡᠭᠦᠯᠵᠦ᠂ ᠪᠥᠬᠥ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠨ ᠰᠢᠨᠵᠢᠵᠦ ᠬᠢᠨᠠᠨ ᠰᠢᠨᠵᠢᠵᠦ ᠦᠨᠡᠯᠡᠬᠦ ᠬᠦᠷᠢᠶᠡᠨ᠎ᠳᠠᠬᠢ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠎ᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ ᠪᠠ ᠪᠦᠲᠦᠭᠡᠯᠴᠢ ᠴᠢᠨᠠᠷ᠎ᠢ ᠭᠦᠢ᠍ᠴᠡᠳ ᠳᠠᠶ᠋ᠢᠴᠢᠯᠠᠨ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠨ ᠰᠢᠨᠵᠢᠵᠦ ᠬᠢᠨᠠᠨ ᠰᠢᠨᠵᠢᠬᠦ ᠠᠵᠢᠯ ᠲᠥᠷᠥᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠳᠡᠭᠡᠳᠦ ᠬᠡᠪ ᠴᠢᠨᠠᠷ᠎ᠲᠠᠢ ᠤᠷ᠎ᠠ ᠮᠡᠷᠭᠡᠰᠢᠯᠳᠦ ᠴᠢᠳᠠᠪᠤᠷᠢᠲᠠᠨ᠎ᠤ ᠡᠩᠨᠡᠭᠡ ᠵᠢ ᠪᠠᠶ᠋ᠢᠭᠤᠯᠬᠤ᠎ᠳᠤ ᠬᠦᠴᠦᠨ ᠨᠡᠮᠡᠷᠢᠯᠡᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠨ ᠰᠢᠨᠵᠢᠵᠦ ᠬᠢᠨᠠᠨ ᠰᠢᠨᠵᠢᠬᠦ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃

   ᠪᠥᠬᠥ ᠠᠵᠢᠯᠲᠠᠳ ᠤᠷᠤᠯᠳᠤᠭ᠋ᠠᠨ᠎ᠤ ᠲᠥᠰᠦᠯ ᠶᠣᠰᠣᠭ᠋ᠠᠷ ᠨᠠᠷᠢᠨ ᠬᠢᠨᠠᠮᠠᠭ᠋ᠠᠶ ᠵᠣᠬᠢᠶᠠᠨ ᠪᠠᠶ᠋ᠢᠭᠤᠯᠵᠤ᠂ ᠤᠷᠤᠯᠳᠤᠭ᠋ᠠᠨ᠎ᠳᠤ ᠣᠷᠣᠯᠴᠠᠭᠰᠠᠳ ᠤᠷᠤᠯᠳᠤᠭ᠋ᠠᠨ᠎ᠤ ᠠᠭᠤᠯᠭ᠎ᠠ ᠵᠢ ᠦᠨᠳᠦᠰᠦᠯᠡᠨ ᠢᠳᠡᠪᠬᠢᠲᠡᠶ ᠪᠡᠯᠡᠳᠬᠡᠯ ᠬᠢᠵᠦ᠂ ᠪᠥᠬᠥ ᠣᠷᠣᠨ᠎ᠤ 14 ᠲᠥᠯᠥᠭᠡᠯᠡᠭᠴᠢᠳ᠎ᠤᠨ ᠠᠩᠭᠢ ᠵᠢᠨ 42 ᠣᠷᠣᠯᠴᠠᠭᠴᠢ ᠴᠣᠭ ᠵᠢᠪᠬᠤᠭ᠎ᠠ ᠵᠢ ᠳᠡᠯᠭᠡᠨ ᠦᠵᠡᠭᠦᠯᠬᠦ᠂ ᠣᠨᠣᠯ᠎ᠤᠨ ᠰᠢᠯᠭ᠋ᠠᠯᠲᠠ ᠬᠢᠬᠦ ᠪᠠ ᠺᠣᠮᠫᠢᠦ᠋ᠲ᠋ᠧᠷ᠎ᠤᠨ ᠪᠣᠳᠠᠲᠤ ᠠᠵᠢᠯᠯᠠᠭ᠎ᠠ ᠬᠢᠬᠦ ᠭᠤᠷᠪᠠᠨ ᠤᠷᠤᠯᠳᠤᠭ᠋ᠠᠨ᠎ᠤ ᠲᠥᠷᠥᠯ ᠵᠦᠢ᠍ᠯ᠎ᠤᠨ ᠲᠣᠭᠣᠷᠢᠨ᠎ᠳᠤ ᠤᠷᠤᠯᠳᠤᠭ᠋ᠠᠨ ᠶᠠᠪᠤᠭᠤᠯᠵᠤ᠂ ᠤᠷ᠎ᠠ ᠮᠡᠷᠭᠡᠵᠢᠯ ᠵᠶ᠋ᠠᠨ ᠭᠦᠢ᠍ᠴᠡᠳ ᠪᠠᠳᠠᠷᠠᠭᠤᠯᠵᠤ᠂ ᠠᠳᠠᠯᠢᠳᠬᠠᠬᠤ ᠰᠤᠷᠬᠤ ᠭᠦᠢ᠍ᠴᠡᠬᠦ ᠳᠠᠪᠠᠬᠤ ᠵᠢ ᠠᠳᠠᠯᠢᠳᠬᠠᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠪᠠᠶ᠋ᠢᠴᠠᠭ᠋ᠠᠨ ᠰᠢᠯᠭ᠋ᠠᠬᠤ ᠨᠢᠭᠡᠳᠦᠭᠡᠷ ᠹᠷᠣᠨᠲ᠎ᠤᠨ ᠠᠵᠢᠯᠲᠠᠨ᠎ᠤ ᠴᠣᠭ ᠪᠠᠳᠠᠷᠠᠩᠭᠤᠶ ᠵᠣᠷᠢᠭ ᠰᠠᠨᠠᠭ᠎ᠠ ᠪᠠ ᠲᠤᠰᠬᠠᠶ ᠮᠡᠷᠭᠡᠵᠢᠯ᠎ᠤᠨ ᠴᠣᠭ ᠵᠢᠪᠬᠤᠭ᠎ᠠ ᠵᠢ ᠭᠦᠢ᠍ᠴᠡᠳ ᠢᠯᠡᠷᠡᠭᠦᠯᠪᠡ᠃


12.9-2.jpg


12.9-3.jpg


12.9-4.jpg


12.9-5.jpg


   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ ᠲᠣᠰ ᠤᠳᠠᠭ᠋ᠠᠨ᠎ᠤ ᠤᠷᠤᠯᠳᠤᠭ᠋ᠠᠨ᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ 《2023 ᠣᠨ᠎ᠤ ᠪᠥᠬᠥ ᠤᠯᠤᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠬᠦ ᠬᠥᠳᠡᠯᠮᠦᠷᠢ ᠪᠠ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠭᠦᠨᠵᠡᠭᠡᠶ ᠥᠷᠨᠢᠭᠦᠯᠬᠦ ᠲᠤᠬᠠᠶ ᠮᠡᠳᠡᠭᠳᠡᠯ》᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠭᠰᠠᠨ ᠨᠢᠭᠡ ᠤᠳᠠᠭ᠋ᠠᠨ᠎ᠤ ᠪᠣᠳᠠᠲᠠᠶ ᠦᠢ᠍ᠯᠡᠳᠦᠯᠭᠡ ᠪᠣᠯᠬᠤ᠎ᠪᠠᠷ ᠪᠠᠷᠠᠬᠤ ᠥᠬᠡᠶ᠂ ᠪᠠᠰᠠ ᠴᠤ᠌ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠬᠦ ᠠᠵᠢᠯᠲᠠᠨ᠎ᠤ ᠤᠷ᠎ᠠ ᠴᠢᠳᠠᠪᠤᠷᠢ ᠵᠢᠨ ᠬᠢᠷᠢ ᠲᠦᠪᠰᠢᠨ᠎ᠢ ᠨᠢᠭᠡ ᠤᠳᠠᠭ᠎ᠠ ᠲᠥᠪᠯᠡᠷᠡᠭᠦᠯᠦᠨ ᠳᠡᠯᠭᠡᠨ ᠦᠵᠡᠭᠦᠯᠬᠦ ᠪᠠ ᠰᠢᠯᠭ᠋ᠠᠨ ᠦᠵᠡᠵᠦ᠂ ᠣᠯᠠᠨ ᠵᠶ᠋ᠠᠷ ᠵᠶ᠋ᠠᠨ ᠡᠷᠳᠡᠮ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠲᠤᠷᠰᠢᠯᠭ᠎ᠠ᠎ᠪᠠᠨ ᠰᠣᠯᠢᠯᠴᠠᠭᠰᠠᠨ ᠵᠶ᠋ᠠᠷ ᠪᠠᠷᠠᠬᠤ ᠥᠬᠡᠶ ᠪᠠᠰᠠ ᠨᠥᠬᠥᠷᠯᠡᠯ᠎ᠲᠠᠢ ᠪᠣᠯᠵᠠᠶ ᠭᠡᠪᠡ᠃ ᠦᠨᠳᠦᠰᠦᠨ ᠱᠠᠲᠤᠨ᠎ᠤ ᠪᠠᠶ᠋ᠢᠴᠠᠭ᠋ᠠᠨ ᠰᠢᠯᠭ᠋ᠠᠬᠤ ᠠᠵᠢᠯᠲᠠᠳ ᠡᠨᠡ ᠤᠳᠠᠭ᠋ᠠᠨ᠎ᠤ ᠤᠷᠤᠯᠳᠤᠭ᠋ᠠᠨ ᠵᠶ᠋ᠠᠷ ᠠᠵᠠ ᠲᠣᠬᠢᠶᠠᠯ ᠪᠣᠯᠭ᠋ᠠᠵᠤ᠂ ᠰᠤᠷᠤᠯᠴᠠᠯᠭ᠎ᠠ ᠵᠢ ᠴᠢᠩᠭ᠎ᠠ ᠠᠳᠬᠤᠵᠤ᠂ ᠡᠷᠳᠡᠮ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠲᠤᠰ ᠪᠡᠶ᠎ᠡ ᠵᠢᠨ ᠬᠡᠪ ᠴᠢᠨᠠᠷ ᠵᠶ᠋ᠠᠨ ᠦᠨᠡᠨ ᠬᠦ᠌ ᠳᠡᠭᠡᠭᠰᠢᠯᠡᠭᠦᠯᠬᠦ ᠵᠢ ᠬᠦᠰᠡᠵᠦ ᠪᠠᠶ᠋ᠢᠨ᠎ᠠ; ᠪᠠᠰᠠ ᠱᠠᠩᠨᠠᠯ ᠣᠯᠤᠭᠰᠠᠨ ᠲᠡᠷᠢᠭᠦᠨ᠎ᠤ ᠬᠤᠪᠢ ᠬᠥᠮᠦᠨ ᠪᠣᠯᠤᠨ ᠲᠡᠷᠢᠭᠦᠨ᠎ᠤ ᠬᠠᠮᠲᠤ ᠢᠷᠠᠭᠤ ᠠᠯᠳᠠᠷ ᠵᠶ᠋ᠠᠨ ᠨᠠᠨᠳᠢᠩᠨᠠᠵᠤ᠂ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠰᠠᠢ᠍ᠢ᠍ᠨ ᠵᠢᠱ᠌ᠢᠶᠡᠴᠢ ᠪᠤᠯᠵᠤ᠂ ᠦᠯᠢᠭᠡᠷ ᠳᠠᠭᠤᠷᠢᠶᠠᠯ ᠪᠤᠯᠵᠤ᠂ ᠳᠠᠪᠠᠭᠤᠯᠢᠭ ᠲᠠᠯ᠎ᠠ᠎ᠪᠠᠨ ᠭᠦᠢ᠍ᠴᠡᠳ ᠪᠠᠳᠠᠷᠠᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠳᠤ ᠨᠡᠩ ᠰᠠᠶ᠋ᠢᠲᠤᠷ ᠦᠢ᠍ᠯᠡᠴᠢᠯᠡᠬᠦ ᠵᠢ ᠬᠦᠰᠡᠵᠦ ᠪᠠᠶ᠋ᠢᠨ᠎ᠠ ᠭᠡᠵᠡᠢ᠃

   ᠳᠠᠷᠠᠭ᠎ᠠ ᠠᠯᠬᠤᠮ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠣᠰ ᠤᠳᠠᠭ᠋ᠠᠨ᠎ᠤ ᠤᠷᠤᠯᠳᠤᠭ᠋ᠠᠨ᠎ᠳᠤ ᠪᠣᠶ ᠪᠣᠯᠤᠭᠰᠠᠨ ᠲᠤᠷᠰᠢᠯᠭ᠎ᠠ ᠬᠢᠳᠡᠯ᠎ᠢ ᠨᠠᠷᠢᠨ ᠬᠢᠨᠠᠮᠠᠭ᠋ᠠᠶ ᠳ᠋ᠦᠩᠨᠡᠨ ᠰᠠᠶ᠋ᠢᠲᠤᠷ ᠬᠡᠷᠡᠭᠯᠡᠨ᠎ᠡ᠂ ᠺᠠᠳ᠋ᠷ ᠠᠵᠢᠯᠲᠠᠨ ᠠᠵᠢᠯᠴᠢᠨ᠎ᠤ ᠠᠵᠢᠯ ᠬᠢᠵᠦ ᠦᠢ᠍ᠯᠡᠰ ᠴᠣᠭᠴᠠᠯᠠᠬᠤ ᠢᠳᠡᠪᠬᠢᠵᠢᠯ᠎ᠢ ᠭᠦᠢ᠍ᠴᠡᠳ ᠬᠥᠭᠵᠢᠭᠡᠨ᠎ᠡ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠬᠦ ᠡᠩᠨᠡᠭᠡᠨ᠎ᠤ ᠮᠡᠷᠭᠡᠵᠢᠯ᠎ᠤᠨ ᠴᠢᠳᠠᠪᠤᠷᠢ ᠪᠣᠯᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠡᠯ᠎ᠡ ᠵᠦᠢ᠍ᠯ᠎ᠤᠨ ᠪᠠᠶ᠋ᠢᠴᠠᠭ᠋ᠠᠯᠲᠠ ᠬᠢᠨᠠᠨ ᠬᠡᠮᠵᠢᠯᠲᠡ ᠵᠢᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠨ᠎ᠡ᠂ ᠪᠠᠶ᠋ᠢᠴᠠᠭ᠋ᠠᠯᠲᠠ ᠬᠢᠨᠠᠨ ᠬᠡᠮᠵᠢᠯᠲᠡ ᠵᠢ ᠭᠦᠢ᠍ᠴᠡᠳ ᠪᠠᠳᠠᠷᠠᠭᠤᠯᠵᠤ᠂ ᠪᠠᠶ᠋ᠢᠳᠠᠯ᠎ᠢ ᠲᠣᠳᠣᠷᠬᠠᠶ ᠣᠶ᠋ᠢᠯᠠᠭ᠋ᠠᠬᠤ ᠬᠡᠷᠡᠭᠲᠡᠶ᠂ ᠬᠤᠪᠢᠷᠠᠯᠲᠠ ᠵᠢ ᠢᠯᠡᠷᠡᠭᠦᠯᠬᠦ᠂ ᠤᠷᠢᠳᠴᠢᠯᠠᠨ ᠰᠡᠷᠡᠮᠵᠢᠯᠡᠭᠦᠯᠬᠦ᠂ ᠦᠷ᠎ᠡ ᠪᠦᠲᠦᠮᠵᠢ ᠵᠢ ᠰᠢᠯᠭ᠋ᠠᠨ ᠪᠠᠶ᠋ᠢᠴᠠᠭ᠋ᠠᠬᠤ ᠲᠠᠯ᠎ᠠ ᠵᠢᠨ ᠴᠢᠬᠤᠯᠠ ᠦᠢ᠍ᠯᠡᠳᠦᠯ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠵᠠᠰᠠᠬᠤ ᠰᠢᠰᠲ᠋ᠧᠮ ᠪᠣᠯᠤᠨ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠎ᠳᠤ ᠰᠠᠭᠤᠷᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠴᠦᠨ ᠴᠢᠳᠠᠯ ᠵᠶ᠋ᠠᠨ ᠡᠷᠭᠦᠨ᠎ᠡ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ